ᠵᠦᠭᠡᠯᠡᠨ ᠬᠤᠷ᠎ᠠ ᠲᠦᠮᠡᠨ ᠪᠤᠳᠠᠰ᠎ᠢ ᠤᠮᠳᠠᠯᠠᠬᠤ ᠬᠡᠯᠪᠡᠷᠢ ᠪᠡᠷ ᠤᠶᠤᠨ ᠰᠠᠨᠠᠭᠠᠨ᠎ᠤ ᠬᠠᠮᠳᠤ ᠵᠢᠨ ᠲᠠᠨᠢᠯᠳᠠ ᠵᠢ ᠨᠢᠬᠳᠠᠷᠠᠭᠤᠯᠤᠶ᠎ᠠ
2026-07-22 16:49:56
ᠵᠣᠬᠢᠶᠠᠭ᠍ᠴᠢ᠄
​ ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠤᠬᠠᠭᠤᠯᠭ᠎ᠠ ᠬᠥᠮᠦᠵᠢᠯ ᠠᠮᠢᠳᠤᠯᠢᠭ᠋ ᠳᠦᠷᠰᠦᠯᠢᠭ ᠶᠠᠪᠤᠭᠳᠠᠵᠤ᠂ ᠤᠨᠤᠯ᠎ᠤᠨ ᠰᠤᠳᠤᠯᠭᠠᠨ ᠭᠦᠨᠵᠡᠭᠡᠢᠷᠡᠨ ᠪᠣᠳᠠᠲᠠᠢᠵᠢᠵᠤ᠂ ᠦᠢᠯᠡᠳᠦᠯᠭᠡ᠎ᠶᠢᠨ ᠵᠢᠭ᠍ᠰᠠᠭᠠᠯ᠎ᠤᠨ ᠭᠠᠵᠠᠷ ᠦᠨᠭᠭᠡ ᠭᠢᠯᠪᠠᠭ᠎ᠠ ᠰᠠᠴᠤᠷᠠᠭᠤᠯᠤᠨ᠎ᠠ ᠁ ᠥᠪᠥᠷ ᠮᠣᠩᠭᠣᠯ ᠠᠯᠢ ᠤᠯᠠᠨ ᠦᠨᠡᠨ ᠪᠤᠳᠠᠳᠠᠢ᠂ ᠪᠦᠳᠦᠭᠡᠯᠴᠢ᠂ ᠣᠨᠣᠴᠠᠲᠠᠢ᠂ ᠪᠦᠲᠦᠮᠵᠢᠲᠡᠢ ᠠᠷᠭ᠎ᠠ ᠬᠡᠮᠵᠢᠶ᠎ᠡ᠎ᠠᠪᠴᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠬᠥᠮᠥᠰ᠎ᠦᠨ ᠰᠡᠳᠬᠢᠯ ᠳ᠋ᠤ ᠬᠠᠳᠠᠩᠰᠢᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠨᠡᠩ ᠲᠤᠳᠤᠨᠤ ᠨᠠᠢᠷᠰᠠᠭ ᠪᠤᠯᠭᠠᠨ᠎ᠠ᠃

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠪᠣᠯ ᠤᠯᠤᠰ ᠣᠷᠣᠨ᠎ᠤ ᠨᠢᠭᠡᠳᠦᠯ᠎ᠦᠨ ᠰᠠᠭᠤᠷᠢ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠂ ᠤᠶᠤᠨ ᠰᠠᠨᠠᠭᠠᠨ᠎ᠤ ᠰᠦᠭ ᠰᠦᠨᠡᠰᠦ ᠮᠥᠨ᠃ ᠳᠤᠮᠳᠠᠳᠤ᠎ᠶᠢᠨ ᠦᠨᠳᠦᠰᠦᠲᠡᠨ ᠎ᠦ ᠬᠠᠮᠲᠤ ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠮᠥᠨ᠃ ᠥᠪᠥᠷ ᠮᠣᠩᠭᠣᠯ ᠡᠨᠡ᠎ᠬᠦ ᠭᠣᠣᠯ ᠰᠢᠵᠢᠮ᠎ᠢ ᠪᠠᠲᠤ ᠡᠵᠡᠮᠳᠡᠵᠦ᠂ ᠠᠴᠢᠶᠠᠯᠠᠪᠤᠷᠢ᠎ᠶᠢ ᠲᠠᠰᠤᠷᠠᠯᠲᠠ ᠦᠭᠡᠢ ᠰᠢᠨᠡᠴᠢᠯᠡᠵᠦ᠂ ᠬᠡᠯᠪᠡᠷᠢ᠎ᠶᠢ ᠴᠢᠨᠠᠭᠰᠢᠳᠠ ᠪᠠᠶᠠᠯᠢᠭ᠍ᠵᠢᠭᠤᠯᠵᠤ᠂ ᠦᠢᠯᠡᠳᠦᠯᠭᠡ᠎ᠶᠢᠨ ᠵᠢᠭᠰᠠᠭᠠᠯ᠎ᠤᠨ ᠭᠠᠵᠠᠷ᠎ᠢ ᠪᠡᠬᠢᠵᠢᠭᠦᠯᠵᠦ᠍᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠣᠨ᠎ᠤ  ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ᠂ ᠢᠵᠢᠯ ᠴᠢᠭᠯᠡᠯ᠎ᠢᠶᠡᠷ ᠤᠷᠤᠭᠰᠢᠯᠠᠬᠤ ᠰᠦᠷ ᠲᠠᠯᠠᠢᠴᠠᠳᠠᠢ ᠠᠦᠭ᠎ᠠ ᠬᠦᠴᠦᠨ᠎ᠢ ᠨᠢᠬᠳᠠᠷᠠᠭᠤᠯᠵᠤ᠂ ᠬᠠᠮᠳᠤ ᠪᠡᠷ ᠪᠦᠯᠬᠦᠮᠳᠡᠨ ᠲᠡᠮᠡᠴᠡᠬᠦ᠂ ᠬᠠᠮᠳᠤ ᠪᠡᠷ ᠴᠡᠴᠡᠭᠯᠡᠨ ᠬᠦᠭᠵᠢᠬᠦ ᠴᠠᠭ ᠦᠶ᠎ᠠ ᠵᠢᠨ ᠬᠦᠴᠦᠷᠭᠡᠭ ᠲᠠᠭᠤᠨ᠎ᠢ ᠦᠪᠦᠷ ᠮᠤᠨᠭᠭᠤᠯ᠎ᠦᠨ ᠡᠭᠡ ᠭᠠᠵᠠᠷ ᠲᠸ᠋ ᠴᠤᠤᠷᠢᠶᠠᠳᠤᠭᠤᠯᠦᠨ᠎ᠠ᠃

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠳᠤ ᠨᠢᠳᠦᠨ᠎ᠳᠦ ᠦᠵᠡᠭᠳᠡᠵᠦ ᠭᠠᠷ᠎ᠲᠤ ᠪᠠᠷᠢᠭ᠍ᠳᠠᠮ᠎ᠠ ᠠᠵᠢᠯ᠎ᠢ ᠬᠢᠬᠦ ᠮᠥᠷᠲᠡᠭᠡᠨ ᠪᠠᠰᠠ ᠶᠡᠬᠡ ᠬᠡᠮᠵᠢᠶᠡᠨ᠎ᠦ 《ᠵᠦᠭᠡᠯᠡᠨ ᠬᠤᠷ᠎ᠠ ᠳᠦᠮᠡᠨ ᠪᠤᠳᠠᠰ᠎ᠢ ᠤᠮᠳᠠᠯᠠᠬᠤ》 ᠶᠠᠪᠤᠳᠠᠯ᠎ᠢ  ᠬᠢᠬᠦ ᠬᠡᠷᠡᠭᠲᠡᠢ᠃ ᠰᠤᠷᠭᠠᠭᠤᠯᠢ᠎ᠶᠢᠨ ᠬᠦᠷᠢᠶᠡᠨ᠎ᠳᠡᠬᠢ ᠪᠠᠶᠠᠯᠢᠭ᠋ ᠪᠥᠭᠡᠳ ᠠᠮᠢᠳᠤᠯᠢᠭ᠋ ᠠᠭᠤᠰᠤᠯᠴᠠᠭᠤᠯᠬᠤ ᠮᠠᠶᠢᠭ᠋᠎ᠤᠨ ᠰᠤᠷᠭᠠᠨ ᠬᠥᠮᠦᠵᠢᠯ ᠨᠢ ᠵᠠᠪᠰᠠᠷᠳᠠᠯ᠎ᠢ ᠠᠷᠢᠯᠭᠠᠨ᠂ ᠭᠡᠷ ᠪᠦᠯᠢ ᠪᠠ ᠰᠤᠷᠭᠠᠭᠤᠯᠢ ᠬᠠᠮᠲᠤᠷᠠᠨ ᠬᠥᠳᠡᠯᠦᠯᠴᠡᠬᠦ᠎ᠶᠢ ᠪᠡᠶᠡᠯᠡᠭᠦᠯᠪᠡ; ᠳᠡᠭᠡᠳᠦ ᠰᠤᠷᠭᠠᠭᠤᠯᠢ᠎ᠶᠢᠨ ᠬᠢᠭᠰᠡᠨ ᠬᠠᠮᠢᠶ᠎ᠠ ᠪᠦᠬᠦᠢ ᠣᠨᠣᠯ᠎ᠤᠨ ᠰᠤᠳᠤᠯᠭᠠᠨ ᠨᠢ ᠳᠤᠭᠠᠴᠢᠯᠠᠯᠳᠠ ᠤᠶᠤᠨᠴᠢᠯᠠᠯᠳᠠ᠎ᠶᠢᠨ ᠮᠡᠷᠭᠡᠵᠢᠯ᠎ᠢ ᠬᠡᠷᠡᠭᠯᠡᠵᠦ᠂ ᠰᠢᠨ᠎ᠡ ᠮᠡᠷᠭᠡᠵᠢᠯ᠎ᠵᠢᠡᠷ ᠣᠨᠣᠯ᠎ᠤᠨ ᠬᠡᠷᠡᠭᠯᠡᠯᠲᠡ᠎ᠶᠢ ᠲᠦᠷᠭᠡᠳᠬᠡᠪᠡ; ᠥᠪᠡᠷᠮᠢᠴᠡ ᠣᠨᠴᠠᠯᠢᠭ᠋᠎ᠢᠶᠠᠷ ᠢᠯᠡ ᠲᠣᠳᠣ᠌ ᠰᠣᠶᠣᠯ᠎ᠤᠨ ᠦᠵᠡᠭᠦᠯᠭᠡ᠎ᠶᠢᠨ ᠣᠷᠳᠣᠨ᠂ ᠦᠵᠡᠭᠦᠯᠭᠡ᠎ᠶᠢᠨ ᠪᠣᠳᠠᠰ᠎ᠤᠨ ᠦᠯᠢᠭᠡᠷ᠎ᠢᠶᠡᠷ ᠦᠨᠳᠦᠰᠦᠲᠡᠨ᠎ᠦ ᠪᠦᠯᠬᠦᠮᠳᠡᠯ᠎ᠦᠨ ᠶᠡᠬᠡ ᠬᠢᠴᠢᠶᠡᠯ᠎ᠦᠨ ᠲᠠᠩᠬᠢᠮ᠎ᠢ ᠪᠠᠢᠭᠤᠯᠪᠠ ᠁ ᠥᠪᠥᠷ ᠮᠣᠩᠭᠣᠯ ᠡᠯ᠎ᠡ ᠵᠦᠢᠯ᠎ᠦᠨ ᠠᠵᠢᠯ᠎ᠢ ᠪᠣᠳᠠᠲᠠᠢ ᠠᠳᠬᠤᠵᠤ᠂ ᠨᠠᠷᠢᠯᠢᠭ᠋ ᠬᠢᠵᠦ᠂  ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ ᠎ᠶᠢᠨ ᠴᠣᠭᠴᠠ ᠎ᠶᠢᠨ ᠤᠬᠠᠮᠰᠠᠷ᠎ᠢ ᠰᠡᠳᠬᠢᠯ ᠵᠢᠷᠦᠬᠡᠨ᠎ᠳᠡᠭᠡᠨ ᠰᠢᠩᠭᠡᠭᠡᠵᠦ᠂ ᠦᠢᠯᠡ ᠠᠵᠢᠯᠯᠠᠭ᠎ᠠ᠎ᠳᠠᠭᠠᠨ ᠢᠯᠡᠷᠡᠭᠦᠯᠬᠦ ᠤᠬᠠᠮᠰᠠᠷᠲᠤ ᠠᠵᠢᠯᠯᠠᠭ᠎ᠠ ᠪᠣᠯᠭᠠᠵᠤ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠎ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠦᠨ ᠲᠡᠦᠭᠡᠨ ᠪᠤᠳᠠᠳᠤ ᠶᠠᠪᠤᠳᠠᠯ᠎ᠢ ᠬᠦᠨᠵᠡᠭᠡᠢ ᠠᠭᠤᠳᠠᠯᠵᠤ᠂ ᠰᠢᠨ᠎ᠠ ᠴᠠᠭ ᠦᠶ᠎ᠠ ᠡᠴᠡ ᠨᠠᠭᠠᠰᠢᠬᠢ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠨᠠᠢᠳᠡᠯᠢᠭ ᠵᠢᠱ᠌ᠢᠶ᠎ᠠ ᠵᠢ ᠴᠠᠭ ᠲᠤᠬᠠᠢ ᠳ᠋ᠤᠨᠢ ᠢᠯᠡᠷᠡᠬᠦᠯᠵᠤ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠦᠯᠢᠬᠡᠷ᠎ᠢ ᠰᠠᠢᠳᠤᠷ ᠶᠠᠷᠢᠬᠤ ᠬᠡᠷᠡᠭᠳᠠᠢ᠃

ᠤᠯᠠᠨ᠎ᠤ ᠬᠦᠴᠦᠨ ᠳ᠋ᠤ ᠤᠪᠤᠭ᠎ᠠ ᠪᠤᠰᠴᠤ᠂ ᠰᠡᠳᠬᠢᠯ ᠨᠢᠭᠡᠳᠪᠡᠯ ᠠᠯᠢᠪᠠ ᠦᠢᠯᠡᠰ ᠪᠦᠳᠦᠨ᠎ᠠ᠃ ᠦᠪᠦᠷ ᠮᠤᠨᠭᠭᠤᠯ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠪᠠᠳᠤ ᠴᠤᠬᠴᠠᠯᠠᠬᠤ ᠵᠢ ᠡᠯ᠎ᠠ ᠵᠦᠢᠯ᠎ᠦᠨ ᠠᠵᠢᠯ᠎ᠦᠨ ᠭᠤᠤᠯ ᠰᠢᠵᠢᠮ ᠪᠤᠯᠭᠠᠵᠤ᠂ ᠵᠢᠱ᠌ᠢᠶᠡᠴᠢ ᠦᠪᠡᠷᠳᠡᠭᠡᠨ ᠵᠠᠰᠠᠬᠤ ᠤᠷᠤᠨ᠎ᠤ ᠡᠷᠬᠢᠮ ᠲᠠᠭᠡᠳᠤ ᠢᠷᠠᠭᠤ ᠠᠯᠳᠠᠷ᠎ᠢᠶᠡᠨ ᠬᠤᠪᠢ ᠲᠠᠬᠢᠨ ᠨᠠᠨᠳᠢᠨᠭᠨᠠᠵᠤ᠂ ᠦᠪᠦᠷ ᠮᠤᠨᠭᠭᠤᠯ᠎ᠦᠨ ᠴᠢᠨᠠᠷ ᠰᠠᠢᠳᠠᠢ ᠬᠦᠭᠵᠢᠯᠳᠠ ᠵᠢ ᠠᠬᠢᠭᠤᠯᠬᠤ ᠠᠦᠭ᠎ᠠ ᠬᠦᠴᠦᠨ᠎ᠢ ᠨᠢᠬᠳᠠᠷᠠᠭᠤᠯᠬᠤ ᠨᠢ ᠯᠠᠪᠳᠠᠢ ᠶᠤᠮ᠃ ᠤᠷᠤᠨ ᠲᠠᠶᠠᠭᠠᠷ ᠵᠢᠡᠨ  ᠴᠠᠭ ᠮᠦᠴᠡ ᠲᠠᠢ ᠤᠷᠤᠯᠳᠤᠬᠤ ᠬᠠᠷᠢᠭᠤᠴᠠᠯᠭᠠᠳᠤ ᠰᠡᠳᠬᠢᠯᠭᠡ᠂ ᠦᠷᠯᠦᠭᠡ ᠦᠳᠡᠰᠢ ᠵᠢ ᠲᠡᠮᠡᠴᠡᠬᠦ ᠡᠬᠦᠷᠭᠡᠳᠤ ᠪᠤᠳᠤᠯ᠂ ᠪᠠᠶ᠎ᠠ ᠪᠡᠷ᠎ᠢᠶᠡᠨ ᠤᠷᠤᠯᠴᠠᠬᠤ ᠲᠤᠯᠭᠠᠮ ᠪᠤᠳᠤᠯ᠎ᠢᠶᠡᠷ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠳᠠ ᠵᠢᠨ ᠵᠢᠯ ᠳ᠋ᠤ ᠰᠢᠨ᠎ᠠ ᠲᠦᠷᠰᠤ ᠪᠠᠢᠳᠠᠯ᠎ᠢ ᠢᠯᠡᠷᠡᠬᠦᠯᠵᠤ᠂ ᠰᠢᠨ᠎ᠠ ᠠᠮᠵᠢᠯᠳᠠ ᠪᠦᠳᠤᠮᠵᠢ ᠭᠠᠷᠭᠠᠵᠤ᠂ ᠰᠢᠨ᠎ᠠ ᠦᠷ᠎ᠠ ᠪᠦᠳᠤᠮᠵᠢ ᠭᠠᠷᠭᠠᠬᠤ ᠪᠡᠷ ᠴᠢᠷᠮᠠᠢᠵᠠᠭᠠᠶ᠎ᠠ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号