ᠣᠶ᠋ᠢᠷ᠎ᠠ ᠳ᠋ᠤ᠌ ᠬᠥᠬᠡᠬᠣᠲᠠ ᠵᠢᠨ ᠠᠷᠠᠳ ᠤ᠋ᠨ ᠵᠠᠰᠠᠭ ᠤ᠋ᠨ ᠣᠷᠳᠣᠨ ᠳᠤᠮᠳᠠᠳᠤ ᠤᠯᠤᠰ ᠤ᠋ᠨ ᠠᠷᠠᠳ ᠤ᠋ᠨ ᠪᠠᠩᠬᠢ ᠵᠢᠨ ᠥᠪᠥᠷ ᠮᠣᠩᠭᠣᠯ ᠳ᠋ᠡᠬᠢ ᠬᠤᠪᠢᠶᠠᠷᠢ ᠪᠠᠩᠬᠢ ᠲᠠᠶ ᠬᠠᠮᠲᠤᠷᠠᠨ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠵᠢᠨ ᠣᠷᠣᠨ ᠤ᠋ ᠬᠥᠬᠡᠬᠣᠲᠠ ᠵᠢᠨ ᠬᠡᠰᠡᠭ ᠤ᠋ᠨ ᠮᠥᠩᠭᠥᠨ ᠬᠦᠢᠯᠬᠡᠬᠡᠨ ᠤ᠋ ᠥᠭᠡᠷᠡᠴᠢᠯᠡᠯᠲᠡ ᠵᠢᠨ ᠰᠢᠨ᠎ᠡ ᠵᠢ ᠡᠭᠦᠳᠬᠦ᠌ ᠠᠷᠪᠠᠨ ᠵᠦᠢᠯ ᠤ᠋ᠨ ᠠᠷᠭ᠎ᠠ ᠬᠡᠮᠵᠢᠶ᠎ᠡ》 (ᠳᠣᠷᠣᠭᠰᠢ 《ᠠᠷᠪᠠᠨ ᠵᠦᠢᠯ ᠤ᠋ᠨ ᠠᠷᠭ᠎ᠠ ᠬᠡᠮᠵᠢᠶ᠎ᠡ》 ᠭᠡᠵᠦ᠍ ᠲᠣᠪᠴᠢᠯᠠᠨ᠎ᠠ) ᠢ᠋ᠢ ᠳᠠᠷᠤᠮᠠᠯᠯᠠᠨ ᠲᠠᠷᠬᠠᠭᠠᠵᠤ᠂ ᠬᠦᠬᠡᠬᠤᠳᠠ ᠵᠢᠨ ᠬᠡᠰᠡᠭ ᠤ᠋ᠨ ᠠᠵᠤ ᠤᠢᠯᠡᠰ ᠤ᠋ᠨ ᠰᠠᠭᠤᠷᠢ ᠪᠤᠯᠤᠨ ᠣᠷᠣᠨ ᠪᠠᠶ᠋ᠢᠷᠢ ᠵᠢᠨ ᠳᠠᠪᠠᠭᠤᠯᠢᠭ ᠲᠦ᠍ ᠰᠠᠭᠤᠷᠢᠯᠠᠨ ᠬᠢᠯᠢ ᠠᠯᠤᠰᠯᠠᠵᠤ ᠳ᠋ᠦᠨᠭᠨᠡᠨ ᠪᠤᠳᠤᠬᠤ ᠳ᠋ᠤ᠌ ᠲᠥᠬᠥᠮ ᠦᠵᠡᠭᠦᠯᠬᠦ᠌᠂ ᠪᠥᠬᠥ᠌ ᠬᠡᠯᠬᠢᠶᠡᠨ ᠳ᠋ᠤ᠌ ᠪᠡᠯᠡ ᠬᠤᠷᠠᠮᠳᠤᠭᠤᠯᠬᠤ᠂ ᠤᠢᠯᠡᠴᠢᠯᠡᠬᠡ ᠢ᠋ᠢ ᠪᠠᠳᠤᠯᠠᠬᠤ ᠵᠡᠷᠭᠡ ᠵᠠᠩᠭᠢᠯᠠᠭ᠎ᠠ ᠵᠢᠨ ᠬᠦᠷᠢᠶ᠎ᠠ ᠴᠠᠷᠠᠭ᠎ᠠ ᠵᠢᠨ ᠲᠣᠭᠣᠷᠢᠨ ᠳ᠋ᠤ᠌ 10 ᠵᠦᠢᠯ ᠤ᠋ᠨ ᠪᠣᠳᠠᠲᠠᠶ ᠠᠷᠭ᠎ᠠ ᠬᠡᠮᠵᠢᠶ᠎ᠡ ᠠᠪᠴᠤ᠂ ᠮᠥᠩᠭᠥᠨ ᠬᠦᠢᠯᠬᠡᠬᠡᠨ ᠤ᠋ ᠥᠭᠡᠷᠡᠴᠢᠯᠡᠯᠲᠡ ᠢ᠋ᠢᠨ ᠰᠢᠨ᠎ᠡ ᠵᠢ ᠡᠭᠦᠳᠬᠦ᠌ ᠠᠷᠭ᠎ᠠ ᠬᠡᠮᠵᠢᠶ᠎ᠡ ᠪᠡᠷ ᠥᠪᠥᠷ ᠮᠣᠩᠭᠣᠯ ᠤ᠋ᠨ ᠴᠢᠯᠦᠬᠡᠳᠤ ᠠᠷᠠᠯᠵᠢᠶᠡᠨ ᠤ᠋ ᠲᠤᠷᠰᠢᠯᠳᠡ ᠢ᠋ᠢᠨ ᠤᠷᠤᠨ ᠤ᠋ ᠬᠦᠬᠡᠬᠤᠳᠡ ᠢ᠋ᠢᠨ ᠬᠡᠰᠡᠭ ᠤ᠋ᠨ ᠬᠢᠯᠢ ᠠᠯᠤᠰᠯᠠᠭᠰᠠᠨ ᠮᠥᠩᠭᠥᠨ ᠬᠦᠢᠯᠬᠡᠬᠡᠨ ᠤ᠋ ᠨᠡᠭᠡᠭᠡᠯᠲᠡ ᠢ᠋ᠢᠨ ᠴᠢᠳᠠᠪᠬᠢ ᠲᠠᠰ ᠢ᠋ ᠳᠡᠭᠡᠭᠰᠢᠯᠡᠭᠦᠯᠵᠤ ᠪᠠᠢᠨ᠎ᠡ᠃
ᠲᠣᠰ ᠤᠳᠠᠭ᠎ᠠ ᠵᠢᠨ ᠨᠡᠶ᠋ᠢᠲᠡᠯᠡᠭᠰᠡᠨ 《ᠠᠷᠪᠠᠨ ᠵᠦᠢᠯ ᠤ᠋ᠨ ᠠᠷᠭ᠎ᠠ ᠬᠡᠮᠵᠢᠶ᠎ᠡ》 ᠢ᠋ᠢᠨ ᠬᠢᠯᠠᠰ ᠴᠡᠭ ᠨᠢ ᠲᠣᠪᠣᠶ᠋ᠢᠮᠠ᠂ ᠬᠠᠷᠠᠯᠲᠠ ᠨᠢ ᠣᠨᠣᠪᠴᠢᠲᠠᠶ ᠶᠤᠮ᠃ ᠬᠢᠯᠢ ᠠᠯᠤᠰᠯᠠᠭᠰᠠᠨ ᠮᠥᠩᠭᠥᠨ ᠬᠦᠢᠯᠬᠡᠬᠡᠨ ᠤ᠋ ᠲᠠᠯ᠎ᠠ ᠪᠠᠷ᠂ ᠬᠢᠯᠢ ᠠᠯᠤᠰᠯᠠᠵᠤ ᠳ᠋ᠦᠩᠨᠡᠨ ᠪᠤᠳᠤᠬᠤ ᠵᠢ ᠳᠥᠭᠥᠮ ᠳᠥᠲᠡ ᠪᠣᠯᠭᠠᠬᠤ ᠵᠢ ᠠᠬᠢᠭᠤᠯᠵᠤ᠂ ᠠᠷᠠᠳ ᠤ᠋ᠨ ᠵᠤᠭᠤᠰ ᠪᠠ ᠭᠠᠳᠠᠭᠠᠳᠤ ᠵᠢᠨ ᠵᠣᠭᠣᠰ ᠢ᠋ ᠨᠢᠭᠡ ᠴᠣᠭᠴᠠᠵᠢᠭᠤᠯᠤᠭᠰᠠᠨ ᠪᠠᠩᠬᠢ ᠵᠢᠨ ᠳ᠋ᠦᠩᠨᠡᠨ ᠪᠤᠳᠤᠬᠤ ᠲᠠᠨᠭᠰᠠ ᠢ᠋ᠢᠨ ᠰᠢᠰᠲ᠋ᠸᠮ ᠪᠤᠯᠤᠨ ᠤᠯᠤᠰ ᠠᠯᠤᠰᠯᠠᠭᠰᠠᠨ ᠺᠣᠮᠫᠠᠨᠢ ᠵᠢᠨ ᠠᠷᠠᠳ ᠤ᠋ᠨ ᠵᠤᠭᠤᠰ ᠪᠠ ᠭᠠᠳᠠᠭᠠᠳᠤ ᠵᠢᠨ ᠵᠣᠭᠣᠰ ᠢ᠋ ᠨᠢᠭᠡ ᠴᠣᠭᠴᠠᠵᠢᠭᠤᠯᠤᠭᠰᠠᠨ ᠪᠠᠯᠠ ᠮᠥᠩᠭᠥ ᠵᠢᠨ ᠬᠦᠮᠦᠷᠬᠡ ᠢ᠋ᠢᠨ ᠲᠤᠬᠠᠶ᠋ᠢᠯᠠᠭᠰᠠᠨ ᠠᠵᠢᠯ ᠢ᠋ ᠳᠡᠯᠭᠡᠷᠡᠭᠦᠯᠦᠨ᠂ ᠳᠤᠮᠳᠠᠳᠤ ᠮᠣᠩᠭᠣᠯ ᠤ᠋ᠨ ᠬᠢᠯᠢ ᠠᠯᠤᠰᠯᠠᠭᠰᠠᠨ ᠰᠢᠯᠵᠢᠮᠡᠯ ᠲᠣᠭᠠᠴᠠᠭ᠎ᠠ ᠵᠢᠨ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ ᠢ᠋ᠢ ᠰᠠᠭᠠᠳ ᠥᠬᠡᠶ ᠨᠡᠪᠲᠡᠷᠡᠭᠦᠯᠵᠦ᠍᠂ ᠠᠵᠤ ᠠᠬᠤᠶ᠋ᠢᠯᠠᠯ ᠤ᠋ᠨ 《ᠭᠠᠷᠴᠤ᠌ ᠶᠠᠪᠤᠬᠤ》 ᠪᠠ ᠭᠠᠳᠠᠭᠠᠳᠤ ᠪᠠᠯᠠ ᠵᠢ 《ᠣᠷᠣᠭᠤᠯᠤᠨ ᠠᠪᠴᠢᠷᠠᠬᠤ》 ᠳ᠋ᠤ᠌ ᠥᠨᠳᠥᠷ ᠪᠦᠲᠦᠮᠵᠢᠲᠡᠶ ᠪᠦᠬᠡᠳ ᠳᠥᠭᠥᠮ ᠳᠥᠲᠡ ᠮᠥᠩᠭᠥᠨ ᠬᠦᠢᠯᠬᠡᠬᠡᠨ ᠤ᠋ ᠤᠢᠯᠡᠴᠢᠯᠡᠬᠡ ᠬᠠᠩᠭᠠᠨ᠎ᠠ᠃ ᠪᠠᠯᠠ ᠬᠤᠷᠠᠮᠳᠤᠭᠤᠯᠭ᠎ᠠ ᠢ᠋ᠢᠨ ᠤᠢᠯᠡᠴᠢᠯᠡᠬᠡᠨ ᠤ᠋ ᠲᠠᠯ᠎ᠠ ᠪᠠᠷ᠂ ᠪᠥᠬᠥ᠌ ᠬᠡᠯᠬᠢᠶ᠎ᠡ ᠢ᠋ᠢᠨ ᠪᠡᠯᠡ ᠬᠤᠷᠠᠮᠳᠤᠭᠤᠯᠭ᠎ᠠ ᠢ᠋ᠢᠨ ᠤᠢᠯᠡᠴᠢᠯᠡᠬᠡᠨ ᠤ᠋ ᠰᠢᠰᠲ᠋ᠧᠮ ᠢ᠋ ᠬᠦᠴᠦᠯᠡᠨ ᠪᠠᠶ᠋ᠢᠭᠤᠯᠵᠤ᠂ ᠪᠠᠩᠬᠢ ᠵᠢ ᠬᠥᠲᠥᠯᠦᠨ ᠵᠢᠯᠣᠭᠣᠳᠴᠤ᠌ ᠪᠠᠶ᠋ᠢᠭᠠᠳ ᠲᠥᠷᠥ ᠵᠢᠨ ᠪᠣᠳᠣᠯᠭ᠎ᠠ ᠵᠢᠨ ᠴᠢᠨᠠᠷᠲᠠᠶ ᠮᠥᠩᠭᠥᠨ ᠬᠦᠢᠯᠬᠡᠬᠡᠨ ᠤ᠋ ᠪᠠᠭᠠᠵᠢ ᠵᠢ ᠰᠠᠶ᠋ᠢᠲᠤᠷ ᠬᠡᠷᠡᠭᠯᠡᠭᠦᠯᠤᠨ᠂ ᠣᠨᠴᠠᠯᠢᠠᠠᠳᠦ ᠪᠠᠷᠢᠴᠠᠭᠠᠨᠤ ᠡᠳ᠋ᠪᠤᠳᠠᠰ ᠤ᠋ᠨ ᠬᠡᠪᠴᠢᠶ᠎ᠡ ᠵᠢ ᠥᠷᠭᠡᠳᠬᠡᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ ᠵᠢᠭᠡᠯᠡᠯᠭᠡ᠂ REITs ᠵᠡᠷᠭᠡ ᠰᠢᠭᠤᠳ ᠪᠠᠯᠠ ᠬᠤᠷᠠᠮᠳᠤᠭᠤᠯᠬᠤ ᠪᠠᠭᠠᠵᠢ ᠵᠢ ᠶᠡᠬᠡ ᠪᠡᠷ ᠳᠡᠯᠭᠡᠷᠡᠭᠦᠯᠤᠨ᠂ ᠲᠡᠮᠦᠷ ᠵᠠᠮ ᠤ᠋ᠨ ᠲᠡᠭᠡᠭᠡᠪᠦᠷᠢ ᠵᠢᠨ ᠬᠠᠭᠤᠳᠠᠰᠤ ᠵᠢᠨ ᠪᠣᠳᠠᠰ ᠤ᠋ᠨ ᠡᠷᠬᠡ ᠢ᠋ᠢ ᠬᠡᠷᠡᠭᠯᠡᠬᠦ᠂ ᠬᠠᠩᠭᠠᠯᠭ᠎ᠠ ᠵᠢᠨ ᠬᠡᠯᠬᠢᠶ᠎ᠡ ᠢ᠋ᠢᠨ ᠪᠡᠯᠡ ᠬᠤᠷᠠᠮᠳᠤᠭᠤᠯᠭ᠎ᠠ ᠵᠡᠷᠭᠡ ᠭᠠᠳᠠᠭᠠᠳᠤ ᠠᠷᠠᠯᠵᠢᠶᠠᠨ ᠤ᠋ ᠣᠨᠴᠠᠯᠢᠠᠠᠳᠦ ᠵᠠᠭᠪᠤᠷᠤᠨ ᠰᠢᠨ᠎ᠡ ᠢ᠋ᠢ ᠡᠭᠦᠳᠴᠦ᠍᠂ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠵᠢᠨ ᠤᠷᠤᠨ ᠤ᠋ ᠵᠠᠬ᠎ᠠ ᠳᠡᠯᠭᠡᠭᠦᠷ ᠤ᠋ᠨ ᠭᠤᠤᠯ ᠴᠣᠭᠴᠠ ᠵᠢᠨ ᠪᠠᠯᠠ ᠬᠤᠷᠠᠮᠳᠤᠭᠤᠯᠭ᠎ᠠ ᠵᠢᠨ ᠬᠡᠷᠡᠭᠴᠡᠭᠡ ᠱᠠᠭᠠᠷᠳᠠᠯᠭ᠎ᠠ ᠵᠢ ᠣᠯᠠᠨ ᠲᠠᠯ᠎ᠠ ᠡᠴᠡ ᠬᠠᠩᠭᠠᠨ᠎ᠠ᠃ ᠰᠠᠭᠤᠷᠢ ᠪᠠᠲᠤᠯᠠᠭ᠎ᠠ ᠵᠢᠨ ᠲᠠᠯ᠎ᠠ ᠪᠠᠷ᠂ 《ᠵᠠᠰᠠᠭ ᠤ᠋ᠨ ᠣᠷᠳᠣᠨ + ᠪᠠᠩᠬᠢ + ᠢᠲᠡᠭᠡᠮᠵᠢ ᠵᠢᠨ ᠳᠠᠭᠠᠳᠬᠠᠯ ᠤ᠋ᠨ ᠪᠠᠢᠭᠤᠯᠤᠮᠵᠢ + ᠪᠠᠳᠤᠯᠠᠭ᠎ᠠ ᠢ᠋ᠢᠨ ᠪᠠᠢᠭᠤᠯᠤᠮᠵᠢ》 ᠳᠥᠷᠪᠡᠨ ᠲᠠᠯ᠎ᠠ ᠢ᠋ᠢᠨ ᠲᠦᠭᠰᠢᠬᠦᠷᠢ ᠢ᠋ᠢᠨ ᠲᠣᠭᠲᠠᠴᠠ ᠵᠢ ᠲᠡᠭᠦᠯᠳᠡᠷᠵᠢᠭᠦᠯᠤᠨ᠂ 《ᠲᠥᠪ ᠬᠣᠲᠠ ᠵᠢᠨ ᠮᠥᠩᠭᠥᠨ ᠬᠦᠢᠯᠬᠡᠬᠡᠨ ᠤ᠋ ᠤᠢᠯᠡᠴᠢᠯᠡᠬᠡᠨ ᠤ᠋ ᠡᠭᠦᠯᠡᠨ ᠲᠠᠪᠴᠠᠩ》 ᠢ᠋ ᠲᠠᠰ ᠳᠡᠪᠰᠢᠭᠦᠯᠵᠦ᠍᠂ ᠣᠯᠠᠨ ᠡᠰᠢᠵᠢᠭᠰᠡᠨ ᠲᠣᠭ᠎ᠠ ᠪᠠᠷᠢᠮᠲᠠ ᠵᠢ ᠴᠤᠭᠯᠠᠭᠤᠯᠬᠤ ᠪᠠᠷ ᠳᠠᠮᠵᠢᠨ ᠳᠤᠮᠳᠠ ᠪᠠᠭ᠎ᠠ ᠭᠠᠳᠠᠭᠠᠳᠤ ᠠᠷᠠᠯᠵᠢᠶᠠᠨ ᠤ᠋ ᠠᠵᠤ ᠠᠬᠤᠶ᠋ᠢᠯᠠᠯ ᠳ᠋ᠤ᠌ ᠨᠠᠷᠢᠨ ᠣᠨᠣᠴᠠᠲᠠᠶ ᠪᠠᠷ ᠤᠢᠯᠡᠴᠢᠯᠡᠵᠤ᠂ ᠪᠠᠯᠠ ᠬᠤᠷᠠᠮᠳᠤᠭᠤᠯᠬᠤ ᠳ᠋ᠤ᠌ ᠬᠦᠴᠢᠷ ᠪᠠᠶ᠋ᠢᠬᠤ ᠠᠰᠠᠭᠤᠳᠠᠯ ᠢ᠋ ᠨᠢ ᠦᠨᠡᠨ ᠬᠦ᠌ ᠰᠢᠢᠳᠪᠤᠷᠢᠯᠡᠬᠦ ᠪᠤᠯᠤᠨ᠎ᠡ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号