ᠤᠢᠷ᠎ᠠ᠎ᠳᠦ 2026 ᠣᠨ᠎ᠤ ᠬᠥᠬᠡᠡᠡᠣᠲᠠ᠎ᠶᠢᠨ ᠵᠠᠯᠠᠭᠤᠴᠤᠳ ᠪᠠᠭᠠᠴᠤᠳ (ᠳᠤᠮᠳᠠᠳᠤ ᠪᠠᠭ᠎ᠠ ᠰᠤᠷᠭᠠᠭᠤᠯᠢ᠎ᠶᠢᠨ ᠰᠣᠷᠣᠭ᠍ᠴᠢ) ᠤ᠋ᠨ ᠫᠢᠩᠫᠠᠩ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠬᠥᠬᠡᠡᠡᠣᠲᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠣᠷᠳᠣᠨ᠎ᠳᠤ ᠡᠬᠢᠯᠡᠪᠡ᠃ ᠲᠣᠰ ᠤᠳᠠᠭᠠᠨ᠎ᠤ ᠤᠷᠤᠯᠳᠤᠭᠠᠨ᠎ᠢ ᠬᠥᠬᠡᠡᠡᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠬᠥᠬᠡᠡᠡᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ ᠬᠠᠮᠲᠤᠷᠠᠨ ᠡᠷᠭᠢᠯᠡᠵᠦ᠂ ᠬᠥᠬᠡᠡᠡᠣᠲᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ ᠬᠠᠮᠵᠢᠨ ᠡᠷᠭᠢᠯᠡᠪᠡ ᠃
ᠲᠣᠰ ᠬᠤᠭᠤᠴᠠᠭᠠᠨ᠎ᠤ ᠤᠷᠤᠯᠳᠤᠭᠠᠨ᠎ᠳᠦ ᠨᠠᠰᠤᠵᠢᠯ ᠵᠢᠡᠷ ᠳᠤᠭᠤᠢᠯᠠᠩ ᠬᠤᠪᠢᠶᠠᠵᠤ᠂ ᠪᠠᠭ᠎ᠠ ᠰᠤᠷᠭᠠᠭᠤᠯᠢ᠎ᠶᠢᠨ ᠪᠠᠭ᠎ᠠ ᠨᠠᠰᠤᠨ᠎ᠤ ᠳᠤᠭᠤᠢᠯᠠᠩ᠂ ᠪᠠᠭ᠎ᠠ ᠰᠤᠷᠭᠠᠭᠤᠯᠢ᠎ᠶᠢᠨ ᠶᠡᠭᠡ ᠨᠠᠰᠤᠨ᠎ᠤ ᠳᠤᠭᠤᠢᠯᠠᠩ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠳᠤᠭᠤᠢᠯᠠᠩ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠳᠤᠭᠤᠢᠯᠠᠩ ᠭᠡᠵᠦ ᠳᠥᠷᠪᠡᠨ ᠳᠤᠭᠤᠢᠯᠠᠩ ᠬᠤᠪᠢᠶᠠᠵᠤ᠂ ᠳᠤᠭᠤᠢᠯᠠᠩ ᠪᠦᠷᠢᠳᠦ ᠴᠥᠮ ᠡᠷᠡᠭᠲᠡᠢ᠎ᠶᠢᠨ ᠳ᠋ᠠᠨᠭ᠌ᠵᠢᠡᠷ ᠴᠣᠬᠢᠬᠤ ᠪᠠ ᠡᠮᠡᠭᠲᠡᠢ᠎ᠶᠢᠨ ᠳ᠋ᠠᠨᠭ᠌ᠵᠢᠡᠷ ᠴᠣᠬᠢᠬᠤ ᠤᠷᠤᠯᠳᠤᠭᠠᠨ ᠲᠣᠬᠢᠷᠠᠭᠤᠯᠵᠤ᠂ ᠪᠥᠬᠥ ᠬᠣᠲᠠ᠎ᠶᠢᠨ 102 ᠳᠤᠮᠳᠠᠳᠤ ᠪᠠᠭ᠎ᠠ ᠰᠤᠷᠭᠠᠭᠤᠯᠢ᠎ᠶᠢᠨ 758 ᠵᠠᠯᠠᠭᠤᠴᠤᠳ ᠪᠠᠭᠠᠴᠤᠳ ᠤᠷᠤᠯᠴᠠᠪᠠ᠃
ᠲᠤᠰ ᠤᠳᠠᠭᠠᠨ᠎ᠤ ᠤᠷᠤᠯᠳᠤᠭᠠᠨ ᠨᠢ 《ᠡᠷᠡᠭᠦᠯ ᠮᠡᠨᠳᠦ ᠶᠢ ᠲᠡᠷᠢᠭᠦᠨ᠎ᠳᠦ ᠲᠠᠯᠪᠢᠬᠤ》 ᠰᠤᠷᠭᠠᠨ ᠬᠥᠮᠦᠵᠢᠯ᠎ᠦᠨ ᠣᠢᠯᠠᠭᠠᠭᠳᠠᠬᠤᠨ᠎ᠢ ᠭᠦᠨᠵᠡᠭᠡᠢ ᠨᠠᠢᠳᠠᠪᠤᠷᠢᠵᠢᠭᠤᠯᠬᠤ ᠪᠠ ᠬᠦᠬᠡᠡᠡᠤᠲᠠ᠎ᠶᠢᠨ ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠬᠦ ᠪᠡᠷ ᠵᠤᠷᠢᠯᠳᠠ ᠪᠤᠯᠭᠠᠨ᠂ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠣᠨᠴᠠ ᠴᠢᠳᠠᠪᠤᠷᠢ᠎ᠶᠢ ᠬᠥᠮᠥᠵᠢᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠦᠬᠡᠡᠡᠤᠲᠠ᠎ᠶᠢᠨ ᠫᠢᠩᠫᠠᠩ ᠪᠥᠮᠪᠥᠭᠡ᠎ᠶᠢᠨ ᠬᠥᠳᠡᠯᠭᠡᠭᠡᠨ᠎ᠳᠦ ᠪᠠᠬᠠᠲᠠᠢ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠲᠤᠰᠬᠠᠢ ᠮᠡᠷᠭᠡᠵᠢᠯ᠎ᠦᠨ᠂ ᠡᠷᠬᠡ ᠲᠡᠭᠰᠢ᠂ ᠴᠢᠨᠠᠷ ᠰᠠᠢᠲᠠᠢ ᠤᠷᠤᠯᠳᠤᠭᠠᠨ᠎ᠤ ᠰᠣᠯᠢᠯᠴᠠᠭᠠᠨ᠎ᠤ ᠲᠠᠪᠴᠠᠩ ᠪᠠᠢᠭᠤᠯᠵᠤ ᠥᠭᠬᠦ᠎ᠶᠢᠨ ᠬᠠᠮᠲᠤ ᠪᠠᠰᠠ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠤᠳ᠎ᠤᠨ ᠡᠷᠡᠭᠦᠯ ᠴᠢᠭᠢᠷᠠᠭ᠎ᠢ ᠠᠬᠢᠭᠤᠯᠬᠤ᠂ ᠫᠢᠩᠫᠠᠩ ᠪᠥᠮᠪᠥᠭᠡ᠎ᠶᠢᠨ ᠤᠷᠤᠯᠳᠤᠭᠠᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ᠂ ᠵᠠᠯᠠᠭᠤᠴᠤᠳ ᠪᠠᠭᠠᠴᠤᠳ᠎ᠤᠨ ᠫᠢᠩᠫᠠᠩ ᠪᠥᠮᠪᠥᠭᠡ᠎ᠶᠢᠨ ᠪᠣᠯᠪᠠᠰᠤᠷᠠᠯ᠎ᠤᠨ ᠦᠷ᠎ᠡ ᠪᠦᠲᠦᠭᠡᠯ᠎ᠢ ᠰᠢᠯᠭᠠᠨ ᠪᠠᠢᠴᠠᠭᠠᠬᠤ᠂ ᠰᠢᠯᠢᠳᠡᠭ ᠪᠡᠯᠡᠳᠬᠡᠯ ᠴᠢᠳᠠᠪᠤᠷᠢᠲᠠᠨ᠎ᠢ ᠰᠢᠯᠢᠨ ᠰᠣᠩᠭᠣᠬᠤ᠎ᠳᠤ ᠴᠢᠬᠤᠯᠠ ᠠᠴᠢᠶᠠᠯᠠᠪᠤᠷᠢ ᠬᠠᠩᠭᠠᠵᠤ ᠦᠭᠪᠡ᠃