《ᠦᠨᠡᠨ ᠶᠣᠰᠣ᠎ᠶᠢ ᠴᠦᠬᠦᠷᠡᠰᠢ ᠦᠭᠡᠢ ᠬᠦᠭᠡᠭᠡᠴᠡᠯᠳᠦᠵᠦ ᠤᠷᠤᠭᠰᠢᠯᠠᠯᠲᠠ᠎ᠶᠢᠨ ᠴᠢᠭᠯᠡᠯ᠎ᠢ᠋ ᠢᠮᠠᠭᠲᠠ ᠵᠥᠪ ᠡᠵᠡᠮᠳᠡᠪᠠ》
2026-07-22 11:21:12
ᠵᠣᠬᠢᠶᠠᠭ᠍ᠴᠢ᠄
ᠯᠦᠸᠧ ᠱᠠ ᠂ ᠹᠠᠨ ᠰᠧ ᠰᠢᠶᠠᠩ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ(ᠵᠢᠷᠭᠤᠭ᠎ᠠ)


ᠦᠵᠡᠯ ᠰᠠᠨᠠᠭ᠎ᠠ ᠪᠣᠯ ᠬᠦᠴᠦᠨ ᠴᠢᠳᠠᠯ ᠮᠥᠨ᠂ ᠦᠨᠡᠨ ᠶᠣᠰᠣ ᠠᠶᠠᠯᠠᠯ᠎ᠢ ᠭᠡᠷᠡᠯᠲᠦᠭᠦᠯᠦᠨ᠎ᠡ᠃

ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠮᠠᠨ᠎ᠤ ᠨᠠᠮ᠎ᠳ᠋ᠤ ᠪᠤᠰᠤᠳ ᠲᠦᠷᠦ᠎ᠶᠢᠨ ᠨᠠᠮ ᠪᠣᠯᠤᠨ ᠤᠯᠤᠰ ᠲᠦᠷᠦ᠎ᠶᠢᠨ ᠬᠦᠴᠦᠨ ᠤ᠋ ᠵᠦᠢᠷᠯᠡᠰᠢ ᠦᠭᠡᠢ ᠰᠢᠯᠢᠳᠡᠭ ᠣᠨᠴᠠᠯᠢᠭ ᠰᠢᠨᠵᠢ ᠪᠠᠶ᠋ᠢᠬᠤ᠎ᠶᠢ ᠭᠦᠨᠵᠡᠭᠡᠢ ᠢᠯᠡᠷᠡᠭᠦᠯᠪᠡ᠃ ᠡᠭᠦᠨ᠎ᠳᠦ᠂ 《ᠦᠨᠡᠨ ᠶᠣᠰᠣ᠎ᠶᠢ ᠴᠦᠬᠦᠷᠡᠰᠢ ᠦᠭᠡᠢ ᠬᠦᠭᠡᠭᠡᠴᠡᠯᠳᠦᠵᠦ᠂ ᠤᠷᠤᠭᠰᠢᠯᠠᠯᠲᠠ᠎ᠶᠢᠨ ᠴᠢᠭᠯᠡᠯ᠎ᠢ ᠢᠮᠠᠭᠲᠠ ᠵᠥᠪ ᠡᠵᠡᠮᠳᠡᠬᠦ᠌》 ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠢᠮᠠᠭᠲᠠ ᠪᠠᠷᠢᠮᠲᠠᠯᠠᠭᠰᠠᠭᠠᠷ ᠢᠷᠡᠭᠰᠡᠨ ᠡᠷᠡᠰ ᠪᠠᠲᠤ᠌ ᠢᠲᠡᠭᠡᠯ ᠪᠢᠰᠢᠷᠡᠯ᠎ᠢ ᠲᠤᠩᠬᠠᠭᠯᠠᠪᠠ᠃

105 ᠵᠢᠯ ᠰᠠᠯᠬᠢ ᠪᠣᠷᠣᠭᠠᠨ᠎ᠢ ᠰᠥᠷᠴᠦ᠍᠂ 105 ᠵᠢᠯ ᠬᠠᠶ᠋ᠢᠨ ᠰᠦᠪᠡᠭᠴᠢᠯᠡᠵᠦ᠍ ᠲᠡᠮᠡᠴᠡᠪᠡ᠃ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠶᠠᠪᠤᠵᠤ ᠢᠷᠡᠭᠰᠡᠨ ᠭᠡᠷᠡᠯ ᠰᠠᠴᠤᠷᠠᠩᠭᠤᠢ ᠥᠩᠭᠡᠷᠡᠯᠲᠡ ᠪᠣᠯ ᠳᠠᠷᠤᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠦᠨᠡᠨ ᠶᠣᠰᠣ᠎ᠶᠢ ᠪᠠᠷᠢᠮᠲᠠᠯᠠᠵᠤ᠂ ᠬᠦᠰᠡᠯᠡᠩ᠎ᠢᠶᠡᠨ ᠪᠠᠲᠤ᠌ ᠰᠠᠬᠢᠭᠰᠠᠨ ᠠᠤᠭ᠎ᠠ ᠲᠤᠤᠯᠢᠰ ᠮᠥᠨ᠃ ᠮᠠᠷᠺᠰ᠎ᠤᠨ ᠦᠵᠡᠯ᠎ᠦᠨ ᠰᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ᠎ᠲᠠᠶ ᠪᠠᠶ᠋ᠢᠬᠤ ᠪᠣᠯ ᠮᠠᠨ᠎ᠤ ᠨᠠᠮ᠎ᠤᠨ ᠢᠲᠡᠭᠡᠯ ᠪᠢᠰᠢᠷᠡᠯ᠎ᠢᠶᠡᠨ ᠪᠠᠲᠤᠳᠬᠠᠵᠤ᠂ ᠲᠡᠦᠬᠡ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠳᠡᠬᠦ᠌᠎ᠶᠢᠨ ᠦᠨᠳᠦᠰᠦ ᠮᠥᠨ ᠭᠡᠳᠡᠭ ᠢ᠋ ᠲᠡᠦᠬᠡ ᠪᠠ ᠦᠢᠯᠡᠳᠦᠯᠭᠡ ᠬᠦᠴᠤᠳᠠᠢ ᠭᠡᠷᠡᠴᠢᠯᠡᠪᠡ᠃

ᠦᠨᠡᠨ ᠶᠣᠰᠣᠨ᠎ᠤ ᠲᠤᠭ᠎ᠢ ᠡᠷᠭᠦᠵᠦ᠍᠂ ᠴᠥᠬᠥᠷᠡᠰᠢ ᠦᠭᠡᠢ ᠡᠷᠢᠯᠬᠢᠯᠡᠬᠦ᠌ ᠳᠤᠮᠳᠠ ᠬᠥᠮᠦᠨ᠎ᠦ ᠶᠢᠷᠲᠢᠨᠴᠦ᠎ᠶᠢᠨ ᠲᠥᠪ ᠶᠣᠰᠣ᠎ᠶᠢ ᠪᠠᠲᠤ᠌ ᠦᠢᠯᠡᠳᠤᠯᠭᠡᠵᠢᠬᠦᠯᠤᠨ᠎ᠠ᠃

ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠡᠦᠬᠡ᠎ᠶᠢᠨ ᠦᠵᠡᠰᠬᠦᠯᠡᠩ᠎ᠦᠨ ᠣᠷᠳᠣᠨ᠎ᠤ ᠠᠭᠤᠳᠠᠮ ᠲᠠᠯᠠᠪᠠᠢ᠎ᠳᠤ᠂ 《ᠢᠲᠡᠭᠡᠯ ᠪᠢᠰᠢᠷᠡᠯ》 ᠭᠡᠬᠦ᠌ ᠱᠤᠭᠤᠮᠠᠯ ᠰᠡᠬᠦᠶ᠋ᠢᠨ ᠰᠦᠨᠳᠡᠷᠯᠡᠵᠦ᠍᠂ ᠮᠠᠰᠢ ᠤᠯᠠᠨ ᠦᠵᠡᠭᠴᠢᠳ ᠲᠤᠭᠤᠷᠢᠨ ᠦᠵᠡᠵᠤ ᠬᠠᠮᠲᠤ᠎ᠶᠢᠨ ᠰᠡᠭᠦᠳᠡᠷ ᠲᠠᠲᠠᠭᠤᠯᠤᠨ᠎ᠠ᠃

ᠰᠦᠰᠦᠭ ᠪᠢᠰᠢᠷᠡᠯ᠎ᠦᠨ ᠬᠦᠴᠦᠨ ᠨᠢ ᠦᠨᠡᠨ ᠶᠣᠰᠣ᠎ᠶᠢ ᠡᠷᠢᠯᠬᠢᠯᠡᠬᠦ᠌᠎ᠡᠴᠡ ᠢᠷᠡᠯᠲᠡ᠎ᠲᠡᠶ᠃ ᠮᠠᠨ᠎ᠤ ᠨᠠᠮ ᠮᠡᠨᠳᠦᠯᠡᠭᠰᠡᠨ ᠡᠳᠦᠷ᠎ᠡᠴᠡ᠎ᠪᠡᠨ ᠠᠪᠤᠭᠠᠳ ᠮᠠᠷᠺᠰ᠎ᠤᠨ ᠦᠵᠡᠯ᠎ᠢ ᠥᠪᠡᠷ᠎ᠦᠨ ᠲᠤᠬ ᠳᠡᠭᠡᠷ᠎ᠡ᠎ᠪᠡᠨ ᠲᠣᠳᠣᠷᠬᠠᠢ ᠪᠢᠴᠢᠵᠦ᠍᠂ ᠮᠠᠷᠺᠰ᠎ᠤᠨ ᠦᠵᠡᠯ᠎ᠢ ᠪᠡᠶᠡᠴᠢ ᠶᠢᠷᠲᠢᠨᠴᠦ᠍ ᠪᠠ ᠪᠤᠰᠤᠳᠴᠢ ᠶᠢᠷᠲᠢᠨᠴᠦ᠎ᠶᠢ ᠥᠭᠡᠷᠡᠴᠢᠯᠡᠬᠦ᠌ ᠬᠦᠴᠦᠷᠬᠡᠭ ᠶᠡᠬᠡ ᠦᠵᠡᠯ ᠰᠠᠨᠠᠭᠠᠨ᠎ᠤ ᠵᠡᠪᠰᠡᠭ ᠪᠣᠯᠭᠠᠭᠰᠠᠨ ᠶᠤᠮ᠃

ᠤᠯᠤᠰ᠎ᠢᠶᠠᠨ ᠠᠪᠤᠷᠠᠵᠤ ᠠᠷᠠᠳ ᠲᠦᠮᠡᠨ᠎ᠢᠶᠡᠨ ᠠᠪᠤᠷᠠᠬᠤ ᠵᠠᠮ᠎ᠢ ᠬᠠᠢᠨ ᠰᠦᠪᠡᠭᠴᠢᠯᠡᠬᠦ᠌᠎ᠳᠡᠭᠡᠨ ᠤᠳᠠᠭ᠎ᠠ ᠳᠠᠷᠠᠭᠠᠯᠠᠨ ᠨᠤᠭᠤᠷᠠᠯ ᠪᠦᠳᠦᠷᠢᠯ ᠪᠠ ᠢᠯᠠᠭᠳᠠᠯ᠎ᠳᠤ ᠤᠴᠠᠷᠠᠭᠰᠠᠨ ᠲᠡᠷᠡ ᠬᠦ᠌ ᠴᠠᠭ ᠦᠶ᠎ᠡ᠎ᠳᠦ᠂ ᠮᠠᠷᠺᠰ᠎ᠤᠨ ᠦᠵᠡᠯ ᠨᠢ ᠰᠢᠨᠵᠢᠯᠡᠬᠦ᠌ ᠤᠬᠠᠭᠠᠨ᠎ᠤ ᠨᠡᠶ᠋ᠢᠭᠡᠮ ᠵᠢᠷᠤᠮ᠎ᠤᠨ ᠦᠨᠡᠨ ᠶᠣᠰᠣᠨ᠎ᠤ ᠭᠡᠷᠡᠯ ᠭᠢᠯᠪᠠᠭ᠎ᠠ᠎ᠪᠠᠷ ᠳᠠᠪᠬᠤᠷ ᠳᠠᠪᠬᠤᠷ ᠮᠠᠨᠠᠨ᠎ᠢ ᠰᠠᠷᠨᠢᠭᠤᠯᠵᠤ᠂ ᠭᠠᠰᠠᠯᠠᠩ ᠵᠣᠪᠠᠯᠠᠩ᠎ᠢ ᠬᠠᠰᠢᠷᠠᠲᠠᠯ᠎ᠠ ᠠᠮᠰᠠᠭᠰᠠᠨ ᠬᠠᠭᠤᠴᠢᠨ ᠳᠤᠮᠳᠠᠳᠤ ᠤᠯᠤᠰ᠎ᠲᠤ᠌ ᠦᠭᠬᠢᠶᠡᠮᠤᠷ ᠬᠤᠷ᠎ᠠ᠎ᠶᠢ ᠠᠪᠴᠢᠷᠠᠵᠤ ᠥᠭᠭᠦᠭᠰᠡᠨ ᠶᠤᠮ᠃

2012 ᠣᠨ᠎ᠤ 11 ᠰᠠᠷ᠎ᠠ᠎ᠳᠤ᠂ ᠤᠯᠤᠰ᠎ᠤᠨ ᠮᠦᠽᠧᠢ᠎ᠳᠦ 《ᠰᠡᠷᠭᠦᠨ ᠮᠠᠨᠳᠤᠯᠲᠠ᠎ᠶᠢᠨ ᠵᠠᠮ》 ᠭᠡᠬᠦ᠌ ᠦᠵᠡᠰᠬᠦᠯᠡᠩ᠎ᠢ ᠲᠣᠭᠣᠷᠢᠨ ᠦᠵᠡᠬᠦ᠌᠎ᠳᠡᠭᠡᠨ᠂ ᠶᠡᠷᠦᠩᠬᠡᠢ ᠱᠦᠵᠢ ᠰᠢ ᠵᠢᠨ ᠫᠢᠩ ᠤᠯᠠᠨ᠎ᠳᠤ ᠴᠧᠨ ᠸᠠᠩ ᠳ᠋ᠤᠤ 《ᠡᠪ ᠬᠠᠮᠲᠤ᠌ ᠨᠠᠮ᠎ᠤᠨ ᠲᠤᠩᠬᠠᠭ》 ᠢ᠋ ᠣᠷᠴᠢᠭᠤᠯᠬᠤ᠎ᠳᠠᠭᠠᠨ ᠪᠡᠬᠡ᠎ᠶᠢ ᠤᠯᠠᠭᠠᠨ ᠰᠢᠬᠢᠷ᠎ᠢᠶᠡᠷ ᠡᠨᠳᠡᠭᠦᠷᠡᠭᠰᠡᠨ ᠦᠯᠢᠭᠡᠷ᠎ᠢ ᠶᠠᠷᠢᠬᠤ ᠳ᠋ᠠᠭᠠᠨ᠄ 《ᠦᠨᠡᠨ ᠶᠣᠰᠣᠨ᠎ᠤ ᠦᠨᠦᠷ ᠠᠮᠲᠠ ᠲᠤᠶ᠋ᠢᠯ᠎ᠤᠨ ᠰᠢᠬᠢᠷᠯᠢᠭ ᠠᠮᠲᠠᠲᠠᠢ ᠶᠤᠮ》 ᠭᠡᠪᠡ᠃

ᠦᠨᠡᠨ ᠶᠣᠰᠣᠨ᠎ᠤ ᠠᠮᠲᠠ ᠨᠢ ᠶᠠᠭᠠᠬᠢᠭᠠᠳ ᠰᠢᠬᠢᠷᠯᠢᠭ ᠪᠠᠢᠳᠠᠭ ᠪᠤᠢ? ᠮᠠᠷᠺᠰ᠎ᠤᠨ ᠦᠵᠡᠯ ᠪᠣᠯ ᠰᠢᠨᠵᠢᠯᠡᠬᠦ᠌ ᠤᠬᠠᠭᠠᠨᠴᠢ ᠤᠨᠤᠯ ᠮᠥᠨ᠂ ᠲᠡᠷᠡ ᠨᠢ ᠪᠠᠶ᠋ᠢᠭᠠᠯᠢ ᠶᠢᠷᠲᠢᠨᠴᠦ᠍᠂ ᠬᠥᠮᠦᠨ ᠲᠥᠷᠥᠯᠬᠢᠲᠡᠨ᠎ᠦ ᠨᠡᠶ᠋ᠢᠭᠡᠮ᠂ ᠬᠥᠮᠦᠨ ᠲᠥᠷᠥᠯᠬᠢᠲᠡᠨ᠎ᠦ ᠰᠡᠳᠬᠢᠬᠦᠢ᠎ᠶᠢᠨ ᠬᠥᠭᠵᠢᠯᠲᠡ᠎ᠶᠢᠨ ᠲᠦᠭᠡᠮᠡᠯ ᠵᠢᠮ᠎ᠡ ᠶᠣᠰᠣ᠎ᠶᠢ ᠭᠦᠨᠵᠡᠭᠡᠢ ᠢᠯᠡᠷᠡᠭᠦᠯᠵᠦ᠍᠂ ᠬᠥᠮᠦᠨ ᠲᠥᠷᠥᠯᠬᠢᠲᠡᠨ᠎ᠦ ᠨᠡᠶ᠋ᠢᠭᠡᠮ᠎ᠦᠨ ᠬᠥᠭᠵᠢᠯᠲᠡ ᠲᠠᠪᠰᠢᠯᠳᠠ᠎ᠳᠤ ᠴᠢᠭᠯᠡᠯ᠎ᠢ ᠲᠣᠳᠣᠷᠬᠠᠢ ᠵᠢᠭᠠᠵᠤ ᠥᠭᠴᠡᠢ᠃

ᠵᠠᠭᠤ ᠭᠠᠷᠤᠢ ᠵᠢᠯ᠎ᠦᠨ ᠲᠤᠷᠰᠢ᠂ ᠮᠠᠨ᠎ᠤ ᠨᠠᠮ ᠤᠷᠢᠳ ᠬᠣᠵᠢᠳ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠦᠨ ᠤᠨᠤᠯ᠎ᠢ ᠡᠭᠦᠳᠦᠨ ᠪᠠᠶ᠋ᠢᠭᠤᠯᠵᠤ᠂ 《ᠭᠤᠷᠪᠠ᠎ᠶᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠰᠢᠨᠵᠢᠯᠡᠬᠦ᠌ ᠤᠬᠠᠭᠠᠨᠴᠢ ᠬᠥᠭᠵᠢᠯᠲᠡ᠎ᠶᠢᠨ ᠦᠵᠡᠯᠲᠡ᠎ᠶᠢ ᠪᠦᠷᠢᠯᠳᠤᠬᠦᠯᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠥᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠡᠭᠦᠳᠦᠨ ᠪᠠᠶ᠋ᠢᠭᠤᠯᠵᠤ᠂ ᠨᠠᠮ ᠪᠠ ᠠᠷᠠᠳ ᠲᠦᠮᠡᠨ᠎ᠦ ᠦᠢᠯᠡᠰ᠎ᠢ ᠵᠢᠯᠣᠭᠣᠳᠤᠨ ᠲᠠᠰᠤᠷᠠᠯᠳᠠ ᠦᠭᠡᠢ ᠰᠢᠨ᠎ᠡ ᠪᠠᠶ᠋ᠢᠳᠠᠯ᠎ᠢ ᠡᠭᠦᠳᠦᠨ ᠨᠡᠭᠡᠭᠡᠪᠡ᠃

2017 ᠣᠨ᠎ᠤ 10 ᠰᠠᠷ᠎ᠠ᠎ᠳᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠡᠴᠡ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠨᠠᠮ᠎ᠤᠨ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠵᠢᠯᠣᠭᠣᠳᠬᠤ ᠦᠵᠡᠯ ᠰᠠᠨᠠᠭ᠎ᠠ᠎ᠪᠠᠷ ᠲᠣᠭᠲᠠᠭᠠᠭᠰᠠᠨ ᠪᠥᠭᠡᠳ ᠨᠠᠮ᠎ᠤᠨ ᠲᠦᠷᠢᠮ᠎ᠳᠦ ᠪᠢᠴᠢᠵᠦ᠍ ᠣᠷᠣᠭᠤᠯᠪᠠ᠃ ᠨᠠᠮ᠎ᠤᠨ ᠭᠡᠷᠡᠯ ᠰᠠᠴᠤᠷᠠᠩᠭᠤᠢ ᠲᠤᠭ ᠨᠡᠩ ᠬᠢᠯᠠᠯᠵᠠᠮ᠎ᠠ ᠦᠨᠡᠨ ᠶᠣᠰᠣᠨ᠎ᠤ ᠭᠢᠯᠪᠠᠭ᠎ᠠ ᠰᠠᠴᠤᠷᠠᠭᠤᠯᠵᠤ ᠰᠢᠨ᠎ᠡ ᠴᠠᠭ ᠦᠶ᠎ᠡ ᠰᠢᠨ᠎ᠡ ᠠᠶᠠᠨ᠎ᠳᠤ ᠬᠦᠴᠦᠷᠬᠡᠭ ᠶᠡᠬᠡ ᠵᠢᠯᠤᠭᠤᠳᠤᠯᠭ᠎ᠠ ᠬᠠᠩᠭᠠᠪᠠ᠃

ᠦᠨᠡᠨ ᠶᠣᠰᠣᠨ᠎ᠤ ᠭᠢᠯᠪᠠᠭ᠎ᠠ᠎ᠶᠢ ᠰᠠᠴᠤᠷᠠᠭᠤᠯᠵᠤ᠂ ᠴᠠᠭ ᠦᠶ᠎ᠡ᠎ᠶᠢᠨ ᠦᠢᠯᠡᠳᠦᠯᠭᠡ ᠳᠤᠮᠳᠠ ᠤᠨᠤᠯ᠎ᠤᠨ ᠰᠢᠨ᠎ᠡ ᠡᠭᠦᠳᠦᠯᠲᠡ᠎ᠶᠢ ᠭᠦᠨᠵᠡᠭᠡᠶ᠋ᠢᠷᠡᠭᠦᠯᠦᠨ᠎ᠡ᠃

《ᠡᠪ ᠬᠠᠮᠲᠤ᠌ ᠨᠠᠮ ᠶᠠᠭᠠᠬᠢᠭᠠᠳ ᠠᠮᠵᠢᠯᠲᠠ ᠣᠯᠵᠤ ᠴᠢᠳᠠᠬᠰᠡᠨ ᠪᠤᠢ? ᠲᠤᠬᠠᠶ᠎ᠶᠢᠨ ᠵᠢᠯ ᠱ᠌ᠢ ᠺᠦ᠋ ᠮᠧᠨ᠎ᠳᠤ᠂ ᠨᠠᠨ ᠬᠣ᠌ ᠨᠠᠭᠤᠷ᠎ᠤᠨ ᠨᠢᠭᠡᠨ ᠣᠩᠭᠣᠴᠠ᠂ ᠲᠡᠷᠡ ᠠᠷᠪᠠᠨ ᠬᠡᠳᠦᠨ ᠬᠥᠮᠦᠨ᠂ ᠥᠨᠥᠳᠦᠷ ᠤ᠋ᠨ ᠡᠨᠡ ᠠᠯᠬᠤᠮ᠎ᠳᠤ ᠬᠦᠷᠪᠠ᠃ ᠡᠭᠦᠨ᠎ᠦ ᠳᠣᠲᠣᠷᠠᠬᠢ ᠵᠠᠮ᠎ᠢ ᠵᠠᠪᠠᠯ ᠲᠣᠳᠣᠷᠬᠠᠢ ᠪᠣᠯᠭᠠᠵᠤ᠂ ᠦᠨᠡᠨ ᠶᠣᠰᠣ᠎ᠶᠢ ᠦᠨᠳᠦᠰᠦᠳᠡᠨᠴᠢᠯᠡᠬᠦ ᠬᠡᠷᠡᠭᠲᠡᠢ》᠃

ᠵᠠᠭᠤ ᠭᠠᠷᠤᠢ ᠵᠢᠯ᠎ᠦᠨ ᠲᠤᠷᠰᠢ᠂ ᠮᠠᠨ᠎ᠤ ᠨᠠᠮ ᠦᠵᠡᠯ ᠰᠠᠨᠠᠭ᠎ᠠ᠎ᠪᠠᠨ ᠴᠢᠯᠥᠭᠡᠯᠡᠬᠦ᠌᠂ ᠦᠨᠡᠨ᠎ᠡᠴᠡ ᠵᠥᠪ᠎ᠢ ᠡᠷᠢᠬᠦ᠌᠂ ᠴᠠᠭ ᠦᠶ᠎ᠡ᠎ᠲᠡᠶ ᠵᠡᠷᠭᠡ᠎ᠪᠡᠷ ᠤᠷᠤᠭᠰᠢᠯᠠᠬᠤ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ᠌᠎ᠶᠢ ᠪᠠᠷᠢᠮᠲᠠᠯᠠᠵᠤ᠂ ᠨᠡᠶ᠋ᠢᠭᠡᠮ᠎ᠦᠨ ᠵᠥᠷᠢᠴᠡᠯ᠎ᠦᠨ ᠬᠥᠳᠡᠯᠭᠡᠭᠡᠨ᠎ᠦ ᠳᠤᠮᠳᠠ ᠦᠨᠡᠨ ᠶᠣᠰᠣ᠎ᠶᠢ ᠢᠯᠡᠷᠡᠭᠦᠯᠬᠦ᠌ ᠪᠠ ᠬᠡᠷᠡᠭᠯᠡᠬᠦ᠌᠎ᠶᠢ ᠴᠢᠬᠤᠯᠠᠴᠢᠯᠠᠵᠤ᠂ ᠦᠢᠯᠡᠳᠦᠯᠭᠡ᠎ᠶᠢᠨ ᠳᠤᠮᠳᠠ ᠦᠨᠡᠨ ᠶᠣᠰᠣ᠎ᠶᠢ ᠰᠢᠯᠭᠠᠨ ᠬᠥᠭᠵᠢᠭᠦᠯᠬᠦ᠌᠎ᠳᠡᠭᠡᠨ ᠴᠢᠳᠠᠮᠠᠭᠠᠢ ᠪᠠᠶ᠋ᠢᠵᠤ᠂ ᠮᠠᠷᠺᠰ᠎ᠤᠨ ᠦᠵᠡᠯ᠎ᠤ᠋ᠨ ᠳᠤᠮᠳᠠᠳᠤ ᠤᠯᠤᠰ᠎ᠤᠨ ᠡᠬᠡ ᠭᠠᠵᠠᠷ᠎ᠲᠤ᠌ ᠨᠡᠩ ᠬᠦᠴᠦᠷᠬᠡᠭ ᠶᠡᠬᠡ᠂ ᠨᠡᠩ ᠢᠲᠡᠭᠡᠭᠦᠯᠬᠦ᠌ ᠬᠦᠴᠦᠨ᠎ᠲᠡᠶ ᠦᠨᠡᠨ ᠶᠣᠰᠣᠨ᠎ᠤ ᠬᠦᠴᠦᠨ᠎ᠢ ᠢᠯᠡᠷᠡᠭᠦᠯᠪᠡ᠃

ᠮᠠᠷᠺᠰ᠎ᠤᠨ ᠦᠵᠡᠯ ᠳᠤᠮᠳᠠᠳᠤ ᠤᠯᠤᠰ᠎ᠢ ᠭᠦᠨᠵᠡᠭᠡᠢ ᠬᠤᠪᠢᠷᠠᠭᠤᠯᠵᠤ᠂ ᠳᠤᠮᠳᠠᠳᠤ ᠤᠯᠤᠰ ᠴᠤ᠌ ᠮᠠᠷᠺᠰ᠎ᠤᠨ ᠦᠵᠡᠯ᠎ᠢ ᠲᠤᠶ᠋ᠢᠯ᠎ᠤᠨ ᠶᠡᠬᠡ᠎ᠪᠡᠷ ᠪᠠᠶᠠᠯᠢᠭᠵᠢᠭᠤᠯᠪᠠ᠃

ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 100 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ 《ᠬᠣᠶᠠᠷ᠎ᠢ ᠤᠶᠠᠯᠳᠤᠭᠤᠯᠬᠤ》 ᠴᠢᠬᠤᠯᠠ ᠶᠡᠬᠡ ᠨᠤᠲᠠᠯᠠᠯᠲᠠ᠎ᠶᠢ ᠲᠣᠳᠣᠷᠬᠠᠢ ᠳᠤᠷᠠᠳᠴᠤ᠌᠂ ᠮᠠᠷᠺᠰ᠎ᠤᠨ ᠦᠵᠡᠯ᠎ᠦᠨ ᠳᠤᠮᠳᠠᠳᠤ ᠤᠯᠤᠰ᠎ᠲᠤ᠌ ᠰᠢᠨ᠎ᠡ᠎ᠶᠢ ᠡᠭᠦᠳᠦᠨ ᠬᠥᠭᠵᠢᠬᠦ᠌ ᠳᠣᠲᠣᠭᠠᠳᠤ ᠵᠢᠮ᠎ᠡ ᠶᠣᠰᠣ᠎ᠶᠢ ᠲᠣᠳᠣᠷᠬᠠᠶ᠋ᠢᠯᠠᠪᠠ᠃

《〈ᠬᠣᠶᠠᠳᠤᠭᠠᠷ ᠤᠶᠠᠯᠳᠤᠭᠤᠯᠬᠤ〉 ᠪᠣᠯ ᠪᠠᠰᠠ ᠨᠢᠭᠡ ᠤᠳᠠᠭ᠎ᠠ ᠵᠢᠨ ᠦᠵᠡᠯ ᠰᠠᠨᠠᠭᠠᠨ᠎ᠤ ᠴᠢᠯᠥᠭᠡᠯᠡᠯᠲᠡ ᠮᠥᠨ》᠂ ᠰᠣᠶᠣᠯ᠎ᠢ ᠤᠯᠠᠮᠵᠢᠯᠠᠨ ᠬᠥᠭᠵᠢᠭᠦᠯᠬᠦ᠌ ᠲᠤᠬᠠᠢ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ 《ᠬᠣᠶᠠᠳᠤᠭᠠᠷ ᠤᠶᠠᠯᠳᠤᠭᠤᠯᠬᠤ》 ᠵᠢᠨ ᠭᠣᠣᠯ ᠴᠢᠮᠥᠭᠡ ᠪᠣᠯᠬᠤ ᠴᠢᠬᠤᠯᠠ ᠠᠭᠤᠯᠭ᠎ᠠ᠎ᠶᠢ ᠭᠦᠨᠵᠡᠭᠡᠢ ᠢᠯᠡᠷᠡᠭᠦᠯᠵᠦ᠍᠂ ᠮᠠᠨ᠎ᠤ ᠨᠠᠮ᠎ᠤᠨ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌ ᠵᠢ ᠠᠬᠢᠭᠤᠯᠬᠤ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶᠢ ᠤᠯᠠᠮ ᠨᠢᠭᠡ ᠠᠯᠬᠤᠮ ᠥᠷᠭᠡᠳᠬᠡᠨ ᠭᠦᠨᠵᠡᠭᠡᠶ᠋ᠢᠷᠡᠭᠦᠯᠵᠦ᠍᠂ ᠰᠢᠨ᠎ᠡ ᠲᠡᠦᠬᠡ᠎ᠶᠢᠨ ᠭᠠᠷᠤᠭ᠎ᠠ ᠳᠡᠭᠡᠷ᠎ᠡ ᠨᠠᠮ᠎ᠤᠨ ᠤᠨᠤᠯ᠎ᠤᠨ ᠰᠢᠨ᠎ᠡ ᠵᠢ ᠡᠭᠦᠳᠬᠦ᠎ᠶᠢ ᠲᠠᠰᠤᠷᠠᠯᠳᠠ ᠦᠭᠡᠢ ᠠᠬᠢᠭᠤᠯᠬᠤ᠎ᠳᠤ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠬᠠᠩᠭᠠᠪᠠ᠃

ᠰᠢᠨᠵᠢᠯᠡᠬᠦ᠌ ᠤᠬᠠᠭᠠᠨᠴᠢ ᠣᠪᠣᠷ᠎ᠢᠶᠠᠷ ᠰᠢᠨᠵᠢᠯᠡᠬᠦ᠌ ᠤᠬᠠᠭᠠᠨ᠎ᠳᠤ ᠬᠠᠨᠳᠤᠵᠤ᠂ ᠦᠨᠡᠨ ᠶᠣᠰᠣᠨ᠎ᠤ ᠵᠣᠷᠢᠭ ᠰᠠᠨᠠᠭ᠎ᠠ᠎ᠪᠠᠷ ᠦᠨᠡᠨ ᠶᠣᠰᠣ᠎ᠶᠢ ᠬᠥᠭᠡᠭᠡᠴᠡᠯᠳᠦᠨ᠎ᠡ᠃

《ᠠᠷᠪᠠᠨ ᠲᠦᠷᠪᠡᠨ ᠪᠠᠷᠢᠮᠳᠠᠯᠠᠯ》᠂《 ᠵᠢᠷᠭᠤᠭᠠᠨ ᠤᠨᠤᠯ᠎ᠤᠨ ᠬᠡᠪ ᠪᠣᠯᠪᠠᠰᠤᠷᠠᠯ》 ᠁ 《7·1》 ᠡᠴᠡ ᠡᠮᠦᠨᠡᠬᠡᠨ᠂ ᠪᠦᠬᠦ᠌ ᠤᠯᠤᠰ᠎ᠤᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠤᠨ ᠶᠠᠷᠢᠯᠴᠠᠬᠤ ᠬᠤᠷᠠᠯ᠎ᠡᠴᠡ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠠᠵᠢᠯ᠎ᠤᠨ ᠪᠠᠶ᠋ᠢᠷᠢᠯᠠᠭᠤᠯᠤᠯᠲᠠ ᠬᠢᠪᠠ᠃ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ᠎ᠶᠢᠨ ᠨᠠᠮ᠎ᠢ ᠬᠦᠴᠦᠷᠬᠡᠭᠵᠢᠭᠦᠯᠵᠦ᠍ ᠤᠯᠤᠰ᠎ᠢ ᠬᠦᠴᠦᠷᠬᠡᠭᠵᠢᠭᠦᠯᠬᠦ᠌ ᠲᠡᠦᠬᠡᠨ ᠠᠬᠢᠴᠠ ᠳᠤᠮᠳᠠ ᠪᠦᠷᠢᠯᠳᠦᠭᠰᠡᠨ ᠰᠢᠨᠵᠢᠯᠡᠬᠦ᠌ ᠤᠬᠠᠭᠠᠨᠴᠢ ᠤᠨᠤᠯ ᠪᠣᠯᠤᠨ᠎ᠠ᠂ ᠲᠡᠭᠦᠨ᠎ᠦ ᠦᠨᠡᠨ ᠶᠣᠰᠣᠨ᠎ᠤ ᠬᠦᠴᠦᠨ ᠪᠣᠯᠤᠨ ᠦᠢᠯᠡᠳᠦᠯᠭᠡ᠎ᠶᠢᠨ ᠠᠤᠭ᠎ᠠ ᠬᠦᠴᠦᠨ ᠨᠢ ᠨᠢᠭᠡᠨᠲᠡ ᠭᠦᠢᠴᠡᠳ ᠰᠢᠯᠭᠠᠭᠳᠠᠵᠤ᠂ ᠰᠢᠨ᠎ᠡ ᠠᠶᠠᠨ᠎ᠳᠠᠭᠠᠨ ᠵᠠᠭᠤᠨ ᠵᠢᠯ᠎ᠦᠨ ᠨᠠᠮ᠎ᠢ ᠬᠠᠮᠢᠶᠠᠷᠬᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠌ ᠰᠢᠨ᠎ᠡ ᠠᠬᠤᠢ ᠪᠠᠶ᠋ᠢᠳᠠᠯ᠎ᠢ ᠲᠠᠰᠤᠷᠠᠯᠳᠠ ᠦᠭᠡᠢ ᠨᠡᠭᠡᠭᠡᠬᠦ᠌᠎ᠳᠦ ᠦᠨᠳᠦᠰᠦᠨ ᠵᠢᠷᠤᠮᠯᠠᠯ ᠪᠣᠯᠤᠨ ᠠᠵᠢᠯᠯᠠᠭᠠᠨ᠎ᠤ ᠵᠦᠭᠯᠡᠭᠦᠷ ᠬᠠᠩᠭᠠᠵᠠᠢ᠃

ᠣᠨᠣᠯ᠎ᠤᠨ ᠠᠮᠢᠵᠢᠷᠠᠯ᠎ᠤᠨ ᠬᠦᠴᠦᠨ ᠨᠢ ᠰᠢᠨ᠎ᠡ᠎ᠶᠢ ᠡᠭᠦᠳᠬᠦ᠌᠎ᠳᠦ ᠪᠤᠢ᠃ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠪᠣᠯᠤᠨ ᠰᠢ ᠵᠢᠨ ᠫᠢᠩ᠎ᠦᠨ ᠠᠵᠤ ᠠᠬᠤᠢ᠎ᠶᠢᠨ ᠦᠵᠡᠯ ᠰᠠᠨᠠᠭ᠎ᠠ᠂ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠂ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠂ ᠰᠢ ᠵᠢᠨ ᠫᠢᠩ᠎ᠦᠨ ᠴᠡᠷᠢᠭ᠎ᠢ ᠬᠦᠴᠦᠷᠬᠡᠭᠵᠢᠭᠦᠯᠬᠦ᠌ ᠦᠵᠡᠯ ᠰᠠᠨᠠᠭ᠎ᠠ᠂ ᠰᠢ ᠵᠢᠨ ᠫᠢᠩ᠎ᠦᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠦ ᠦᠵᠡᠯᠲᠡ ᠵᠡᠷᠭᠡ ᠨᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ᠌ ᠤᠬᠠᠭᠠᠨᠴᠢ ᠤᠨᠤᠯ᠎ᠤᠨ ᠰᠢᠰᠲ᠋ᠧᠮ᠎ᠦᠨ ᠪᠠᠶᠠᠯᠢᠭᠵᠢᠨ ᠲᠡᠭᠦᠯᠳᠡᠷᠵᠢᠬᠦ᠌᠎ᠶᠢ ᠬᠠᠮᠲᠤ᠎ᠪᠠᠷ ᠠᠬᠢᠭᠤᠯᠪᠠ᠃

ᠴᠠᠭ ᠦᠶ᠎ᠡ᠎ᠲᠡᠶ ᠵᠡᠷᠭᠡ᠎ᠪᠡᠷ ᠤᠷᠤᠭᠰᠢᠯᠠᠨ ᠤᠨᠤᠯ᠎ᠤᠨ ᠰᠢᠨ᠎ᠡ ᠵᠢ ᠡᠭᠦᠳᠬᠦ᠎ᠶᠢ ᠠᠬᠢᠭᠤᠯᠵᠤ᠂ ᠨᠡᠩ ᠬᠦᠴᠦᠷᠬᠡᠭ ᠶᠡᠬᠡ ᠦᠨᠡᠨ ᠶᠣᠰᠣᠨ᠎ᠤ ᠬᠦᠴᠦᠨ᠎ᠢ ᠡᠵᠡᠮᠰᠢᠪᠡ᠃ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠥᠬᠥᠶ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ᠌ ᠤᠬᠠᠭᠠᠨᠴᠢ ᠵᠢᠯᠣᠭᠣᠳᠣᠯᠭ᠎ᠠ ᠳᠤᠤᠷ᠎ᠠ᠂ ᠮᠠᠨ᠎ᠤ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠳᠤᠷᠢᠳᠤᠨ ᠰᠢᠨ᠎ᠡ ᠴᠠᠭ ᠦᠶ᠎ᠡ᠎ᠶᠢᠨ ᠰᠢᠨ᠎ᠡ ᠬᠡᠷᠡᠯ ᠰᠠᠴᠤᠷᠠᠩᠭᠤᠶ ᠠᠮᠵᠢᠯᠲᠠ᠎ᠶᠢ ᠲᠠᠰᠤᠷᠠᠯᠲᠠ ᠥᠬᠡᠶ ᠡᠭᠦᠳᠪᠡ᠃

ᠦᠨᠡᠨ ᠶᠣᠰᠣ᠎ᠶᠢ ᠪᠡᠶᠡᠯᠡᠭᠦᠯᠬᠦ᠌ ᠬᠦᠴᠦᠨ ᠠᠭᠤᠤ ᠶᠡᠬᠡ ᠦᠢᠯᠡᠰ᠎ᠦᠨ ᠳᠤᠮᠳᠠ ᠣᠮᠣᠭ ᠲᠡᠭᠦᠯᠳᠡᠷ᠎ᠢᠶᠡᠷ ᠤᠷᠤᠭᠰᠢᠯᠠᠨ᠎ᠠ᠃

ᠮᠠᠷᠺᠰ᠎ᠤᠨ ᠦᠵᠡᠯ ᠪᠣᠯ ᠬᠠᠶᠠᠨ᠎ᠳᠤᠨᠢ ᠬᠠᠶᠠᠬᠤ ᠤᠨᠤᠯ ᠪᠢᠰᠢ᠂ ᠬᠠᠷᠢᠨ ᠳᠤᠮᠳᠠᠳᠤ ᠤᠯᠤᠰ᠎ᠤᠨ ᠡᠬᠡ ᠭᠠᠵᠠᠷ᠎ᠲᠤ᠌ ᠦᠨᠳᠦᠰᠦᠯᠡᠵᠦ᠍᠂ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤᠯᠲᠠ ᠥᠭᠬᠦ᠌ ᠰᠢᠨᠵᠢᠯᠡᠬᠦ᠌ ᠤᠬᠠᠭᠠᠨᠴᠢ ᠦᠨᠡᠨ ᠶᠣᠰᠣ ᠮᠥᠨ᠃

ᠢᠷᠠᠭᠤ ᠠᠯᠳᠠᠷ ᠴᠤᠭᠯᠠᠷᠠᠵᠤ᠂ 《ᠤᠳᠤᠳ》 ᠬᠢᠯᠠᠯᠵᠠᠨ᠎ᠠ᠃ 7 ᠰᠠᠷ᠎ᠠ᠎ᠶᠢᠨ 8᠎ᠤ᠋ ᠡᠳᠦᠷ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ《ᠠᠷᠪᠠᠨ ᠲᠠᠪᠤᠳᠤᠭᠠᠷ ᠲᠠᠪᠤᠨ ᠵᠢᠯ》ᠤ᠋ᠨ ᠡᠬᠢᠯᠡᠯᠲᠡ᠎ᠶᠢᠨ ᠵᠢᠯ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠪᠡᠳᠡᠭᠰᠢ ᠬᠤᠷᠠᠯ᠎ᠢ ᠤᠭᠲᠤᠵᠤ᠂ ᠶᠡᠷᠦᠩᠬᠡᠶ ᠱᠦᠵᠢ ᠰᠢ ᠵᠢᠨ ᠫᠢᠩ ᠶᠡᠬᠡ ᠬᠤᠷᠠᠯ᠎ᠳᠤ ᠣᠷᠣᠯᠴᠠᠵᠤ᠂ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠠᠩᠨᠠᠯ ᠬᠦᠷᠲᠡᠭᠴᠢ ᠵᠡᠷᠭᠡ᠎ᠳᠦ ᠱᠠᠩᠨᠠᠯ ᠣᠯᠭᠣᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃

ᠵᠣᠬᠢᠶᠠᠮᠠᠯ ᠣᠶᠤᠨ ᠴᠢᠳᠠᠪᠤᠷᠢ᠂ ᠺᠸᠠᠨ᠋ᠲ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠠᠮᠢ ᠨᠠᠰᠤᠨ᠎ᠤ ᠰᠢᠨᠵᠢᠯᠡᠬᠦ᠌ ᠤᠬᠠᠭᠠᠨ᠂ ᠪᠣᠳᠠᠰ᠎ᠤᠨ ᠰᠢᠨᠵᠢᠯᠡᠬᠦ᠌ ᠤᠬᠠᠭᠠᠨ ᠁ ᠰᠢᠨ᠎ᠡ ᠴᠠᠭ ᠦᠶ᠎ᠡ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠳᠠᠪᠰᠢᠯᠲᠠ ᠡᠳᠦᠷ᠎ᠡᠴᠡ ᠡᠳᠦᠷ ᠰᠢᠨᠡᠳᠴᠦ᠍ ᠪᠠᠶ᠋ᠢᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠨᠢ ᠮᠠᠷᠺᠰ᠎ᠤᠨ ᠦᠵᠡᠯ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠵᠡᠯᠲᠡ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠢᠯᠡᠳᠦᠯ᠎ᠦᠨ ᠲᠤᠬᠠᠢ ᠲᠠᠨᠢᠯᠲᠠ᠎ᠶᠢ ᠶᠡᠬᠡ᠎ᠪᠡᠷ ᠥᠷᠭᠡᠳᠬᠡᠨ ᠭᠦᠨᠵᠡᠭᠡᠶ᠋ᠢᠷᠡᠭᠦᠯᠵᠦ᠍᠂ ᠮᠠᠨ᠎ᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠣᠳᠠᠲᠤ᠌ ᠬᠦᠴᠦᠨ᠎ᠦ ᠴᠢᠨᠠᠷ᠎ᠤᠨ ᠳᠡᠭᠡᠭᠰᠢᠯᠡᠯᠲᠡ᠎ᠶᠢ ᠬᠦᠳᠦᠯᠦᠨ ᠳᠠᠭᠠᠭᠤᠯᠪᠠ᠃

ᠤᠨᠤᠯ᠎ᠤᠨ ᠦᠨ᠎ᠡ ᠦᠷᠳᠡᠭ ᠨᠢ ᠦᠢᠯᠡᠳᠦᠯᠭᠡ᠎ᠶᠢ ᠵᠢᠯᠤᠭᠤᠳᠬᠤ᠎ᠳᠤ ᠪᠠᠶ᠋ᠢᠨ᠎ᠠ᠂ ᠦᠨᠡᠨ ᠶᠣᠰᠣᠨ᠎ᠤ ᠬᠦᠴᠦᠨ ᠴᠢᠳᠠᠯ ᠨᠢ ᠤᠷᠤᠭᠰᠢᠯᠠᠯᠳᠠ᠎ᠶᠢ ᠵᠢᠯᠣᠭᠣᠳᠬᠤ᠎ᠳᠤ ᠪᠠᠶ᠋ᠢᠨ᠎ᠠ᠃

ᠠᠵᠤ ᠠᠬᠤᠶ᠎ᠶᠢᠨ ᠬᠥᠭᠵᠢᠯᠲᠡ᠎ᠶᠢᠨ ᠵᠢᠮ᠎ᠡ ᠶᠣᠰᠣ᠂ ᠬᠠᠨᠳᠤᠰᠢ᠎ᠶᠢ ᠰᠢᠨᠵᠢᠯᠡᠬᠦ᠌ ᠤᠬᠠᠭᠠᠨᠴᠢ᠎ᠪᠠᠷ ᠡᠵᠡᠮᠳᠡᠵᠦ᠍᠂ ᠰᠢᠨ᠎ᠡ ᠬᠥᠭᠵᠢᠯᠲᠡ᠎ᠶᠢᠨ ᠣᠶ᠋ᠢᠯᠠᠭᠠᠭᠳᠠᠬᠤᠨ᠎ᠢᠶᠠᠷ ᠴᠢᠨᠠᠷ ᠰᠠᠶ᠋ᠢᠲᠠᠶ ᠬᠥᠭᠵᠢᠯᠲᠡ᠎ᠶᠢ ᠬᠥᠲᠥᠯᠥᠨ ᠳᠠᠭᠠᠭᠤᠯᠪᠠ; ᠨᠤᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠥᠨ ᠬᠠᠢᠷᠬᠠᠨ ᠮᠥᠨ ᠭᠡᠬᠦ᠌ ᠣᠶ᠋ᠢᠯᠠᠭᠠᠭᠳᠠᠬᠤᠨ᠎ᠢ ᠪᠠᠷᠢᠮᠲᠠᠯᠠᠵᠤ᠂ ᠦᠵᠡᠰᠬᠦᠯᠡᠩᠲᠦ᠍ ᠰᠠᠶ᠋ᠢᠬᠠᠨ ᠳᠤᠮᠳᠠᠳᠤ ᠤᠯᠤᠰ᠎ᠤᠨ ᠠᠮᠢᠳᠤᠯᠢᠭ ᠵᠢᠷᠤᠭ᠎ᠢ ᠵᠢᠷᠤᠭᠯᠠᠪᠠ; ᠠᠷᠠᠳ ᠲᠦᠮᠡᠨ᠎ᠢᠶᠡᠷ ᠭᠤᠤᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠦᠢᠯᠡᠳᠦᠯᠭᠡᠵᠢᠭᠦᠯᠵᠦ᠍᠂ ᠪᠥᠬᠥ᠌ ᠠᠷᠠᠳ ᠲᠦᠮᠡᠨ᠎ᠦ ᠬᠠᠮᠲᠤ᠎ᠪᠠᠷ ᠴᠢᠨᠡᠭᠡᠯᠢᠭᠵᠢᠬᠦ᠌᠎ᠶᠢ ᠠᠬᠢᠭᠤᠯᠵᠤ ᠯᠠᠪᠳᠠᠭᠤᠨ ᠪᠠᠲᠤᠲᠠᠶ ᠠᠯᠬᠤᠮ᠎ᠢ ᠠᠯᠬᠤᠪᠠ; ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠲᠤᠭ᠎ᠢ ᠥᠨᠳᠥᠷ ᠮᠠᠨᠳᠤᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠲᠣᠮᠣ ᠤᠯᠤᠰ᠎ᠤᠨ ᠭᠠᠳᠠᠭᠠᠳᠤ ᠬᠠᠷᠢᠯᠴᠠᠭᠠᠨ᠎ᠤ ᠰᠢᠨ᠎ᠡ ᠪᠠᠢᠳᠠᠯ᠎ᠢ ᠡᠭᠦᠳᠪᠡ ᠁

ᠮᠠᠨ᠎ᠤ ᠤᠯᠤᠰ᠎ᠤᠨ ᠥᠭᠡᠷᠡᠴᠢᠯᠡᠯᠲᠡ ᠬᠥᠭᠵᠢᠯᠳᠡ ᠲᠤᠭᠳᠠᠭᠤᠨ᠂ ᠳᠣᠲᠣᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ᠎ᠤᠨ ᠪᠠᠲᠤᠯᠠᠨ ᠬᠠᠮᠠᠭᠠᠯᠠᠯᠲᠠ᠂ ᠨᠠᠮ᠎ᠢ ᠵᠠᠰᠠᠬᠤ ᠤᠯᠤᠰ᠎ᠢ ᠵᠠᠰᠠᠬᠤ ᠴᠡᠷᠢᠭ᠎ᠢ ᠵᠠᠰᠠᠬᠤ ᠵᠡᠷᠭᠡ ᠡᠯ᠎ᠡ ᠬᠦᠷᠢᠶᠡᠨ᠎ᠳᠡᠬᠢ ᠠᠯᠢ ᠤᠯᠠᠨ ᠴᠢᠬᠤᠯᠠ ᠶᠡᠬᠡ ᠰᠢᠨ᠎ᠡ ᠰᠡᠳᠦᠪ᠎ᠦᠨ ᠡᠮᠦᠨ᠎ᠡ᠂ ᠮᠠᠨ᠎ᠤ ᠨᠠᠮ ᠲᠠᠰᠤᠷᠠᠯᠳᠠ ᠦᠭᠡᠢ ᠰᠢᠨ᠎ᠡ ᠤᠨᠤᠯ᠎ᠢᠶᠠᠷ ᠰᠢᠨ᠎ᠡ ᠦᠢᠯᠡᠳᠦᠯᠭᠡ᠎ᠶᠢ ᠵᠢᠯᠣᠭᠣᠳᠴᠤ᠌᠂ ᠨᠠᠮ ᠪᠠ ᠠᠷᠠᠳ ᠲᠦᠮᠡᠨ᠎ᠦ ᠦᠢᠯᠡᠰ᠎ᠦᠨ ᠵᠥᠪ ᠴᠢᠭᠯᠡᠯ᠎ᠢᠶᠡᠷ ᠤᠷᠤᠭᠰᠢᠯᠠᠬᠤ᠎ᠶᠢ ᠦᠨᠡᠨ ᠬᠦ᠌ ᠪᠠᠲᠤᠯᠠᠪᠠ᠃

ᠠᠶᠠᠨ ᠵᠠᠮ ᠬᠢᠵᠠᠭᠠᠯᠠᠰᠢ ᠦᠭᠡᠢ ᠭᠡᠭᠡᠨ ᠰᠠᠷᠠᠭᠤᠯ᠂ ᠦᠨᠡᠨ ᠶᠣᠰᠣ ᠭᠠᠯ ᠪᠠᠮᠪᠠᠷ ᠮᠡᠲᠦ᠍ ᠪᠠᠳᠠᠷᠠᠨ ᠲᠦᠷᠡᠯᠵᠡᠨ᠎ᠠ᠃

《ᠦᠢᠯᠡᠳᠦᠯᠭᠡ᠎ᠶᠢᠨ ᠬᠥᠭᠵᠢᠯᠲᠡ ᠥᠨᠢᠳᠡ ᠬᠢᠵᠠᠭᠠᠷ ᠦᠭᠡᠢ᠂ ᠪᠢᠳᠡᠨ᠎ᠦ ᠦᠨᠡᠨ ᠶᠣᠰᠣ᠎ᠶᠢ ᠲᠠᠨᠢᠬᠤ᠂ ᠤᠨᠤᠯ᠎ᠤᠨ ᠰᠢᠨ᠎ᠡ ᠵᠢ ᠡᠭᠦᠳᠬᠦ ᠶᠠᠪᠤᠳᠠᠯ ᠥᠨᠢᠳᠡ ᠬᠢᠵᠠᠭᠠᠷ ᠦᠭᠡᠢ ᠶᠤᠮ》᠃

ᠦᠨᠡᠨ ᠶᠣᠰᠣ᠎ᠶᠢ ᠪᠠᠷᠢᠮᠳᠠᠯᠠᠵᠤ᠂ ᠪᠢᠳᠡ ᠢᠲᠡᠭᠡᠯ ᠪᠢᠰᠢᠷᠡᠯ᠎ᠦᠨ ᠰᠠᠭᠤᠷᠢ᠎ᠶᠢ ᠪᠡᠬᠢᠵᠢᠭᠦᠯᠵᠦ᠍᠂ ᠪᠠᠶ᠋ᠢᠯᠳᠤᠬᠤ ᠪᠣᠳᠣᠯᠭ᠎ᠠ᠎ᠶᠢᠨ ᠰᠡᠷᠭᠡᠭ ᠪᠠᠶ᠋ᠢᠳᠠᠯ᠎ᠢᠶᠠᠨ ᠪᠠᠲᠤᠯᠠᠪᠠ᠃ ᠡᠭᠡᠳᠡᠷᠡᠭᠡᠨ ᠪᠤᠳᠤᠯᠢᠶᠠᠨᠳᠠᠢ ᠴᠠᠭ ᠦᠶ᠎ᠡ᠎ᠶᠢᠨ ᠬᠤᠪᠢᠷᠠᠯᠲᠠ ᠳᠤᠮᠳᠠ 《ᠰᠠᠯᠬᠢ ᠳᠠᠪᠠᠯᠭᠠᠨ ᠰᠢᠷᠦᠭᠦᠰᠦᠭᠰᠡᠨ ᠴᠦ᠍ ᠯᠠᠪᠳᠠᠭᠤᠨ ᠲᠣᠭᠲᠠᠭᠤᠨ》 ᠪᠠᠢᠵᠤ᠂ ᠬᠥᠭᠵᠢᠯᠲᠡ᠎ᠶᠢᠨ ᠰᠠᠨᠠᠭᠠᠴᠢᠯᠠᠭᠠᠲᠤ᠌ ᠡᠷᠬᠡ᠎ᠶᠢ ᠪᠠᠲᠤ᠌ ᠡᠵᠡᠮᠳᠡᠵᠦ᠍᠂ ᠤᠭ ᠰᠠᠨᠠᠭ᠎ᠠ ᠠᠶᠠᠯᠠᠯ᠎ᠤᠨ ᠴᠢᠭᠯᠡᠯ᠎ᠢᠶᠡᠨ ᠢᠮᠠᠭᠲᠠ ᠬᠤᠪᠢᠷᠠᠭᠤᠯᠬᠤ ᠦᠭᠡᠢ᠃

ᠦᠨᠡᠨ ᠶᠣᠰᠣ᠎ᠶᠢ ᠪᠠᠷᠢᠮᠳᠠᠯᠠᠵᠤ᠂ ᠪᠢᠳᠡ ᠵᠣᠷᠢᠭ ᠰᠢᠭᠤᠳᠤᠨ ᠪᠡᠶ᠎ᠡ᠎ᠪᠡᠷ᠎ᠢᠶᠡᠨ ᠦᠢᠯᠡᠳᠦᠯᠭᠡᠵᠢᠭᠦᠯᠵᠦ᠍᠂ ᠮᠡᠳᠡᠬᠦᠶ ᠬᠢᠬᠦᠶ᠎ᠶᠢ ᠨᠢᠭᠡᠳᠬᠡᠬᠦ᠌᠎ᠶᠢ ᠪᠠᠷᠢᠮᠲᠠᠯᠠᠬᠤ ᠭᠡᠷᠡᠭᠳᠠᠢ᠃ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭᠯᠡᠵᠦ᠍᠂ ᠦᠢᠯᠡᠳᠦᠯᠭᠡ᠎ᠪᠡᠨ ᠵᠢᠯᠤᠭᠤᠳᠤᠭᠤᠯᠵᠤ᠂ ᠠᠵᠢᠯ᠎ᠢᠶᠠᠨ ᠠᠬᠢᠭᠤᠯᠵᠤ  ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠪᠣᠳᠠᠲᠠᠢ ᠠᠵᠢᠯᠯᠠᠨ ᠤᠯᠤᠰ᠎ᠢᠶᠠᠨ ᠮᠠᠨᠳᠤᠭᠤᠯᠬᠤ ᠰᠦᠷ ᠳᠠᠯᠠᠶ᠋ᠢᠴᠠᠲᠠᠢ ᠬᠦᠴᠦᠨ᠎ᠢ ᠨᠢᠭᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠎ᠶᠢ ᠪᠦᠬᠦ᠌ ᠲᠠᠯ᠎ᠠ᠎ᠪᠠᠷ ᠠᠬᠢᠭᠤᠯᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ ᠎ᠤᠨ ᠨᠡᠩ ᠦᠵᠡᠰᠬᠦᠯᠡᠩᠲᠦ᠍ ᠰᠠᠶ᠋ᠢᠬᠠᠨ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠌ ᠬᠡᠷᠡᠭᠲᠡᠢ᠃

(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ ᠴᠠᠬᠢᠯᠭᠠᠨ ᠮᠡᠳᠡᠭᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号