ᠦᠪᠦᠷ ᠮᠤᠩᠭᠤᠯ ᠨᠠᠰᠤᠨ ᠲᠤᠷᠰᠢᠲᠠ ᠎ᠶᠢᠨ ᠰᠤᠷᠭᠠᠨ ᠬᠥᠮᠦᠵᠢᠯ ᠎ᠤᠨ ᠵᠢᠭᠠᠨ ᠰᠤᠷᠭᠠᠯᠲᠠ᠎ᠶᠢᠨ ᠦᠷ᠎ᠡ ᠪᠦᠲᠦᠭᠡᠯ᠎ᠦᠨ ᠦᠵᠡᠬᠦᠯᠬᠡ ᠡᠷᠬᠢᠯᠡᠪᠡ
2026-07-22 10:29:05
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠥᠪᠤᠷ ᠮᠤᠨᠭᠭᠤᠯ ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠵᠡᠷᠭᠡ᠎ᠶᠢᠨ ᠤᠷᠠᠯᠢᠭ᠋᠎ᠤᠨ ᠰᠤᠷᠭᠠᠭᠤᠯᠢ᠎ᠠᠴᠠ ᠳᠠᠭᠠᠭᠠᠴᠢᠯᠠᠨ ᠡᠷᠭᠢᠯᠡᠭᠰᠡᠨ 《ᠤᠮᠠᠷᠠᠲᠤ ᠎ᠬᠢᠯᠢ ᠵᠢᠨ ᠪᠤᠭᠤᠷᠤᠯᠴᠤᠳ ᠤᠭ ᠰᠠᠨᠠᠭ᠎ᠠ᠎ᠪᠠᠨ ᠥᠯᠥ ᠮᠠᠷᠲᠠᠨ᠎ᠠ》 ᠭᠡᠬᠦ ᠪᠡᠷ ᠭᠤᠤᠯ ᠰᠡᠳᠦᠪ ᠪᠤᠯᠭᠠᠭᠰᠠᠨ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠦᠷ᠎ᠡ ᠪᠦᠲᠦᠭᠡᠯ᠎ᠦᠨ ᠦᠵᠡᠭᠦᠯᠭᠡ᠎ᠶᠢᠨ ᠲᠣᠭᠯᠠᠯᠲᠠ ᠥᠪᠥᠷ ᠮᠣᠩᠭᠣᠯ᠎ᠤᠨ ᠰᠣᠶᠣᠯ᠎ᠤᠨ ᠣᠷᠳᠣᠨ᠎ᠳᠤ ᠶᠠᠪᠤᠭᠳᠠᠪᠠ᠃

ᠦᠵᠡᠭᠦᠯᠭᠡ᠎ᠶᠢᠨ ᠲᠣᠭᠯᠠᠯᠲᠠ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠳᠤ ᠴᠤᠭᠴᠠᠯᠠᠬᠤ ᠭᠣᠣᠯ ᠰᠢᠵᠢᠮ᠎ᠤᠨ ᠲᠣᠭᠣᠷᠢᠨ᠎ᠳᠤ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠯᠢᠭᠡᠷ ᠎ᠢ ᠰᠠᠢᠲᠤᠷ ᠶᠠᠷᠢᠵᠤ᠂ ᠥᠷᠭᠡᠨ ᠤᠯᠠᠨ ᠲᠦᠮᠡᠨ᠎ᠦ ᠨᠠᠮ᠎ᠤᠨ ᠠᠴᠢ ᠳ᠋ᠤ ᠳᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠬᠤ ᠵᠢ ᠬᠥᠲᠥᠯᠥᠨ ᠵᠢᠯᠤᠭᠤᠳᠬᠤ ᠵᠢᠨ ᠬᠠᠮᠲᠤ ᠲᠤᠰ ᠤᠳᠠᠭ᠎ᠠ᠎ᠶᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠵᠤ᠂ ᠨᠠᠰᠤᠨ ᠲᠤᠷᠰᠢᠲᠠ᠎ᠶᠢᠨ ᠰᠤᠷᠤᠯᠴᠠᠯᠭ᠎ᠠ᠎ᠶᠢᠨ ᠤᠯᠠᠨ ᠨᠡᠶ᠋ᠢᠲᠡ᠎ᠶᠢᠨ ᠦᠢᠯᠡᠴᠢᠯᠡᠭᠡ ᠎ᠶᠢ ᠰᠢᠯᠢᠳᠡᠭᠵᠢᠭᠦᠯᠬᠦ᠎ᠶᠢ ᠶᠡᠬᠡᠪᠡᠷ ᠠᠬᠢᠭᠤᠯᠵᠤ᠂ ᠰᠤᠷᠤᠯᠴᠠᠬᠤ ᠬᠡᠯᠪᠡᠷᠢ ᠎ᠶᠢᠨ ᠨᠡᠢᠭᠡᠮ ᠎ᠦᠨ ᠰᠠᠭᠤᠷᠢ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠡᠬᠢ ᠪᠠᠶᠠᠯᠢᠭ᠋᠎ᠢ ᠬᠤᠷᠠᠮᠳᠤᠭᠤᠯᠤᠨ ᠬᠠᠮᠲᠤ ᠎ᠪᠠᠷ ᠡᠳ᠋ᠯᠡᠬᠦ᠎ᠶᠢ ᠠᠬᠢᠭᠤᠯᠪᠠ᠃

ᠲᠣᠭᠯᠠᠯᠲᠠ᠎ᠳᠤ ᠣᠷᠣᠯᠴᠠᠭᠰᠠᠨ ᠪᠦᠲᠦᠭᠡᠯ ᠨᠢ ᠳᠠᠭᠤᠤ᠂ ᠬᠥᠭᠵᠢᠮ᠂ ᠪᠥᠵᠢᠭ᠂ ᠬᠤᠪᠴᠠᠰᠤ ᠵᠠᠰᠠᠯ᠎ᠤᠨ ᠦᠵᠡᠬᠦᠯᠬᠡ ᠵᠢᠨ ᠲᠣᠭᠯᠠᠯᠲᠠ ᠵᠡᠷᠭᠡ ᠤᠯᠠᠨ ᠲᠦᠷᠦᠯ᠎ᠢ ᠬᠠᠮᠤᠷᠴᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮ ᠴᠢᠨᠠᠭᠰᠢᠳᠠ ᠪᠠᠳᠠᠷᠠᠭᠤᠯᠵᠤ᠂ ᠬᠠᠮᠲᠤ᠎ᠶᠢᠨ ᠬᠠᠢᠷ᠎ᠠ ᠰᠡᠳᠬᠢᠯᠭᠡ ᠪᠠ ᠦᠨ᠎ᠡ ᠦᠷᠳᠡᠭ᠂ ᠬᠠᠮᠲᠤ᠎ᠶᠢᠨ ᠬᠦᠰᠡᠯᠡᠩ ᠪᠠ ᠵᠣᠷᠢᠭ᠋ ᠰᠠᠨᠠᠭ᠎ᠠ᠎ᠶᠢ ᠬᠥᠮᠥᠵᠢᠭᠦᠯᠵᠦ᠂ ᠨᠡᠩ ᠤᠯᠠᠨ ᠬᠥᠮᠥᠰ ᠎ᠢ ᠨᠠᠰᠤᠨ ᠲᠤᠷᠰᠢᠲᠠ᠎ᠶᠢᠨ ᠰᠤᠷᠤᠯᠴᠠᠯᠭ᠎ᠠ᠎ᠳᠤ ᠪᠠᠬᠠᠲᠠᠢ ᠪᠣᠯᠭᠠᠵᠤ᠂ ᠰᠣᠶᠣᠯ ᠎ᠤᠨ ᠢᠲᠡᠭᠡᠯ ᠎ᠢ ᠨᠢ ᠪᠠᠳᠤᠳᠬᠠᠪᠠ᠃ ᠲᠣᠰ ᠤᠳᠠᠭᠠᠨ᠎ᠤ ᠦᠵᠡᠭᠦᠯᠭᠡ᠎ᠳ᠋ᠤ 14 ᠲᠥᠯᠥᠭᠡᠯᠡᠭᠴᠢᠳ᠎ᠦᠨ  ᠪᠦᠯᠬᠦᠮ᠂ 260 ᠰᠢᠬᠠᠮ ᠬᠥᠮᠥᠨ ᠲᠣᠭᠯᠠᠯᠲᠠ᠎ᠳᠤ ᠣᠷᠣᠯᠴᠠᠵᠤ᠂ ᠤᠯᠤᠰ᠎ᠤᠨ ᠨᠢᠭᠡᠳᠦᠭᠡᠷ ᠳᠡᠰ᠎ᠤᠨ ᠪᠥᠵᠢᠭᠴᠢᠨ᠂ ᠤᠯᠤᠰ᠎ᠤᠨ ᠨᠢᠭᠡᠳᠦᠭᠡᠷ ᠳᠡᠰ᠎ᠤᠨ ᠠᠶ᠎ᠠ ᠵᠣᠬᠢᠶᠠᠭ᠍ᠴᠢ ᠵᠡᠷᠭᠡ ᠲᠤᠰᠬᠠᠢ ᠮᠡᠷᠭᠡᠵᠢᠯᠲᠡᠨ᠎ᠢ ᠤᠷᠢᠵᠤ ᠲᠤᠬᠠᠢ᠎ᠶᠢᠨ ᠲᠠᠯᠠᠪᠤᠷ᠎ᠲᠤ ᠦᠨᠡᠯᠡᠯᠳᠡ ᠬᠢᠵᠦ ᠬᠤᠪᠢ ᠥᠭᠬᠦᠨ᠂ ᠡᠴᠦᠰ᠎ᠲᠡᠬᠡᠨ ᠬᠣᠷᠴᠢᠨ᠎ᠤ ᠤᠷᠠᠯᠢᠭ᠋᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ 《ᠪᠤᠭᠤᠷᠤᠯᠴᠤᠳ᠎ᠤᠨ ᠪᠠᠶᠠᠷᠳᠤ ᠳᠠᠭᠤᠯᠠᠯ》 ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃ 

ᠣᠯᠠᠨ ᠵᠢᠯ᠎ᠦᠨ ᠲᠤᠷᠰᠢ᠂ ᠦᠪᠦᠷ ᠮᠤᠩᠭᠤᠯ ᠨᠠᠰᠤᠨ ᠲᠤᠷᠰᠢᠳᠠ᠎ᠶᠢᠨ ᠰᠤᠷᠭᠠᠨ ᠬᠥᠮᠦᠵᠢᠯ᠎ᠢ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ᠎ᠳᠦ ᠦᠢᠯᠡᠴᠢᠯᠡᠬᠦ᠎ᠶᠢᠨ ᠭᠣᠣᠯᠳᠠᠯᠭ᠎ᠠ᠎ᠲᠠᠢ ᠠᠭᠤᠯᠭ᠎ᠠ ᠪᠣᠯᠭᠠᠵᠤ᠂ ᠰᠤᠷᠤᠯᠴᠠᠬᠤ ᠮᠠᠶᠢᠭ᠋᠎ᠤᠨ ᠨᠡᠢᠭᠡᠮ᠎ᠦᠨ ᠪᠠᠢᠭᠤᠯᠤᠯᠲᠠ ᠪᠠ ᠰᠤᠷᠭᠠᠨ ᠬᠥᠮᠦᠵᠢᠯ᠎ᠦᠨ ᠳᠤᠭᠠᠴᠢᠯᠠᠯᠳᠠ ᠪᠡᠷ ᠴᠢᠳᠠᠪᠤᠷᠢ ᠣᠯᠭᠣᠬᠤ ᠢᠨᠵᠧᠨᠧᠷᠢᠩ᠎ᠢ ᠬᠡᠷᠡᠭᠵᠢᠭᠦᠯᠦᠨ᠂  ᠨᠠᠰᠤᠨ ᠲᠤᠷᠰᠢᠳᠠ᠎ᠶᠢᠨ ᠰᠤᠷᠭᠠᠨ ᠬᠥᠮᠦᠵᠢᠯ᠎ᠦᠨ ᠰᠢᠰᠲᠧᠮ ᠢ᠋ ᠪᠠᠢᠭᠤᠯᠤᠨ ᠲᠡᠬᠦᠯᠳᠡᠷᠵᠢᠬᠦᠯᠵᠦ ᠪᠠᠢᠨ᠎ᠠ᠃  ᠬᠣᠰᠢᠭᠤ ᠰᠢᠶᠠᠨ ᠪᠦᠬᠦᠨ ᠳ᠋ᠤ ᠨᠠᠰᠤᠲᠠᠢᠴᠤᠳ᠎ᠤᠨ ᠶᠡᠬᠡ ᠰᠤᠷᠭᠠᠭᠤᠯᠢ ᠪᠠᠢᠬᠤ ᠵᠢ ᠪᠡᠶᠡᠯᠡᠭᠦᠯᠵᠦ᠂ ᠰᠤᠷᠭᠠᠨ ᠬᠥᠮᠦᠵᠢᠯ᠎ᠦᠨ ᠠᠵᠢᠯᠯᠠᠭ᠎ᠠ᠎ᠳᠤ ᠪᠠᠢᠩᠭᠤ ᠣᠷᠣᠯᠴᠠᠬᠤ ᠨᠠᠰᠤᠲᠠᠢᠴᠤᠳ᠎ᠤᠨ ᠳᠤᠭ᠎ᠠ 60 ᠨᠠᠰᠤ ᠵᠢᠴᠢ 60 ᠨᠠᠰᠤᠨ ᠠ᠋ᠴᠠ ᠳᠡᠭᠡᠭᠰᠢᠬᠢ ᠬᠥᠮᠥᠨ ᠠᠮᠠ᠎ᠶᠢᠨ 22.6%᠎ᠶᠢ ᠡᠵᠡᠯᠡᠪᠡ᠃ ᠰᠢᠶᠠᠩ ᠪᠠᠯᠭᠠᠰᠤᠨ᠎ᠤ ᠱᠠᠲᠤᠨ᠎ᠤ ᠨᠠᠰᠤᠲᠠᠢᠴᠤᠳ᠎ᠤᠨ ᠰᠤᠷᠭᠠᠨ ᠬᠥᠮᠦᠵᠢᠯ ᠎ᠦᠨ ᠵᠢᠭᠠᠨ ᠰᠤᠷᠭᠠᠯᠲᠠ᠎ᠶᠢᠨ ᠴᠡᠭ᠎ᠢ ᠪᠦᠷᠬᠦᠬᠦᠯᠬᠦ ᠢᠨᠵᠧᠨᠧᠷᠢᠩ᠎ᠢ ᠡᠬᠢᠯᠡᠭᠦᠯᠵᠦ᠂ ᠰᠤᠷᠭᠠᠨ ᠬᠥᠮᠦᠵᠢᠯ᠎ᠦᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠦᠭᠡᠮᠡᠯ ᠬᠠᠷᠠᠭᠠᠯᠵᠠᠯ᠎ᠤᠨ ᠴᠢᠨᠠᠷ᠂ ᠪᠣᠯᠣᠮᠵᠢᠲᠤ ᠴᠢᠨᠠᠷ᠂ ᠳᠥᠭᠥᠮ ᠳᠥᠲᠡ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号