ᠦᠪᠦᠷ ᠮᠤᠩᠭᠤᠯ 《ᠬᠡᠷᠡᠭᠯᠡᠭᠡᠨ᠎ᠤ ᠠᠬᠤᠢ ᠦᠵᠡᠭᠳᠡᠯ᠎ᠢ ᠠᠭᠤᠳᠠᠯᠤᠨ ᠨᠡᠭᠡᠭᠡᠯᠳᠡ ᠬᠢᠵᠦ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠴᠢᠨᠠᠷ ᠰᠠᠶ᠋ᠢᠲᠠᠶ ᠬᠥᠭᠵᠢᠯᠲᠡ᠎ᠶᠢ ᠲᠦᠷᠭᠡᠳᠬᠡᠬᠦ᠌ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ (2026 — 2028 ᠣᠨ)》 ᠢ᠋ ᠨᠡᠢᠳᠡᠯᠡᠪᠡ
2026-07-22 09:14:33
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 21 ᠎ᠤ᠋ ᠦᠳᠡ᠎ᠶᠢᠨ ᠡᠮᠦᠨ᠎ᠠ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠨᠢᠨ ᠮᠡᠳᠡᠭᠡᠨ᠎ᠤ ᠠᠯᠪᠠᠨ ᠭᠡᠷ 《ᠠᠬᠤᠢ ᠦᠵᠡᠭᠳᠡᠯ᠎ᠢ ᠪᠤᠢ ᠪᠤᠯᠭᠠᠨ ᠬᠦᠭᠵᠢᠬᠦᠯᠵᠦ ᠴᠢᠯᠦᠭᠡᠳᠡᠢ ᠬᠡᠷᠡᠭᠯᠡᠶ᠎ᠠ》 ᠬᠡᠬᠦ ᠭᠤᠤᠯ ᠰᠠᠳᠤᠪᠳᠤ ᠰᠤᠨᠢᠨ ᠮᠡᠳᠡᠭᠡ ᠨᠡᠢᠳᠡᠯᠡᠬᠦ ᠬᠤᠷᠠᠯ ᠬᠤᠷᠠᠯᠳᠤᠭᠤᠯᠵᠦ᠂ 《ᠬᠡᠷᠡᠭᠯᠡᠭᠡᠨ᠎ᠤ ᠠᠬᠤᠢ ᠦᠵᠡᠭᠳᠡᠯ᠎ᠢ ᠠᠭᠤᠳᠠᠯᠤᠨ ᠨᠡᠭᠡᠭᠡᠯᠳᠡ ᠬᠢᠵᠦ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠴᠢᠨᠠᠷ ᠰᠠᠶ᠋ᠢᠲᠠᠶ ᠬᠥᠭᠵᠢᠯᠲᠡ᠎ᠶᠢ ᠲᠦᠷᠭᠡᠳᠬᠡᠬᠦ᠌ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ (2026 — 2028 ᠣᠨ)》 (ᠳᠣᠷᠣᠭᠰᠢ 《ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ》) ᠬᠡᠵᠦ ᠲᠤᠪᠴᠢᠯᠠᠨ᠎ᠠ》 ᠢ᠋ ᠨᠡᠢᠳᠡᠯᠡᠵᠦ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠭᠵᠢᠬᠦᠯᠦᠯᠳᠡ ᠪᠡ ᠦᠭᠡᠷᠡᠴᠢᠯᠡᠯᠳᠡ᠎ᠶᠢᠨ ᠵᠦᠪᠯᠡᠯ᠂ ᠠᠵᠦ ᠦᠢᠯᠡᠳᠪᠦᠷᠢ ᠪᠡ ᠮᠡᠳᠡᠬᠡ ᠵᠠᠩᠬᠢᠵᠢᠯᠳᠡ᠎ᠶᠢᠨ ᠲᠢᠨᠭᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠤᠯᠤᠰ᠎ᠤᠨ ᠦᠮᠴᠢᠯᠡᠯ᠎ᠤᠨ ᠡᠳ᠋ ᠬᠦᠷᠦᠩᠭᠡ᠎ᠵᠢᠨ ᠬᠢᠨᠠᠨ ᠬᠠᠮᠢᠶᠠᠷᠤᠯᠳᠠ ᠵᠢᠨ ᠵᠦᠪᠯᠡᠯ᠎ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠡ 《ᠲᠥᠰᠦᠯ》 ᠤ᠋ᠨ ᠲᠤᠬᠠᠢ ᠨᠠᠷᠢᠯᠢᠭ ᠲᠠᠨᠢᠯᠴᠠᠭᠤᠯᠵᠠᠢ᠃

ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ᠎ᠦᠨ 《ᠠᠬᠤᠢ ᠦᠵᠡᠭᠳᠡᠯ᠎ᠤᠨ ᠬᠦᠭᠵᠢᠯᠳᠡ ᠪᠠ ᠨᠡᠭᠡᠭᠡᠯᠲᠡ ᠬᠢᠬᠦ᠎ᠶᠢ ᠲᠦᠷᠭᠡᠳᠬᠡᠵᠦ᠍ ᠰᠢᠨ᠎ᠡ ᠠᠬᠤᠢ ᠦᠵᠡᠭᠳᠡᠯ᠎ᠢ ᠶᠡᠬᠡ ᠬᠡᠪᠴᠢᠶ᠎ᠡ᠎ᠪᠡᠷ ᠬᠡᠷᠡᠭᠯᠡᠬᠦ᠌᠎ᠶᠢ ᠠᠬᠢᠭᠤᠯᠬᠤ ᠲᠤᠬᠠᠶ ᠬᠡᠷᠡᠭᠵᠢᠭᠦᠯᠬᠦ᠌ ᠰᠠᠨᠠᠯ》 (《ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠠᠬᠤᠢ ᠦᠵᠡᠭᠳᠡᠯ᠎ᠤᠨ ᠰᠠᠨᠠᠯ》) ᠳ᠋ᠤ ᠪᠠᠶ᠋ᠢᠷᠢᠯᠠᠭᠤᠯᠤᠭᠰᠠᠨ 22 ᠠᠬᠤᠢ ᠦᠵᠡᠭᠳᠡᠯ᠎ᠤ᠋ᠨ ᠬᠦᠷᠢᠶᠡᠨ᠎ᠳᠦ᠂ ᠥᠪᠥᠷ ᠮᠣᠩᠭᠣᠯ᠎ᠤᠨ 21 ᠬᠦᠷᠢᠶ᠎ᠠ ᠴᠠᠷᠠᠭ᠎ᠠ ᠬᠤᠯᠪᠤᠭᠳᠠᠵᠦ᠂ ᠰᠢᠨ᠎ᠡ ᠠᠬᠤᠢ ᠦᠵᠡᠭᠳᠡᠯ᠎ᠢ ᠶᠡᠬᠡ ᠬᠡᠪᠴᠢᠶ᠎ᠡ᠎ᠪᠡᠷ ᠬᠡᠷᠡᠭᠯᠡᠬᠦ ᠳᠠᠪᠠᠭᠤᠯᠢᠭ᠎ᠲᠠᠶ ᠮᠦᠷᠳᠡᠬᠡᠨ ᠳᠠᠯᠳᠠ ᠬᠦᠴᠦᠨ᠎ᠲᠡᠶ ᠪᠠᠶ᠋ᠢᠵᠤ᠂ ᠠᠵᠤ ᠠᠬᠤᠶ ᠨᠡᠶ᠋ᠢᠭᠡᠮ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ᠎ᠳᠤ ᠮᠠᠰᠢ ᠴᠢᠬᠤᠯᠠ ᠶᠤᠮ᠃ ᠦᠪᠦᠷ ᠮᠤᠩᠭᠤᠯ ᠬᠥᠭᠵᠢᠯᠲᠡ᠎ᠶᠢᠨ ᠪᠣᠳᠠᠲᠠᠶ᠎ᠲᠠᠶ᠎ᠪᠠᠨ ᠤᠶᠠᠯᠳᠤᠭᠤᠯᠤᠨ᠂ 《ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ》 ᠳ᠋ᠤ ᠠᠬᠤᠢ ᠦᠵᠡᠭᠳᠡᠯ᠎ᠢ ᠠᠭᠤᠳᠠᠯᠤᠨ ᠨᠡᠭᠡᠭᠡᠯᠳᠠ ᠬᠢᠬᠥ ᠭᠤᠤᠯ ᠬᠦᠷᠢᠶ᠎ᠡ ᠴᠠᠷᠠᠭ᠎ᠠ᠎ᠶᠢ ᠲᠣᠳᠣᠷᠬᠠᠶ᠋ᠢᠯᠠᠵᠤ᠂ ᠠᠬᠤᠢ ᠦᠵᠡᠭᠳᠡᠯ᠎ᠢ ᠨᠡᠭᠡᠭᠡᠯᠲᠡ᠎ᠬᠢᠬᠦ ᠭᠤᠤᠯᠳᠠᠯᠭ᠎ᠠ᠎ᠲᠠᠶ ᠴᠢᠭᠯᠡᠯ ᠵᠢᠴᠢ ᠲᠦᠷᠭᠡᠳᠬᠡᠨ ᠨᠠᠶ᠋ᠢᠳᠠᠪᠤᠷᠢᠵᠢᠭᠤᠯᠬᠤ ᠪᠣᠳᠠᠲᠠᠶ ᠭᠠᠷᠳᠠᠴᠠ ᠠᠷᠭ᠎ᠠ ᠬᠡᠮᠵᠢᠶ᠎ᠡ᠎ᠶᠢ ᠳᠤᠷᠠᠳᠴᠠᠢ᠃

ᠠᠬᠤᠢ ᠦᠵᠡᠭᠳᠡᠯ᠎ᠢ ᠪᠤᠢ ᠪᠤᠯᠭᠠᠨ ᠬᠦᠭᠵᠢᠬᠦᠯᠬᠦ ᠲᠠᠯ᠎ᠠ᠎ᠪᠠᠷ᠂ ᠠᠬᠤᠢ ᠦᠵᠡᠭᠳᠡᠯ᠎ᠢ ᠠᠭᠤᠳᠠᠯᠬᠤ ᠪᠠ ᠨᠡᠭᠡᠭᠡᠯᠳᠡ ᠬᠢᠬᠦ 21 ᠭᠤᠤᠯ ᠬᠦᠷᠢᠶ᠎ᠡ ᠴᠠᠷᠠᠭ᠎ᠠ᠎ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠪᠣᠳᠠᠲᠠᠶ᠋ᠢᠵᠢᠭᠤᠯᠵᠤ᠂ ᠴᠡᠪᠡᠷ ᠡᠨᠧᠷᠭᠢ᠂ ᠣᠲᠣ ᠦᠶ᠎ᠡ᠎ᠶᠢᠨ ᠮᠠᠯ ᠠᠵᠤ ᠠᠬᠤᠶ ᠲᠠᠷᠢᠶᠠᠯᠠᠩ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠳᠠᠪᠠᠭᠤᠯᠢᠭ ᠤᠨᠴᠠᠯᠢᠬᠳᠤ ᠬᠦᠷᠢᠶ᠎ᠡ ᠴᠠᠷᠠᠭ᠎ᠠ; ᠲᠣᠭᠠᠴᠢᠯᠠᠭᠰᠠᠨ ᠠᠵᠤ ᠠᠬᠤᠶ᠂ ᠵᠣᠬᠢᠶᠠᠮᠠᠯ ᠣᠶᠤᠨ ᠴᠢᠳᠠᠪᠤᠷᠢ᠂ ᠠᠵᠢᠯ ᠲᠥᠷᠥᠯ ᠠᠯᠤᠰᠯᠠᠨ ᠠᠭᠤᠰᠤᠯᠴᠠᠭᠰᠠᠨ ᠬᠡᠷᠡᠭᠯᠡᠭᠡ ᠵᠡᠷᠭᠡ ᠳᠤᠲᠠᠭᠤᠳᠠᠯ᠎ᠢ ᠨᠥᠬᠥᠪᠥᠷᠢᠯᠡᠬᠦ᠌ ᠬᠦᠷᠢᠶ᠎ᠡ ᠴᠠᠷᠠᠭ᠎ᠠ; ᠪᠠᠴᠢᠮ ᠪᠠᠶ᠋ᠢᠳᠠᠯ᠎ᠢ ᠠᠷᠭᠠᠴᠠᠭᠠᠬᠤ ᠬᠠᠮᠢᠶᠠᠷᠤᠯᠲᠠ᠂ ᠠᠭᠤᠷᠬᠠᠶ᠎ᠶᠢᠨ ᠠᠮᠤᠷ ᠲᠦᠪᠰᠢᠨ᠂ ᠪᠠᠷᠢᠯᠭ᠎ᠠ᠎ᠶᠢᠨ ᠠᠵᠢᠯ᠎ᠤᠨ ᠠᠮᠤᠷ ᠲᠦᠪᠰᠢᠨ ᠵᠡᠷᠭᠡ ᠲᠤᠯᠭᠠᠮ ᠳᠡᠭᠡᠭᠰᠢᠯᠡᠭᠦᠯᠬᠦ᠌ ᠴᠢᠬᠤᠯᠠᠲᠠᠶ ᠬᠦᠷᠢᠶ᠎ᠡ ᠴᠠᠷᠠᠭ᠎ᠠ᠎ᠵᠢ ᠬᠠᠮᠤᠷᠴᠠᠢ᠃

ᠠᠬᠤᠢ ᠦᠵᠡᠭᠳᠡᠯ᠎ᠢ ᠨᠡᠭᠡᠭᠡᠯᠲᠡ ᠬᠢᠬᠦ ᠲᠠᠯ᠎ᠠ᠎ᠪᠠᠷ᠂ ᠦᠪᠦᠷ ᠮᠤᠩᠭᠤᠯ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠭᠤᠤᠯ ᠠᠵᠦ ᠦᠢᠯᠡᠰ᠎ᠦᠨ ᠬᠦᠷᠢᠶ᠎ᠡ᠎ᠵᠢ ᠨᠡᠭᠡᠭᠡᠬᠦ᠌᠎ᠶᠢ ᠭᠤᠤᠯᠳᠠᠯᠭ᠎ᠠ᠎ᠲᠠᠶ ᠠᠬᠢᠭᠤᠯᠵᠤ᠂ ᠭᠤᠤᠯᠳᠠᠯᠭ᠎ᠠ᠎ᠲᠠᠶ ᠠᠵᠤ ᠦᠢᠯᠡᠰ᠎ᠦᠨ ᠬᠡᠯᠬᠢᠶ᠎ᠡ ᠪᠠ ᠴᠢᠬᠤᠯᠠ ᠶᠡᠬᠡ ᠲᠥᠷᠥᠯ ᠵᠦᠢᠯ᠎ᠦᠨ ᠠᠬᠤᠢ ᠦᠵᠡᠬᠳᠡᠯ᠎ᠢ ᠨᠡᠭᠡᠭᠡᠯᠲᠡ ᠬᠢᠬᠦ᠌᠎ᠵᠢ ᠳᠡᠮᠵᠢᠵᠦ᠍᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠂ ᠴᠢᠬᠤᠯᠠ ᠶᠡᠬᠡ ᠢᠨᠵᠧᠨᠧᠷᠢᠩ᠎ᠦᠨ ᠲᠥᠷᠥᠯ ᠵᠦᠢᠯ᠂ ᠴᠢᠬᠤᠯᠠ ᠶᠡᠬᠡ ᠬᠤᠷᠠᠯ ᠪᠠ ᠲᠣᠮᠣ ᠬᠡᠯᠪᠡᠷᠢ᠎ᠶᠢᠨ ᠪᠡᠶ᠎ᠡ᠎ᠶᠢᠨ ᠲᠠᠮᠢᠷ᠎ᠤᠨ ᠴᠤᠭᠯᠠᠭᠠᠨ ᠵᠡᠷᠭᠡ ᠵᠠᠷᠢᠮ ᠰᠢᠨ᠎ᠡ ᠮᠡᠷᠭᠡᠵᠢᠯ᠂ ᠰᠢᠨ᠎ᠡ ᠵᠠᠭᠪᠤᠷ᠎ᠢ ᠨᠡᠭᠡᠭᠡᠯᠳᠡ ᠬᠢᠬᠦ᠌᠎ᠪᠡᠷ ᠳᠠᠮᠵᠢᠭᠤᠯᠤᠨ᠂ ᠨᠠᠩ ᠣᠯᠠᠨ ᠰᠢᠨ᠎ᠡ ᠬᠥᠳᠡᠯᠭᠡᠬᠦ᠌ ᠬᠦᠴᠦᠨ᠂ ᠰᠢᠨ᠎ᠡ ᠦᠢᠯᠡᠳᠪᠦᠷᠢᠯᠡᠯ᠎ᠤᠨ ᠴᠢᠳᠠᠪᠬᠢ᠎ᠶᠢ ᠡᠮᠬᠢ ᠵᠢᠷᠤᠮ᠎ᠲᠠᠶ᠎ᠪᠠᠷ ᠬᠥᠭᠵᠢᠭᠡᠨ᠎ᠡ᠃

ᠠᠷᠭ᠎ᠠ ᠬᠡᠮᠵᠢᠶ᠎ᠡ᠎ᠶᠢ ᠨᠠᠶ᠋ᠢᠳᠠᠪᠤᠷᠢᠵᠢᠭᠤᠯᠬᠤ ᠲᠠᠯ᠎ᠠ᠎ᠪᠠᠷ᠂ ᠠᠬᠤᠢ ᠦᠵᠡᠭᠳᠡᠯ᠎ᠤᠨ ᠠᠵᠠ ᠲᠣᠬᠢᠶᠠᠯ᠎ᠤᠨ ᠨᠠᠷᠢᠨ ᠲᠠᠩᠰᠠ᠂ ᠴᠢᠳᠠᠪᠤᠷᠢ᠎ᠶᠢᠨ ᠨᠠᠷᠢᠨ ᠲᠠᠩᠰᠠ᠎ᠶᠢ ᠡᠯᠰᠡᠨ ᠨᠡᠶ᠋ᠢᠲᠡᠯᠡᠬᠦ᠌᠎ᠪᠡᠷ ᠳᠠᠮᠵᠢᠭᠤᠯᠤᠨ᠂ ᠬᠠᠩᠭᠠᠯᠭ᠎ᠠ ᠬᠡᠷᠡᠭᠴᠡᠭᠡ᠎ᠶᠢᠨ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠵᠦ᠍᠂ ᠡᠯ᠎ᠡ ᠰᠠᠯᠠᠭ᠎ᠠ ᠮᠥᠴᠢᠷ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ᠎ᠵᠢ ᠵᠣᠯᠭᠠᠭᠤᠯᠬᠤ᠎ᠶᠢ ᠴᠢᠩᠭᠠᠳᠬᠠᠨ᠂ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ᠎ᠳᠤ ᠦᠢᠯᠡᠴᠢᠯᠡᠭᠦᠯᠵᠦ᠍᠂ 《ᠵᠠᠰᠠᠭ᠎ᠤᠨ ᠣᠷᠳᠣᠨ᠎ᠠᠴᠠ ᠬᠠᠷᠠᠭᠠᠯᠵᠠᠯ ᠦᠵᠡᠭᠦᠯᠬᠦ᠌》 ᠶ᠋ᠢ 《ᠵᠠᠰᠠᠭ᠎ᠤᠨ ᠣᠷᠳᠣᠨ᠎ᠠᠴᠠ ᠲᠣᠬᠢᠶᠠᠯ ᠣᠯᠭᠣᠬᠤ》 ᠪᠣᠯᠭᠠᠨ ᠬᠤᠪᠢᠷᠠᠭᠤᠯᠵᠤ᠂ ᠨᠠᠩ ᠣᠯᠠᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠲᠥᠷᠥᠯ ᠵᠦᠢᠯ᠎ᠢ ᠪᠣᠳᠠᠲᠠᠶ᠋ᠢᠵᠢᠭᠤᠯᠤᠨ ᠬᠡᠷᠡᠭᠵᠢᠭᠦᠯᠬᠦ᠌᠎ᠶᠢ ᠠᠬᠢᠭᠤᠯᠤᠨ᠎ᠠ᠃ ᠲᠥᠪᠯᠡᠷᠡᠭᠦᠯᠦᠨ ᠪᠠᠶ᠋ᠢᠷᠢᠯᠠᠭᠤᠯᠬᠤ᠂ ᠲᠥᠪᠯᠡᠷᠡᠭᠦᠯᠦᠨ ᠳᠡᠯᠭᠡᠨ ᠦᠵᠡᠭᠦᠯᠵᠦ᠍ ᠪᠡᠶᠡᠴᠢᠯᠡᠨ ᠣᠶ᠋ᠢᠯᠠᠭᠠᠬᠤ᠂ ᠲᠥᠪᠯᠡᠷᠡᠭᠦᠯᠦᠨ ᠲᠥᠷᠥ᠎ᠶᠢᠨ ᠪᠣᠳᠣᠯᠭ᠎ᠠ᠎ᠪᠠᠷ ᠳᠡᠮᠵᠢᠬᠦ᠌᠎ᠪᠡᠷ ᠳᠠᠮᠵᠢᠭᠤᠯᠤᠨ᠂ ᠶᠡᠬᠡ ᠳᠡᠭᠡᠳᠦ ᠰᠤᠷᠭᠠᠭᠤᠯᠢ ᠶ᠋ᠢᠨ ᠬᠦᠷᠢᠶᠡᠯᠡᠩ ᠭᠠᠵᠠᠷ ᠪᠠ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠠᠵᠤ ᠠᠬᠤᠶ᠋ᠢᠯᠠᠯ᠎ᠤᠨ ᠬᠡᠷᠡᠭᠯᠡᠭᠡᠨ᠎ᠦ ᠠᠬᠤᠢ ᠦᠵᠡᠭᠳᠡᠯ᠎ᠤᠨ ᠰᠢᠨ᠎ᠡ᠎ᠶᠢ ᠡᠭᠦᠳᠬᠦ᠌ ᠲᠤᠷᠰᠢᠯᠲᠠ᠎ᠶᠢᠨ ᠲᠠᠰᠤᠭ ᠪᠠ ᠲᠤᠷᠰᠢᠯᠲᠠ᠎ᠶᠢᠨ ᠲᠣᠭᠣᠷᠢᠭ ᠪᠠᠶ᠋ᠢᠭᠤᠯᠬᠤ᠎ᠶᠢ ᠵᠣᠷᠢᠭᠵᠢᠭᠤᠯᠵᠤ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠲᠥᠬᠥᠭᠡᠷᠦᠮᠵᠢ ᠵᠡᠷᠭᠡ᠎ᠶᠢᠨ ᠬᠡᠷᠡᠭᠯᠡᠭᠡᠨ᠎ᠳᠦ ᠰᠢᠯᠭᠠᠨ ᠪᠠᠲᠤᠯᠠᠬᠤ ᠦᠢᠯᠡᠴᠢᠯᠡᠬᠡ ᠬᠠᠩᠭᠠᠵᠤ᠂ ᠦᠢᠯᠡᠳᠪᠦᠷᠢᠯᠡᠬᠦ᠌ ᠵᠢᠭᠠᠬᠤ ᠰᠤᠳᠤᠯᠬᠤ ᠬᠠᠮᠲᠤᠷᠠᠯᠴᠠᠭ᠎ᠠ ᠬᠢᠵᠦ᠍᠂ 《ᠰᠤᠳᠤᠯᠭᠠᠨ ᠪᠠᠢᠪᠠᠴᠤ ᠬᠡᠷᠡᠭᠯᠡᠬᠡ ᠳᠤᠲᠠᠭᠳᠠᠬᠤ᠂ ᠬᠡᠷᠡᠭᠯᠡᠭᠡ ᠪᠠᠢᠪᠠᠴᠤ ᠰᠤᠳᠤᠯᠭᠠᠨ ᠳᠤᠲᠠᠭᠳᠠᠬᠤ》 ᠵᠡᠷᠭᠡ ᠠᠰᠠᠭᠤᠳᠠᠯ᠎ᠢ ᠠᠯᠬᠤᠮ ᠠᠯᠬᠤᠮ᠎ᠢᠶᠠᠷ ᠰᠢᠢᠳᠪᠦᠷᠢᠯᠡᠨ᠎ᠡ᠃ ᠦᠪᠦᠷ ᠮᠤᠩᠭᠤᠯ ᠪᠥᠬᠥ᠌ ᠣᠷᠣᠨ᠎ᠤ ᠲᠦᠷᠦᠭᠦᠦ ᠪᠦᠯᠦᠭ ᠬᠡᠪ ᠳᠠᠭᠤᠷᠢᠶᠠᠯ᠎ᠤᠨ ᠴᠢᠨᠠᠷᠲᠠᠶ ᠭᠤᠤᠯᠳᠠᠯᠭ᠎ᠠ᠎ᠲᠠᠶ ᠠᠬᠤᠢ ᠦᠵᠡᠭᠳᠡᠯ᠎ᠤᠨ ᠲᠥᠷᠥᠯ ᠵᠦᠢᠯ ᠵᠡᠷᠭᠡ᠎ᠶᠢ ᠭᠤᠶᠤᠴᠢᠯᠠᠨ ᠮᠡᠳᠡᠭᠦᠯᠬᠦ᠌᠂ ᠬᠥᠮᠥᠷᠭᠡ᠎ᠳᠦ ᠣᠷᠣᠭᠤᠯᠵᠤ ᠲᠠᠨᠢᠯᠴᠠᠭᠤᠯᠬᠤ ᠵᠡᠷᠭᠡ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠍᠂ ᠡᠳ᠋᠎ᠦᠨ ᠵᠠᠰᠠᠭ᠎ᠤᠨ ᠵᠠᠷᠤᠯᠭ᠎ᠠ᠎ᠶᠢ ᠰᠢᠨ᠎ᠡ᠎ᠪᠡᠷ ᠦᠯᠦ ᠨᠡᠮᠡᠭᠳᠡᠭᠦᠯᠬᠦ᠌ ᠰᠠᠭᠤᠷᠢᠨ ᠳᠡᠭᠡᠷ᠎ᠡ᠂ ᠣᠲᠣ᠎ᠶᠢᠨ ᠪᠠᠶ᠋ᠢᠭ᠎ᠠ ᠪᠠᠯᠠ ᠮᠥᠩᠭᠥ᠌᠂ ᠰᠠᠭᠤᠷᠢ ᠮᠥᠩᠭᠥ᠌ ᠪᠠ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠰᠬᠠᠶ ᠲᠥᠷᠥᠯ ᠵᠦᠢᠯ ᠵᠡᠷᠭᠡ᠎ᠶᠢ ᠡᠮᠬᠢ ᠵᠢᠷᠤᠮ᠎ᠲᠠᠶ᠎ᠪᠠᠷ ᠠᠮᠢᠯᠠᠭᠤᠯᠵᠦ᠂ 《ᠪᠠᠯᠠ ᠮᠥᠩᠭᠥ᠌ ᠲᠠᠢ ᠴᠦ᠍ ᠲᠦᠷᠦᠯ ᠵᠦᠢᠯ ᠳᠤᠲᠠᠭᠳᠠᠬᠤ᠂ ᠲᠥᠷᠥᠯ ᠵᠦᠢᠯ ᠲᠠᠢ ᠴᠦ᠍ ᠪᠡᠯᠡ ᠮᠦᠩᠬᠦ ᠳᠤᠲᠠᠭᠳᠠᠬᠤ》 ᠠᠰᠠᠭᠤᠳᠠᠯ᠎ᠢ ᠠᠯᠬᠤᠮ ᠠᠯᠬᠤᠮ᠎ᠢᠶᠠᠷ ᠰᠢᠢᠳᠪᠦᠷᠢᠯᠡᠵᠦ᠍᠂ ᠨᠠᠩ ᠣᠯᠠᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠲᠥᠷᠥᠯ ᠵᠦᠢᠯ᠎ᠢ ᠪᠣᠳᠠᠲᠠᠶ᠋ᠢᠵᠢᠭᠤᠯᠤᠨ ᠬᠡᠷᠡᠭᠵᠢᠭᠦᠯᠬᠦ᠌᠎ᠳᠦ ᠨᠥᠬᠥᠴᠡᠯ ᠪᠦᠷᠢᠯᠳᠦᠭᠦᠯᠵᠦ᠍ ᠥᠭᠭᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号