ᠤᠢᠷᠠᠳ᠋ᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠬᠠᠮᠠᠳ ᠺᠠᠳ᠋ᠷ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠵᠡᠷᠭᠡ ᠨᠢᠭᠡᠴᠢ ᠡᠴᠡ ᠬᠠᠮᠲᠤᠷᠠᠨ ᠭᠣᠣᠯᠯᠠᠨ ᠡᠷᠭᠢᠯᠡᠭᠰᠡᠨ ᠪᠥᠬᠥ ᠣᠷᠣᠨ᠎ᠤ ᠠᠵᠢᠯ᠎ᠡᠴᠡ᠎ᠪᠠᠨ ᠳᠠᠷᠬᠠᠯᠠᠭᠳᠠᠭᠰᠠᠨ ᠠᠵᠢᠯ᠎ᠡᠴᠡ᠎ᠪᠠᠨ ᠠᠮᠠᠷᠠᠭᠰᠠᠨ ᠺᠠᠳ᠋ᠷᠴᠤᠳ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ ᠵᠢᠴᠢ ᠬᠣᠶᠠᠳᠤᠭᠠᠷ ᠬᠤᠭᠤᠴᠠᠭᠠᠨ᠎ᠤ 《ᠤᠮᠠᠷᠠᠲᠤ ᠬᠢᠯᠢ᠎ᠶᠢᠨ ᠪᠤᠭᠤᠷᠤᠯᠴᠤᠳ᠎ᠤᠨ ᠴᠤᠬ ᠵᠢᠪᠬᠤᠭ᠎ᠠ》 ᠨᠠᠰᠤᠲᠠᠢᠴᠤᠳ᠎ᠤᠨ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭ᠎ᠤᠨ ᠪᠦᠲᠦᠭᠡᠯ᠎ᠦᠨ ᠦᠵᠡᠭᠦᠯᠬᠡ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠡᠬᠢᠯᠡᠪᠡ᠃ ᠲᠣᠰ ᠤᠳᠠᠭᠠᠨ᠎ᠤ ᠦᠵᠡᠬᠦᠯᠭᠡ ᠨᠢ 7 ᠰᠠᠷ᠎ᠠ᠎ᠶᠢᠨ 9᠎ᠤ᠋ ᠡᠳᠦᠷ᠎ᠡᠴᠡ 19᠎ᠤ᠋ ᠡᠳᠦᠷ ᠪᠤᠯᠲᠠᠯ᠎ᠠ ᠶᠠᠪᠤᠬᠳᠠᠵᠦ᠂ ᠨᠡᠢᠭᠡᠮ ᠨᠡᠢᠲᠡ᠎ᠳᠦ ᠬᠠᠨᠳᠤᠭᠤᠯᠤᠨ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠬᠦ ᠪᠤᠯᠤᠨ᠎ᠠ᠃
ᠲᠣᠰ ᠤᠳᠠᠭᠠᠨ᠎ᠤ ᠦᠵᠡᠬᠦᠯᠭᠡ᠎ᠳᠦ ᠪᠥᠬᠥ ᠣᠷᠣᠨ᠎ᠤ ᠠᠵᠢᠯ᠎ᠡᠴᠡ᠎ᠪᠠᠨ ᠳᠠᠷᠬᠠᠯᠠᠭᠳᠠᠭᠰᠠᠨ ᠠᠵᠢᠯ᠎ᠡᠴᠡ᠎ᠪᠠᠨ ᠠᠮᠠᠷᠠᠭᠰᠠᠨ ᠥᠷᠭᠡᠨ ᠣᠯᠠᠨ ᠺᠠᠳ᠋ᠷ ᠪᠠ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭᠲᠤ ᠪᠠᠬᠠᠲᠠᠢ ᠨᠠᠰᠤᠲᠠᠢᠴᠤᠳ᠎ᠦᠨ ᠨᠡᠶ᠋ᠢᠲᠡ 2300 ᠭᠠᠷᠤᠢ ᠪᠦᠲᠦᠭᠡᠯ᠎ᠢ ᠬᠣᠷᠢᠶᠠᠨ ᠡᠯᠰᠡᠵᠦ᠂ 335 ᠬᠤᠪᠢ᠎ᠵᠢ ᠨᠢ ᠰᠣᠩᠭᠣᠨ ᠳᠡᠯᠭᠡᠨ ᠦᠵᠡᠭᠦᠯᠵᠡᠢ᠃ ᠦᠵᠡᠬᠦᠯᠭᠡ᠎ᠳᠦ ᠣᠷᠣᠯᠴᠠᠭᠰᠠᠨ ᠪᠦᠲᠦᠭᠡᠯ ᠨᠢ ᠤᠯᠠᠮᠵᠢᠯᠠᠯᠲᠦ ᠤᠷᠠᠯᠢᠭ ᠪᠠ ᠴᠠᠭ ᠦᠶ᠎ᠡ᠎ᠵᠢᠨ ᠭᠤᠤᠯ ᠰᠡᠳᠦᠪ᠎ᠢ ᠬᠦᠢᠴᠡᠳ ᠠᠭᠤᠰᠤᠯᠴᠠᠭᠤᠯᠵᠦ᠂ ᠣᠯᠠᠨ ᠬᠠᠷᠠᠭᠠᠰᠤ᠎ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠤᠳᠤᠷᠢᠳᠤᠯᠭ᠎ᠠ ᠳᠣᠣᠷ᠎ᠠ ᠣᠯᠣᠭᠰᠠᠨ ᠬᠡᠷᠡᠯ ᠰᠠᠴᠤᠷᠠᠩᠭᠤᠢ ᠠᠮᠵᠢᠯᠲᠠ ᠪᠦᠲᠦᠮᠵᠢ᠎ᠶᠢ ᠢᠯᠡᠷᠡᠭᠦᠯᠵᠦ᠂ ᠠᠬᠠᠮᠠᠳ ᠨᠥᠬᠥᠳ᠎ᠦᠨ ᠨᠠᠮ᠎ᠵᠢᠡᠨ ᠳᠠᠭᠠᠨ ᠤᠷᠤᠬᠰᠢᠯᠠᠬᠤ ᠭᠦᠨ ᠵᠤᠵᠠᠭᠠᠨ ᠬᠠᠢᠷ᠎ᠠ ᠰᠡᠳᠬᠢᠯᠭᠡ᠂ ᠨᠤᠲᠤᠭ ᠤᠰᠤ ᠪᠠᠨ ᠬᠠᠢᠷᠠᠯᠠᠬᠤ ᠴᠢᠩ ᠦᠨᠡᠨᠴᠢ ᠰᠡᠳᠬᠢᠯ᠂ ᠰᠠᠢᠨ ᠰᠠᠢᠬᠠᠨ ᠠᠮᠢᠳᠤᠷᠠᠯᠵᠢᠠᠨ ᠮᠠᠭᠲᠠᠨ ᠳᠠᠭᠤᠯᠠᠬᠤ ᠤᠷᠬᠢᠯᠤᠮ᠎ᠠ ᠬᠠᠯᠠᠭᠤᠨ ᠰᠡᠳᠬᠢᠯᠭᠡ᠎ᠵᠢ ᠢᠯᠡᠳᠭᠡᠵᠦ᠂ ᠠᠷᠠᠳ ᠣᠯᠠᠨ᠎ᠤ ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ᠎ᠶᠢ ᠰᠣᠨᠣᠰᠴᠦ᠂ ᠨᠠᠮ᠎ᠢᠶᠠᠨ ᠳᠠᠭᠠᠨ ᠤᠷᠤᠬᠰᠢᠯᠠᠬᠤ ᠥᠷᠭᠡᠨ ᠳᠡᠯᠭᠡᠷ ᠬᠠᠮᠲᠤ᠎ᠶᠢᠨ ᠲᠠᠨᠢᠯᠲᠠ᠎ᠵᠢ ᠨᠢᠬᠲᠠᠷᠠᠭᠤᠯᠪᠠ᠃ ᠦᠵᠡᠭᠦᠯᠭᠡ᠎ᠶᠢ ᠲᠣᠭᠣᠷᠢᠨ ᠦᠵᠡᠭᠰᠡᠨ ᠺᠠᠳ᠋ᠷ ᠤᠯᠠᠨ ᠲᠦᠮᠡᠨ ᠡᠴᠡ᠂ ᠳᠡᠯᠭᠡᠨ ᠦᠵᠡᠬᠦᠯᠦᠭᠰᠡᠨ ᠪᠦᠲᠦᠭᠡᠯ᠎ᠦᠨ ᠠᠭᠤᠯᠭ᠎ᠠ ᠨᠢ ᠡᠯᠪᠡᠭ ᠪᠠᠶᠠᠯᠢᠭ᠋᠂ ᠬᠠᠢᠷ᠎ᠠ ᠰᠡᠳᠬᠢᠯᠭᠡ ᠨᠢ ᠴᠢᠩ ᠦᠨᠡᠨᠴᠢ ᠪᠠᠢᠵᠤ᠂ ᠨᠠᠮ᠎ᠤᠨ ᠤᠳᠤᠷᠢᠳᠤᠯᠭ᠎ᠠ ᠳᠣᠣᠷ᠎ᠠ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ᠎ᠶᠢ ᠲᠥᠪᠯᠡᠷᠡᠩᠭᠦᠢ ᠲᠤᠰᠬᠠᠭᠰᠠᠨ ᠪᠥᠭᠡᠳ ᠪᠠᠰᠠ ᠪᠤᠭᠤᠷᠤᠯᠴᠤᠳ᠎ᠤᠨ ᠶᠡᠬᠡ ᠲᠠᠯ᠎ᠠ᠎ᠳᠤ ᠦᠢᠯᠡᠴᠢᠯᠡᠬᠦ᠂ ᠥᠲᠡᠯᠦᠭᠡ ᠨᠠᠰᠤ᠎ᠪᠠᠨ ᠬᠠᠷᠠᠮ ᠦᠭᠡᠢ ᠵᠣᠷᠢᠭᠤᠯᠬᠤ ᠡᠭᠦᠷᠭᠡᠯᠡᠯ ᠬᠠᠷᠢᠭᠤᠴᠠᠯᠭ᠎ᠠ᠎ᠵᠢ ᠢᠯᠡᠷᠡᠭᠦᠯᠵᠡᠢ ᠭᠡᠵᠦ ᠰᠠᠨᠠᠯ ᠨᠢᠭᠡᠲᠡᠢ ᠦᠵᠡᠵᠡᠭᠡᠪᠡ᠃
ᠠᠬᠠᠮᠠᠳ ᠨᠥᠬᠥᠳ ᠡᠴᠡ᠂ ᠬᠣᠢᠰᠢᠳᠠ ᠦᠷᠭᠦᠯᠵᠢᠯᠡᠨ ᠬᠡᠷᠡᠯ ᠭᠢᠯᠪᠠᠭ᠎ᠠ᠎ᠪᠠᠨ ᠰᠠᠴᠤᠷᠠᠭᠤᠯᠵᠦ᠂ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ ᠵᠠᠯᠭᠠᠮᠵᠢᠯᠠᠵᠤ᠂ ᠲᠡᠮᠡᠴᠡᠯ᠎ᠦᠨ ᠵᠣᠷᠢᠭ᠋ ᠰᠠᠨᠠᠭ᠎ᠠ᠎ᠶᠢ ᠤᠯᠠᠮᠵᠢᠯᠠᠨ ᠪᠠᠳᠠᠷᠠᠭᠤᠯᠵᠤ᠂ ᠨᠠᠩ ᠣᠯᠠᠨ ᠵᠠᠯᠠᠭᠤᠴᠤᠳ᠎ᠤᠨ ᠥᠪᠥᠷ ᠮᠣᠩᠭᠣᠯ᠎ᠢᠶᠠᠨ ᠬᠠᠢᠷᠠᠯᠠᠵᠤ᠂ ᠥᠪᠥᠷ ᠮᠣᠩᠭᠣᠯ᠎ᠢᠶᠠᠨ ᠪᠦᠲᠦᠭᠡᠨ ᠪᠠᠶ᠋ᠢᠭᠤᠯᠬᠤ᠎ᠶᠢ ᠵᠣᠷᠢᠭ᠍ᠵᠢᠭᠤᠯᠤᠨ᠎ᠠ ᠭᠡᠵᠦ ᠢᠯᠡᠳᠬᠡᠵᠡᠭᠡᠪᠡ᠃