ᠥᠪᠥᠷ ᠮᠣᠩᠭᠣᠯ ᠲᠠᠰ ᠲᠥᠷᠥᠯ ᠬᠤᠪᠢᠶᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠌ ᠲᠥᠷᠥ᠎ᠶᠢᠨ ᠪᠣᠳᠣᠯᠭ᠎ᠠ᠎ᠶᠢᠨ ᠬᠠᠩᠭᠠᠯᠭ᠎ᠠ᠎ᠶᠢᠨ ᠨᠠᠷᠢᠨ ᠲᠠᠨᠭᠰᠠ᠎ᠶᠢ ᠳᠠᠷᠤᠮᠠᠯᠯᠠᠨ ᠲᠠᠷᠬᠠᠭᠠᠪᠠ
2026-07-22 09:20:28
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠰᠤᠷᠭᠠᠨ ᠬᠥᠮᠦᠵᠢᠯ᠎ᠦᠨ ᠲᠢᠩᠬᠢᠮ ᠵᠡᠷᠭᠡ 13 ᠰᠠᠯᠠᠭ᠎ᠠ ᠮᠥᠴᠢᠷ ᠬᠠᠮᠲᠤᠷᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ ᠲᠥᠷᠥᠯ ᠬᠤᠪᠢᠶᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠥᠷᠥ᠎ᠶᠢᠨ ᠪᠣᠳᠣᠯᠭ᠎ᠠ᠎ᠶᠢᠨ ᠬᠠᠩᠭᠠᠯᠭ᠎ᠠ᠎ᠶᠢᠨ ᠨᠠᠷᠢᠨ ᠲᠠᠨᠭᠰᠠ》 (ᠳᠣᠷᠣᠭᠰᠢ 《ᠨᠠᠷᠢᠨ ᠲᠠᠨᠭᠰᠠ》 ᠭᠡᠵᠦ᠍ ᠲᠣᠪᠴᠢᠯᠠᠨ᠎ᠠ) ᠵᠢ ᠳᠠᠷᠤᠮᠠᠯᠯᠠᠨ ᠲᠠᠷᠬᠠᠭᠠᠵᠤ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ᠎ᠦᠨ ᠠᠪᠤᠷᠠᠨ ᠲᠤᠰᠠᠯᠠᠬᠤ ᠬᠠᠤᠯᠢ》 ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠡᠶ᠋ᠢᠭᠡᠮ᠎ᠦᠨ ᠠᠪᠤᠷᠠᠨ ᠲᠤᠰᠠᠯᠠᠬᠤ ᠰᠠᠯᠠᠭ᠎ᠠ ᠮᠥᠴᠢᠷ᠎ᠦᠨ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌ ᠵᠢ ᠠᠬᠢᠭᠤᠯᠵᠤ᠂ ᠨᠡᠶ᠋ᠢᠭᠡᠮ᠎ᠦᠨ ᠠᠪᠤᠷᠠᠨ ᠲᠤᠰᠠᠯᠠᠬᠤ ᠰᠢᠰᠲ᠋ᠧᠮ᠎ᠦᠨ ᠪᠦᠬᠦᠯᠢ ᠴᠣᠭᠴᠠᠲᠤ᠌ ᠴᠢᠨᠠᠷ᠂ ᠬᠠᠮᠵᠢᠯᠴᠠᠬᠤ ᠴᠢᠨᠠᠷ᠎ᠢ ᠳᠡᠭᠡᠭᠰᠢᠯᠡᠭᠦᠯᠦᠨ᠂ ᠬᠦᠴᠢᠷᠳᠡᠯᠲᠡᠶ ᠣᠯᠠᠨ ᠲᠦᠮᠡᠨ᠎ᠦ ᠲᠤᠰᠠᠯᠠᠮᠵᠢ ᠭᠥᠷᠳᠡᠬᠦ᠌᠎ᠶᠢ ᠪᠠᠲᠤᠯᠠᠬᠤ᠎ᠪᠠᠷ ᠵᠣᠷᠢᠯᠭ᠎ᠠ᠎ᠪᠠᠨ ᠪᠣᠯᠭᠠᠵᠠᠶ᠃

《ᠨᠠᠷᠢᠨ ᠲᠠᠩᠰᠠ》 ᠳ᠋ᠤ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠦᠨ ᠠᠪᠤᠷᠠᠨ ᠲᠤᠰᠠᠯᠠᠬᠤ ᠬᠠᠮᠢᠶᠠᠷᠤᠯᠲᠠ᠎ᠶᠢᠨ ᠡᠯ᠎ᠡ ᠰᠠᠯᠠᠭ᠎ᠠ ᠮᠥᠴᠢᠷ᠎ᠲᠦ᠍ ᠲᠠᠷᠬᠠᠵᠤ ᠪᠠᠶ᠋ᠢᠭ᠎ᠠ ᠠᠪᠤᠷᠠᠨ ᠲᠤᠰᠠᠯᠠᠬᠤ ᠲᠥᠷᠥ᠎ᠶᠢᠨ ᠪᠣᠳᠣᠯᠭ᠎ᠠ᠎ᠶᠢ ᠬᠤᠷᠢᠶᠠᠩᠭᠤᠶ᠋ᠢᠯᠠᠵᠤ᠂ ᠦᠨᠳᠦᠰᠦᠨ ᠠᠮᠢᠳᠤᠷᠠᠯ᠎ᠤᠨ ᠠᠪᠤᠷᠠᠨ ᠲᠤᠰᠠᠯᠠᠯᠲᠠ᠂ ᠲᠤᠰᠬᠠᠶ ᠵᠦᠢᠯ᠎ᠦᠨ ᠨᠡᠶ᠋ᠢᠭᠡᠮ᠎ᠦᠨ ᠠᠪᠤᠷᠠᠨ ᠲᠤᠰᠠᠯᠠᠯᠲᠠ᠂ ᠪᠠᠴᠢᠮ ᠬᠦᠴᠢᠷᠳᠡᠯ ᠳ᠋ᠤ ᠲᠤᠯᠭᠠᠷᠠᠭᠰᠠᠨ ᠨᠡᠶ᠋ᠢᠭᠡᠮ᠎ᠦᠨ ᠠᠪᠤᠷᠠᠨ ᠲᠤᠰᠠᠯᠠᠯᠲᠠ ᠪᠠ ᠪᠤᠰᠤᠳ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠌ ᠳᠥᠷᠪᠡᠨ ᠶᠡᠬᠡ ᠲᠥᠷᠥᠯ ᠢᠯᠭᠠᠯ ᠶᠣᠰᠣᠭᠠᠷ᠂ 45 ᠵᠦᠢᠯ᠎ᠦᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠌ ᠲᠥᠷᠥ᠎ᠶᠢᠨ ᠪᠣᠳᠣᠯᠭ᠎ᠠ᠎ᠶᠢ ᠰᠢᠰᠲ᠋ᠧᠮ᠎ᠲᠡᠶ ᠡᠮᠬᠢᠯᠡᠨ ᠳᠢᠭᠯᠡᠵᠦ᠍᠂ ᠠᠪᠤᠷᠠᠨ ᠲᠤᠰᠠᠯᠠᠭᠤᠯᠬᠤ᠎ᠪᠠᠷ ᠭᠤᠶᠤᠴᠢᠯᠠᠬᠤ ᠨᠥᠬᠥᠴᠡᠯ᠂ ᠠᠪᠤᠷᠠᠨ ᠲᠤᠰᠠᠯᠠᠬᠤ ᠠᠷᠭ᠎ᠠ ᠬᠡᠮᠵᠢᠶ᠎ᠡ᠂ ᠠᠪᠤᠷᠠᠨ ᠲᠤᠰᠠᠯᠠᠬᠤ ᠪᠠᠷᠢᠮᠵᠢᠶ᠎ᠠ ᠵᠢᠴᠢ ᠲᠥᠷᠥ᠎ᠶᠢᠨ ᠪᠣᠳᠣᠯᠭ᠎ᠠ᠎ᠶᠢᠨ ᠦᠨᠳᠦᠰᠦᠯᠡᠯ᠎ᠢ ᠲᠣᠳᠣᠷᠬᠠᠶ᠋ᠢᠯᠠᠪᠠ᠃ ᠦᠨᠳᠦᠰᠦᠨ ᠠᠮᠢᠳᠤᠷᠠᠯ᠎ᠤᠨ ᠠᠪᠤᠷᠠᠨ ᠲᠤᠰᠠᠯᠠᠬᠤ ᠲᠠᠯ᠎ᠠ᠎ᠪᠠᠷ᠂ ᠨᠠᠭᠠᠳᠤ ᠵᠠᠬ᠎ᠠ᠎ᠶᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ᠌ ᠵᠡᠷᠭᠡ 6 ᠵᠦᠢᠯ᠎ᠦᠨ ᠠᠪᠤᠷᠠᠨ ᠲᠤᠰᠠᠯᠠᠬᠤ ᠲᠥᠷᠥ᠎ᠶᠢᠨ ᠪᠣᠳᠣᠯᠭ᠎ᠠ᠎ᠶᠢ ᠴᠤᠭᠯᠠᠭᠤᠯᠪᠠ; ᠲᠤᠰᠬᠠᠶ ᠵᠦᠢᠯ᠎ᠦᠨ ᠨᠡᠶ᠋ᠢᠭᠡᠮ᠎ᠦᠨ ᠠᠪᠤᠷᠠᠨ ᠲᠤᠰᠠᠯᠠᠬᠤ ᠲᠠᠯ᠎ᠠ᠎ᠪᠠᠷ᠂ ᠡᠮ ᠡᠮᠨᠡᠯᠭᠡ᠎ᠶᠢᠨ ᠠᠪᠤᠷᠠᠨ ᠲᠤᠰᠠᠯᠠᠯᠲᠠ᠂ ᠰᠤᠷᠭᠠᠨ ᠬᠥᠮᠦᠵᠢᠯ᠎ᠦᠨ ᠠᠪᠤᠷᠠᠨ ᠲᠤᠰᠠᠯᠠᠯᠲᠠ᠂ ᠠᠵᠢᠯ ᠣᠯᠭᠣᠯᠲᠠ᠎ᠶᠢᠨ ᠠᠪᠤᠷᠠᠨ ᠲᠤᠰᠠᠯᠠᠯᠲᠠ᠂ ᠣᠷᠣᠨ ᠰᠠᠭᠤᠴᠠ᠎ᠶᠢᠨ ᠠᠪᠤᠷᠠᠨ ᠲᠤᠰᠠᠯᠠᠯᠲᠠ᠂ ᠭᠠᠮᠰᠢᠭᠳᠠᠭᠰᠠᠨ ᠬᠥᠮᠦᠰ᠎ᠢ ᠠᠪᠤᠷᠠᠨ ᠲᠤᠰᠠᠯᠠᠬᠤ ᠵᠡᠷᠭᠡ 5 ᠲᠥᠷᠥᠯ᠎ᠦᠨ 17 ᠵᠦᠢᠯ᠎ᠦᠨ ᠲᠥᠷᠥ᠎ᠶᠢᠨ ᠪᠣᠳᠣᠯᠭ᠎ᠠ᠎ᠶᠢ ᠬᠠᠮᠤᠷᠴᠠᠶ᠃

ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ 《ᠨᠠᠷᠢᠨ ᠲᠠᠨᠭᠰᠠ》 ᠳ᠋ᠤ ᠲᠦᠰᠢᠭᠯᠡᠨ᠂ ᠠᠪᠤᠷᠠᠨ ᠲᠤᠰᠠᠯᠠᠯᠳᠠ ᠬᠦᠷᠳᠡᠬᠦ ᠡᠲᠡᠭᠡᠳ᠎ᠢ ᠮᠠᠭᠠᠳᠯᠠᠨ ᠲᠣᠭᠲᠠᠭᠠᠬᠤ᠂ ᠮᠡᠳᠡᠭᠡ ᠵᠠᠩᠭᠢ᠎ᠶᠢ ᠲᠠᠰ ᠬᠤᠪᠢᠶᠠᠨ ᠬᠠᠮᠢᠶᠠᠷᠬᠤ᠂ ᠬᠥᠳᠡᠯᠦᠩᠭᠦᠶ ᠪᠡᠷ ᠬᠢᠨᠠᠨ ᠬᠡᠮᠵᠢᠬᠦ᠌᠂ ᠬᠡᠷᠡᠭᠴᠡᠭᠡ ᠱᠠᠭᠠᠷᠳᠠᠯᠭ᠎ᠠ ᠳ᠋ᠤ ᠨᠡᠢᠴᠡᠬᠦᠯᠦᠨ ᠬᠦᠷᠭᠡᠬᠦ᠌᠂ ᠲᠥᠷᠥᠯ ᠬᠤᠪᠢᠶᠠᠨ ᠠᠪᠤᠷᠠᠨ ᠲᠤᠰᠠᠯᠠᠬᠤ᠂ ᠦᠷ᠎ᠡ ᠳ᠋ᠦᠩ᠎ᠢ ᠬᠠᠷᠢᠭᠤ ᠲᠤᠰᠬᠠᠬᠤ ᠠᠵᠢᠯᠯᠠᠭᠠᠨ᠎ᠤ ᠲᠣᠭᠲᠠᠴᠠ᠎ᠶᠢ ᠦᠷᠭᠦᠯᠵᠢᠯᠡᠨ ᠪᠦᠷᠢᠨᠰᠢᠬᠦᠯᠦᠨ᠎ᠠ; ᠰᠢᠶᠠᠩ ᠪᠠᠯᠭᠠᠰᠤ (ᠵᠡᠭᠡᠯᠢ ᠭᠤᠳᠤᠮᠵᠢ) ᠵᠢᠨ 《ᠨᠢᠭᠡ ᠭᠠᠵᠠᠷ ᠲᠸ᠋ ᠭᠥᠯᠢᠶᠡᠨ ᠠᠪᠴᠤ᠌ ᠰᠢᠢᠳᠪᠦᠷᠢᠯᠡᠬᠦ᠌᠂ ᠬᠠᠮᠵᠢᠯᠴᠠᠨ ᠭᠦᠢᠴᠡᠳᠬᠡᠬᠦ᠌》 ᠲᠣᠭᠲᠠᠴᠠ᠎ᠶᠢ ᠲᠡᠭᠦᠯᠳᠡᠷᠵᠢᠭᠦᠯᠵᠦ᠍᠂ ᠪᠠᠷᠢᠮᠵᠢᠶᠠᠵᠢᠭᠰᠠᠨ ᠭᠠᠷᠲᠠᠨ ᠭᠦᠢᠴᠡᠳᠬᠡᠬᠦ᠌ ᠦᠢᠯᠡᠴᠢᠯᠡᠭᠡᠨ᠎ᠦ ᠶᠠᠪᠤᠴᠠ ᠵᠢ ᠪᠣᠶ ᠪᠣᠯᠭᠠᠵᠤ᠂ ᠡᠯ᠎ᠡ ᠲᠥᠷᠥᠯ᠎ᠦᠨ ᠠᠪᠤᠷᠠᠨ ᠲᠤᠰᠠᠯᠠᠬᠤ ᠵᠦᠢᠯᠡᠰ᠎ᠢ ᠥᠨᠳᠥᠷ ᠪᠦᠲᠦᠮᠵᠢᠲᠡᠶ᠎ᠪᠡᠷ ᠭᠥᠯᠢᠶᠡᠨ ᠠᠪᠴᠤ᠌ ᠬᠦᠢᠴᠡᠳᠬᠡᠬᠦ᠂ ᠰᠢᠯᠵᠢᠭᠦᠯᠦᠨ ᠭᠦᠢᠴᠡᠳᠬᠡᠬᠦ᠂ ᠡᠯ᠎ᠡ ᠲᠥᠷᠥᠯ᠎ᠦᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠌ ᠶᠠᠪᠤᠴᠠ ᠵᠢ ᠮᠥᠷᠳᠡᠵᠦ᠍ ᠪᠣᠯᠬᠤ᠂ ᠦᠷ᠎ᠡ ᠪᠦᠲᠦᠮᠵᠢ᠎ᠶᠢ ᠬᠠᠷᠢᠭᠤ ᠲᠤᠰᠬᠠᠬᠤ᠎ᠶᠢ ᠪᠡᠶᠡᠯᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号