ᠣᠶ᠋ᠢᠷ᠎ᠠ᠎ᠳᠤ᠂ ᠥᠪᠥᠷ ᠮᠣᠩᠭᠣᠯ᠎ᠤᠨ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭᠯᠠᠯ᠎ᠤᠨ ᠠᠵᠦ ᠦᠢᠯᠡᠰ᠎ᠢ ᠠᠬᠢᠭᠤᠯᠬᠤ ᠨᠡᠶ᠋ᠢᠭᠡᠮᠯᠢᠭ᠂ ᠪᠤᠭᠤᠲᠤ᠌ ᠬᠣᠲᠠ᠎ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠣᠪᠴᠢᠶ᠎ᠠ ᠬᠠᠮᠲᠤᠷᠠᠨ ᠰᠠᠯᠬᠢᠨ ᠬᠦᠴᠦᠨ᠎ᠦ ᠴᠠᠬᠢᠯᠭᠠᠨ᠎ᠤ ᠲᠣᠨᠣᠬᠯᠠᠯ᠎ᠤᠨ ᠠᠵᠤ ᠦᠢᠯᠡᠰ᠎ᠦᠨ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠠᠵᠢᠯᠯᠠᠭ᠎ᠠ ᠡᠷᠭᠢᠯᠡᠵᠦ᠍᠂ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭᠯᠠᠯ᠎ᠤᠨ ᠠᠵᠤ ᠠᠬᠤᠶ᠋ᠢᠯᠠᠯ᠎ᠤᠨ ᠦᠢᠯᠡᠳᠪᠦᠷᠢᠯᠡᠯ ᠪᠣᠷᠣᠯᠠᠭᠤᠯᠭ᠎ᠠ᠎ᠶᠢᠨ ᠠᠷᠭ᠎ᠠ ᠵᠠᠮ᠎ᠢ ᠰᠠᠭᠠᠳ ᠥᠬᠡᠶ ᠨᠡᠪᠲᠡᠷᠡᠭᠦᠯᠵᠦ᠍᠂ ᠰᠢᠨ᠎ᠡ ᠡᠨᠧᠷᠭᠢ᠎ᠶᠢᠨ ᠨᠡᠭᠡᠭᠡᠯᠲᠡ᠎ᠶᠢᠨ ᠵᠠᠬ᠎ᠠ ᠳᠡᠯᠭᠡᠭᠦᠷ᠎ᠢᠶᠡᠷ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭᠯᠠᠯ᠎ᠤᠨ ᠠᠵᠤ ᠦᠢᠯᠡᠰ᠎ᠦᠨ ᠪᠠᠭᠲᠠᠭᠠᠮᠵᠢ᠎ᠪᠠᠨ ᠥᠷᠭᠡᠳᠬᠡᠨ ᠶᠠᠰᠤ ᠴᠢᠨᠠᠷ᠎ᠢᠶᠠᠨ ᠳᠡᠭᠡᠭᠰᠢᠯᠡᠭᠦᠯᠬᠦ᠌᠎ᠶᠢ ᠳᠠᠶ᠋ᠢᠴᠢᠯᠠᠵᠤ᠂ ᠠᠵᠤ ᠦᠢᠯᠡᠰ᠎ᠦᠨ ᠡᠬᠢᠨ᠎ᠤ ᠪᠠ ᠡᠴᠦᠰ᠎ᠤᠨ ᠬᠡᠯᠬᠢᠶ᠎ᠡ᠎ᠶᠢᠨ ᠥᠷᠲᠡᠭ᠎ᠦᠨ ᠨᠡᠪᠲᠡᠷᠡᠯᠴᠡᠭᠡ᠎ᠶᠢ ᠠᠬᠢᠭᠤᠯᠪᠠ᠃
ᠲᠤᠰ ᠠᠵᠢᠯᠯᠠᠭ᠎ᠠ᠎ᠳᠤ᠂ ᠥᠪᠥᠷ ᠮᠣᠩᠭᠣᠯ᠎ᠤᠨ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭᠯᠠᠯ᠎ᠤᠨ ᠠᠵᠤ ᠦᠢᠯᠡᠰ᠎ᠢ ᠠᠬᠢᠭᠤᠯᠬᠤ ᠨᠡᠢᠭᠡᠮᠯᠢᠭ᠎ᠠᠴᠠ ᠪᠥᠬᠥ᠌ ᠣᠷᠣᠨ᠎ᠤ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭᠯᠠᠯ᠎ᠤᠨ ᠠᠵᠤ ᠦᠢᠯᠡᠰ᠎ᠦᠨ ᠪᠦᠯᠦᠭᠵᠢᠯ᠎ᠦᠨ ᠬᠥᠭᠵᠢᠯᠲᠡ᠎ᠶᠢᠨ ᠪᠠᠶ᠋ᠢᠳᠠᠯ᠎ᠢ ᠲᠠᠨᠢᠯᠴᠠᠭᠤᠯᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠶᠢ ᠴᠢᠩᠭᠠᠳᠬᠠᠬᠤ᠂ ᠠᠵᠤ ᠦᠢᠯᠡᠰ᠎ᠦᠨ ᠬᠡᠯᠬᠢᠶ᠎ᠡ᠎ᠶᠢᠨ ᠬᠠᠮᠵᠢᠯᠴᠠᠭ᠎ᠠ᠎ᠶᠢ ᠭᠦᠨᠵᠡᠭᠡᠶ᠋ᠢᠷᠡᠭᠦᠯᠬᠦ᠌᠂ ᠠᠵᠢᠯ ᠲᠥᠷᠥᠯ᠎ᠦᠨ ᠡᠷᠡᠭᠦᠯ᠎ᠢᠶᠡᠷ ᠬᠥᠭᠵᠢᠬᠦ᠌ ᠣᠷᠴᠢᠨ ᠨᠦᠬᠦᠴᠡᠯ᠎ᠢ ᠬᠠᠮᠠᠭᠠᠯᠠᠬᠤ ᠵᠡᠷᠭᠡ ᠲᠠᠯ᠎ᠠ᠎ᠪᠠᠷ ᠬᠠᠮᠲᠤᠷᠠᠯᠴᠠᠭᠠᠨ᠎ᠤ ᠰᠠᠨᠠᠭᠠᠴᠢᠯᠠᠭ᠎ᠠ ᠳᠤᠷᠠᠳᠴᠠᠶ᠃ ᠮᠧᠩ ᠰᠢ ᠰᠢᠨ᠎ᠡ ᠡᠨᠧᠷᠭᠢ᠂ ᠱᠧᠨ ᠨᠧᠩ ᠵᠡᠷᠭᠡ ᠰᠢᠨ᠎ᠡ ᠡᠨᠧᠷᠭᠢ᠎ᠶᠢ ᠨᠡᠭᠡᠭᠡᠨ ᠬᠥᠭᠵᠢᠭᠦᠯᠬᠦ᠌ 5 ᠠᠵᠤ ᠠᠬᠤᠶ᠋ᠢᠯᠠᠯ᠎ᠤᠨ ᠲᠥᠯᠥᠭᠡᠯᠡᠭᠴᠢ ᠳᠠᠭᠠᠭᠠᠴᠢᠯᠠᠭᠰᠠᠨ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢᠨ ᠲᠥᠯᠥᠪᠯᠡᠭᠡ᠂ ᠲᠣᠨᠣᠭ ᠲᠥᠬᠥᠭᠡᠷᠦᠮᠵᠢ᠎ᠶᠢᠨ ᠳᠠᠭᠠᠭᠠᠴᠢᠯᠠᠯᠲᠠ ᠵᠠᠷᠯᠠᠬᠤ ᠬᠡᠷᠡᠭᠴᠡᠭᠡ ᠪᠣᠯᠤᠨ ᠬᠠᠮᠢᠶ᠎ᠠ ᠪᠥᠬᠥᠶ ᠮᠡᠷᠭᠡᠵᠢᠯ᠎ᠦᠨ ᠬᠦᠢᠴᠡᠳᠭᠡᠯ ᠲᠣᠭ᠎ᠠ᠎ᠶᠢᠨ ᠱᠠᠭᠠᠷᠳᠠᠯᠭ᠎ᠠ᠎ᠶᠢ ᠲᠣᠰ ᠲᠣᠰ ᠲᠠᠨᠢᠯᠴᠠᠭᠤᠯᠵᠠᠢ᠃ ᠮᠢᠩ ᠶᠠᠩ ᠬᠠᠭᠤᠷᠠᠢ ᠳᠡᠭᠡᠷᠡᠬᠢ ᠲᠣᠨᠣᠭᠯᠠᠯ᠎ᠤᠨ ᠶᠡᠷᠦᠩᠬᠡᠢ ᠬᠡᠯᠲᠡᠰ᠂ ᠪᠤᠭᠤᠲᠤ᠎ᠶᠢᠨ ᠪᠤᠯᠤᠳ ᠲᠡᠮᠤᠷ᠎ᠦᠨ ᠺᠣᠮᠫᠠᠨᠢ᠎ᠶᠢᠨ ᠴᠠᠬᠢᠯᠭᠠᠨ᠎ᠤ ᠪᠦᠯᠦᠭᠯᠡᠯ᠂ ᠬᠣᠶᠠᠳᠤᠭᠠᠷ ᠲᠡᠮᠦᠷᠯᠢᠭ ᠬᠠᠶ᠋ᠢᠯᠤᠭᠤᠯᠬᠤ ᠪᠦᠯᠦᠭᠯᠡᠯ᠂ ᠵᠦᠩ ᠴᠧ ᠴᠢ ᠱ᠌ᠢ ᠶᠠᠨ ᠴᠠᠬᠢᠯᠭᠠᠨ ᠮᠠᠰᠢᠨ᠎ᠤ ᠬᠢᠵᠠᠭᠠᠷᠳᠤ ᠺᠤᠮᠫᠠᠨᠢ᠂ ᠵᠢᠨ ᠬᠠᠢ ᠬᠤᠪᠢᠴᠠᠭᠠᠲᠤ ᠬᠢᠵᠠᠭᠠᠷᠲᠤ᠌ ᠺᠣᠮᠫᠠᠨᠢ᠂ ᠲᠢᠶᠠᠨ ᠪᠦᠦ ᠰᠠᠯᠬᠢᠨ ᠬᠦᠴᠦᠨ᠎ᠦ ᠴᠠᠬᠢᠯᠭᠠᠨ᠎ᠤ ᠬᠢᠵᠠᠭᠠᠷᠳᠤ ᠺᠤᠮᠫᠠᠨᠢ ᠵᠡᠷᠭᠡ 6 ᠰᠠᠯᠬᠢᠨ ᠬᠦᠴᠦᠨ᠎ᠦ ᠴᠠᠬᠢᠯᠭᠠᠨ᠎ᠤ ᠲᠣᠨᠣᠭᠯᠠᠯ᠎ᠤᠨ ᠠᠵᠤ ᠠᠬᠤᠶ᠋ᠢᠯᠠᠯ᠎ᠤᠨ ᠲᠥᠯᠥᠭᠡᠯᠡᠭᠴᠢ ᠦᠢᠯᠡᠳᠬᠦᠨ᠎ᠦ ᠮᠡᠷᠭᠡᠵᠢᠯ᠎ᠦᠨ ᠪᠣᠯᠵᠣᠯᠲᠤ᠌ ᠲᠣᠭ᠎ᠠ᠂ ᠶᠠᠰᠤ ᠴᠢᠨᠠᠷ᠎ᠤᠨ ᠲᠦᠷᠦᠯ ᠲᠡᠮᠳᠡᠭ᠂ ᠲᠤᠰᠢᠶᠠᠨ ᠥᠭᠬᠦ᠌ ᠪᠠᠲᠤᠯᠠᠭ᠎ᠠ ᠪᠠ ᠪᠣᠷᠣᠯᠠᠭᠤᠯᠤᠭᠰᠠᠨ᠎ᠤ ᠳᠠᠷᠠᠭᠠᠬᠢ ᠬᠠᠮᠠᠭᠠᠯᠠᠬᠤ ᠴᠢᠳᠠᠪᠤᠷᠢ ᠵᠡᠷᠭᠡ ᠪᠠᠶ᠋ᠢᠳᠠᠯ᠎ᠢ ᠳᠡᠰ ᠳᠠᠷᠠᠭᠠᠯᠠᠨ ᠲᠠᠨᠢᠯᠴᠠᠭᠤᠯᠵᠠᠢ᠃ ᠬᠠᠩᠭᠠᠯᠭ᠎ᠠ ᠬᠡᠷᠡᠭᠴᠡᠭᠡᠨ᠎ᠦ ᠬᠣᠶᠠᠷ ᠲᠠᠯ᠎ᠠ᠎ᠶᠢᠨ ᠠᠵᠤ ᠠᠬᠤᠶ᠋ᠢᠯᠠᠯ ᠲᠤᠬᠠᠢ᠎ᠶᠢᠨ ᠭᠠᠵᠠᠷ᠎ᠲᠦ ᠬᠠᠷᠢᠯᠴᠠᠭ᠎ᠠ ᠪᠠᠶ᠋ᠢᠭᠤᠯᠤᠭᠰᠠᠨ ᠪᠥᠭᠡᠳ ᠢᠵᠢ ᠪᠦᠷᠢᠨ ᠬᠠᠮᠲᠤᠷᠠᠯᠴᠠᠭᠠᠨ᠎ᠤ ᠬᠡᠷᠡᠭ ᠶᠠᠪᠤᠳᠠᠯ᠎ᠤᠨ ᠲᠤᠬᠠᠢ ᠴᠢᠯᠥᠭᠡᠲᠡᠢ᠎ᠪᠡᠷ ᠵᠥᠪᠳᠡᠯᠴᠡᠵᠠᠢ᠃
ᠲᠣᠰ ᠤᠳᠠᠭᠠᠨ᠎ᠤ ᠠᠵᠢᠯᠯᠠᠭ᠎ᠠ᠎ᠨᠢ ᠪᠤᠭᠤᠲᠤ᠌ ᠬᠣᠲᠠ᠎ᠶᠢᠨ ᠰᠢᠨ᠎ᠡ ᠡᠨᠧᠷᠭᠢ᠎ᠶᠢ ᠨᠡᠭᠡᠭᠡᠨ ᠬᠥᠭᠵᠢᠭᠦᠯᠬᠦ᠌ ᠪᠠ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭᠯᠠᠯ᠎ᠤᠨ ᠠᠵᠤ ᠦᠢᠯᠡᠰ᠎ᠦᠨ ᠡᠬᠢ ᠪᠠᠶᠠᠯᠢᠭ᠎ᠢ ᠬᠦᠢᠴᠡᠳ ᠡᠮᠬᠢᠯᠡᠨ ᠨᠡᠶ᠋ᠢᠯᠡᠭᠦᠯᠵᠦ᠍᠂ ᠬᠠᠩᠭᠠᠯᠭ᠎ᠠ ᠬᠡᠷᠡᠭᠴᠡᠭᠡ᠎ᠶᠢᠨ ᠮᠡᠳᠡᠭᠡ ᠵᠠᠩᠭᠢ᠎ᠶᠢᠨ ᠪᠡᠬᠢᠯᠡᠯᠲᠡ᠎ᠶᠢ ᠨᠡᠪᠲᠡᠷᠡᠭᠦᠯᠵᠦ᠍᠂ ᠳᠡᠭᠡᠳᠦ ᠳᠤᠤᠷᠠᠳᠤ ᠲᠦᠪᠰᠢᠨ᠎ᠤ ᠢᠵᠢ ᠪᠥᠷᠢᠳᠦᠭᠰᠡᠨ ᠬᠠᠮᠲᠤᠷᠠᠯᠴᠠᠭ᠎ᠠ᠎ᠶᠢ ᠠᠬᠢᠭᠤᠯᠬᠤ᠎ᠳᠤ ᠯᠠᠪᠳᠠᠭᠤᠨ ᠪᠠᠲᠤᠲᠠᠶ ᠰᠠᠭᠤᠷᠢ᠎ᠶᠢ ᠲᠠᠯᠪᠢᠵᠠᠢ᠃