ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠡᠴᠡ ᠤᠢᠯᠠᠭᠠᠭᠰᠠᠨ ᠢ᠋ᠢᠡᠷ᠂ ᠤᠢᠷ᠎ᠠ ᠳ᠋ᠤ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠪᠠ ᠴᠠᠭ ᠠᠭᠤᠷ ᠤ᠋ᠨ ᠭᠠᠮᠰᠢᠭ ᠢ᠋ ᠰᠡᠷᠭᠡᠶ᠋ᠢᠯᠡᠬᠦ ᠬᠠᠮᠢᠶᠠᠷᠤᠯᠲᠠ ᠵᠢᠨ ᠵᠢᠯᠣᠭᠣᠳᠬᠤ ᠭᠠᠵᠠᠷ 《ᠲᠤᠯᠤᠭᠠᠨ ᠰᠠᠷ᠎ᠠ ᠵᠢᠨ ᠰᠡᠭᠦᠯᠴᠢ ᠨᠠᠶ᠋ᠮᠠᠨ ᠰᠠᠷ᠎ᠠ ᠵᠢᠨ ᠡᠬᠢᠨ》 ᠤ᠋ ᠦᠶᠡᠷ ᠢ᠋ ᠰᠡᠷᠭᠡᠶ᠋ᠢᠯᠡᠬᠦ᠌ ᠵᠠᠩᠭᠢᠯᠠᠭ᠎ᠠ ᠵᠢᠨ ᠬᠤᠭᠤᠴᠠᠭᠠᠨ ᠤ᠋ ᠴᠠᠭ ᠠᠭᠤᠷ ᠤ᠋ᠨ ᠵᠥᠪᠳᠡᠯᠴᠡᠬᠦ ᠬᠤᠷᠠᠯ ᠬᠢᠵᠤ᠂ ᠦᠪᠤᠷ ᠮᠤᠩᠭᠤᠯ ᠤ᠋ᠨ ᠴᠠᠭ ᠠᠭᠤᠷ ᠤ᠋ᠨ ᠪᠠᠢᠳᠠᠯ ᠬᠠᠨᠳᠤᠰᠢ ᠵᠢ ᠵᠠᠷᠯᠠᠨ ᠮᠡᠳᠡᠭᠳᠡᠪᠠ᠃
ᠡᠨᠡ ᠵᠢᠯ ᠦᠪᠤᠷ ᠮᠤᠩᠭᠤᠯ ᠤ᠋ᠨ ᠬᠤᠷ᠎ᠠ ᠲᠣᠨᠳᠠᠰᠤ ᠢ᠋ᠢᠨ ᠬᠡᠮᠵᠢᠶ᠎ᠠ ᠵᠡᠭᠦᠨ ᠪᠡᠶ᠎ᠠ ᠳ᠋ᠤ ᠠᠷᠪᠢᠨ ᠪᠠᠷᠠᠭᠤᠨ ᠪᠡᠶ᠎ᠠ ᠳ᠋ᠤ ᠴᠥᠭᠡᠨ᠂ ᠲᠠᠷᠬᠠᠯᠲᠠ ᠲᠡᠭᠰᠢ ᠪᠤᠰᠤ ᠪᠠᠶ᠋ᠢᠵᠤ᠂ ᠪᠥᠬᠥ᠌ ᠣᠷᠣᠨ ᠤ᠋ 3 ᠠᠶ᠋ᠢᠮᠠᠭ ᠬᠣᠲᠠ ᠳ᠋ᠤ ᠤᠨᠴᠠ ᠶᠡᠬᠡ ᠬᠤᠷ᠎ᠠ ᠲᠣᠨᠳᠠᠰᠤᠪᠠᠭᠤᠵᠤ᠂ 6 ᠤᠳᠠᠭ᠎ᠠ ᠵᠢᠨ ᠣᠷᠣᠨ ᠪᠦᠰᠡ ᠵᠢᠨ ᠴᠢᠨᠠᠷᠲᠠᠶ ᠰᠢᠷᠦᠭᠦᠨ ᠪᠤᠷᠤᠭᠠᠨ ᠤᠷᠤᠵᠤ᠂ ᠡᠩ ᠤ᠋ᠨ ᠵᠢᠯ ᠤ᠋ᠨ ᠬᠢ ᠡᠴᠡ 2 ᠤᠳᠠᠭ᠎ᠠ ᠢᠯᠡᠭᠦᠦ ᠤᠷᠤᠪᠠ᠃ ᠳᠤᠮᠳᠠ ᠪᠡᠶ᠎ᠠ ᠪᠤᠯᠤᠨ ᠪᠠᠷᠠᠭᠤᠨ ᠪᠡᠶ᠎ᠠ ᠢ᠋ᠢᠨ ᠶᠡᠬᠡᠩᠬᠢ ᠭᠠᠵᠠᠷ ᠤ᠋ᠨ ᠠᠭᠠᠷ ᠤ᠋ᠨ ᠳᠤᠯᠠᠭᠠᠨ ᠥᠨᠳᠥᠷ ᠪᠠᠶ᠋ᠢᠵᠤ᠂ ᠴᠠᠭ ᠠᠭᠤᠷ ᠤ᠋ᠨ ᠭᠠᠩ ᠬᠠᠭᠰᠠᠷᠠᠭᠠᠨ ᠱᠠᠲᠤᠴᠢ ᠴᠢᠨᠠᠷᠲᠠᠶ ᠪᠡᠷ ᠦᠷᠪᠢᠰᠤᠨ᠂ ᠪᠥᠬᠥ᠌ ᠣᠷᠣᠨ ᠤ᠋ ᠳᠤᠮᠳᠠᠴᠢ ᠠᠭᠠᠷ ᠤ᠋ᠨ ᠳᠤᠯᠠᠭᠠᠨ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 0.3 ᠭᠷᠠᠳᠦ᠋ᠰ ᠥᠨᠳᠥᠷ ᠪᠠᠶ᠋ᠢᠵᠤ᠂ ᠡᠩ ᠤ᠋ᠨ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 0.9 ᠭᠷᠠᠳᠦ᠋ᠰ ᠥᠨᠳᠥᠷ ᠪᠣᠯᠵᠠᠶ᠃ ᠣᠳᠣᠬᠠᠨᠳᠤ ᠳᠤᠮᠳᠠ ᠪᠡᠶ᠎ᠠ ᠪᠤᠯᠤᠨ ᠪᠠᠷᠠᠭᠤᠨ ᠪᠡᠶ᠎ᠠ ᠢ᠋ᠢᠨ ᠭᠠᠵᠠᠷ ᠣᠷᠣᠨ ᠳ᠋ᠤ ᠭᠠᠩ ᠬᠠᠭᠰᠠᠷᠠᠭᠠᠨ ᠡᠭᠦᠰᠴᠦ᠍᠂ ᠲᠠᠷᠢᠶᠠᠯᠠᠬᠤ ᠤᠷᠤᠨ ᠰᠢᠭᠤᠶ᠋ᠢᠲᠤ᠌ ᠣᠷᠣᠨ ᠤ᠋ ᠭᠠᠩ ᠬᠠᠭᠰᠠᠷᠠᠭᠠᠨ ᠡᠬᠦᠰᠦᠭᠰᠡᠨ ᠲᠠᠯᠠᠪᠠᠶ ᠪᠠᠭᠠᠰᠴᠤ᠌᠂ ᠮᠠᠯᠵᠢᠬᠤ ᠣᠷᠣᠨ ᠳ᠋ᠤ ᠬᠦᠨᠳᠦ ᠭᠠᠩ ᠬᠠᠭᠰᠠᠷᠠᠭᠠᠨ ᠵᠢᠡᠷ ᠭᠤᠤᠯᠯᠠᠵᠤ ᠪᠤᠢ᠃
ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠤᠪᠴᠢᠶ᠎ᠠ ᠵᠢᠨ ᠤᠷᠢᠳᠴᠢᠯᠠᠭᠰᠨᠨ ᠮᠡᠳᠡᠭᠡ ᠢ᠋ᠢ ᠦᠨᠳᠦᠰᠦᠯᠡᠪᠡᠯ᠂ 7 ᠰᠠᠷ᠎ᠠ ᠵᠢᠨ 8 ᠤ᠋ ᠡᠳᠦᠷᠡᠴᠡ 20 ᠤ᠋ ᠡᠳᠦᠷ ᠪᠣᠯᠲᠠᠯ᠎ᠠ ᠮᠠᠨ ᠤ᠋ ᠣᠷᠣᠨ ᠳ᠋ᠤ 4 ᠤᠳᠠᠭ᠎ᠠ ᠬᠤᠷ᠎ᠠ ᠲᠤᠨᠳᠠᠰᠤ ᠪᠠᠭᠤᠵᠤ᠂ ᠬᠥᠯᠥᠨ ᠪᠣᠶ᠋ᠢᠷ ᠤ᠋ᠨ ᠵᠡᠭᠦᠨ ᠪᠡᠶ᠎ᠠ᠂ ᠤᠯᠠᠭᠠᠨᠬᠠᠳᠠ ᠵᠢᠨ ᠪᠠᠷᠠᠭᠤᠨ ᠡᠮᠦᠨ᠎ᠠ ᠪᠡᠶ᠎ᠠ ᠳ᠋ᠤ ᠰᠢᠷᠦᠭᠦᠨ ᠪᠤᠷᠤᠭᠠᠨ ᠤ᠋ ᠲᠦᠭᠰᠢᠬᠦᠷᠢ ᠶᠡᠬᠡ ᠪᠠᠢᠵᠤ᠂ ᠠᠯᠠᠱᠠ ᠵᠢᠨ ᠪᠠᠷᠠᠭᠤᠨ ᠬᠣᠶ᠋ᠢᠲᠤ᠌ ᠪᠡᠶ᠎ᠠ ᠳ᠋ᠤ ᠠᠭᠠᠬᠢᠮ᠎ᠠ ᠬᠠᠯᠠᠭᠤᠨ ᠤ᠋ ᠲᠦᠭᠰᠢᠭᠦᠷᠢ ᠶᠡᠬᠡ ᠪᠠᠢᠵᠤ᠂ ᠠᠯᠠᠱᠠ ᠵᠢᠨ ᠡᠮᠦᠨ᠎ᠡ ᠪᠡᠶ᠎ᠠ ᠳ᠋ᠤ ᠭᠠᠡᠭ ᠬᠠᠭᠰᠠᠷᠠᠭᠠᠨ ᠤ᠋ ᠲᠦᠭᠰᠢᠬᠦᠷᠢ ᠶᠡᠬᠡ ᠪᠠᠢᠪᠠ᠃
ᠥᠪᠡᠷᠲᠡᠭᠡᠨ ᠵᠠᠰᠠᠬᠤ ᠣᠷᠣᠨ ᠤ᠋ ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠪᠠ ᠴᠠᠭ ᠠᠭᠤᠷ ᠤ᠋ᠨ ᠭᠠᠮᠰᠢᠭ ᠢ᠋ ᠰᠡᠷᠭᠡᠶ᠋ᠢᠯᠡᠬᠦ ᠬᠠᠮᠢᠶᠠᠷᠤᠯᠲᠠ ᠵᠢᠨ ᠵᠢᠯᠣᠭᠣᠳᠬᠤ ᠭᠠᠵᠠᠷ ᠦᠷᠭᠦᠯᠵᠢᠯᠡᠨ ᠴᠠᠭ ᠠᠭᠤᠷ ᠤ᠋ᠨ ᠪᠠᠶ᠋ᠢᠳᠠᠯ ᠢ᠋ ᠲᠣᠭᠲᠠᠮᠠᠯ ᠪᠤᠰᠤ ᠬᠤᠭᠤᠴᠠᠭ᠎ᠠ ᠲᠠᠶ ᠪᠠᠷ ᠵᠠᠷᠯᠠᠨ ᠮᠡᠳᠡᠭᠳᠡᠵᠦ᠍᠂ ᠰᠠᠯᠠᠭ᠎ᠠ ᠮᠥᠴᠢᠷ ᠤ᠋ᠨ ᠬᠣᠯᠪᠣᠭᠠᠯᠠᠨ ᠬᠥᠳᠡᠯᠦᠯᠴᠡᠬᠦ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠴᠠᠭ ᠠᠭᠤᠷ ᠤ᠋ᠨ ᠦᠢᠯᠡᠴᠢᠯᠡᠭᠡᠨ ᠤ᠋ ᠪᠠᠲᠤᠯᠠᠭ᠎ᠠ ᠵᠢᠨ ᠴᠢᠳᠠᠪᠤᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠤᠨ᠂ ᠴᠠᠭ ᠠᠭᠤᠷ ᠤ᠋ᠨ ᠭᠠᠮᠰᠢᠭ ᠢ᠋ ᠰᠡᠷᠭᠡᠶ᠋ᠢᠯᠡᠵᠦ᠍ ᠭᠠᠮᠰᠢᠭ ᠢ᠋ ᠪᠠᠭᠠᠰᠬᠠᠬᠤ ᠨᠢᠭᠡᠳᠦᠭᠡᠷ ᠰᠡᠷᠭᠡᠶ᠋ᠢᠯᠡᠯᠲᠡ ᠵᠢᠨ ᠱᠤᠭᠤᠮ ᠤ᠋ᠨ ᠦᠢᠯᠡᠳᠦᠯ ᠢ᠋ ᠭᠦᠢᠴᠡᠳ ᠪᠠᠳᠠᠷᠠᠭᠤᠯᠬᠤ ᠪᠤᠯᠤᠨ᠎ᠠ᠃