ᠤᠢᠷ᠎ᠠ ᠳ᠋ᠤ᠂ ᠦᠪᠦᠷ ᠮᠤᠡᠭᠭᠤᠯ ᠤ᠋ᠨ ᠬᠤᠶᠠᠳᠤᠭᠠᠷ ᠬᠤᠭᠤᠴᠠᠭᠠᠨ ᠤ᠋ ᠪᠢᠰᠢᠯᠠᠭ ᠤ᠋ᠨ ᠠᠵᠤ ᠦᠢᠯᠡᠰ ᠤ᠋ᠨ ᠲᠦᠷᠦᠯ ᠲᠡᠮᠲᠡᠭ ᠤ᠋ᠨ ᠲᠠᠨᠢᠯᠴᠠᠭᠤᠯᠭ᠎ᠠ ᠶ᠋ᠢᠨ ᠬᠤᠷᠠᠯ ᠤ᠋ᠨ ᠬᠤᠪᠢᠶᠠᠷᠢ ᠠᠵᠢᠯᠯᠠᠭ᠎ᠠ ᠪᠤᠯᠬᠤ ᠦᠪᠦᠷ ᠮᠤᠡᠭᠭᠤᠯ ᠤ᠋ᠨ ᠪᠢᠰᠢᠯᠠᠭ ᠤ᠋ᠨ ᠠᠵᠤ ᠦᠢᠯᠡᠰ ᠤ᠋ᠨ ᠰᠤᠳᠤᠯᠤᠨ ᠶᠠᠷᠢᠯᠴᠠᠬᠤ ᠬᠤᠷᠠᠯ ᠬᠦᠭᠡᠬᠤᠲᠠ ᠳ᠋ᠦ ᠶᠠᠪᠤᠭᠳᠠᠪᠠ᠃
ᠰᠤᠳᠤᠯᠤᠨ ᠶᠠᠷᠢᠯᠴᠠᠬᠤ ᠬᠤᠷᠠᠯ ᠨᠢ 6 ᠶᠡᠬᠡ ᠭᠤᠤᠯᠯᠠᠬᠤ ᠬᠠᠷᠠᠭᠠᠰᠤ ᠶ᠋ᠢᠨ ᠲᠤᠭᠤᠷᠢᠨ ᠳ᠋ᠦ ᠤᠯᠤᠰ ᠤ᠋ᠨ ᠳᠤᠲᠤᠭᠠᠳᠤ ᠶ᠋ᠢᠨ ᠪᠢᠰᠢᠯᠠᠭ ᠤ᠋ᠨ ᠠᠵᠤ ᠦᠢᠯᠡᠰ ᠤ᠋ᠨ ᠬᠦᠭᠵᠢᠯᠲᠡ ᠶ᠋ᠢᠨ ᠤᠳᠤᠬᠢ ᠪᠠᠢᠳᠠᠯ ᠪᠠ ᠢᠷᠡᠭᠡᠳᠦᠢ ᠶ᠋ᠢᠨ ᠬᠦᠭᠵᠢᠯᠲᠡ ᠶ᠋ᠢᠨ ᠴᠢᠭᠯᠡᠯ ᠢ᠋ ᠭᠦᠨᠵᠡᠭᠡᠢ ᠵᠠᠳᠠᠯᠵᠠᠢ᠃ ᠬᠤᠷᠠᠯ ᠳ᠋ᠤ ᠤᠷᠤᠯᠴᠠᠭᠰᠠᠨ ᠲᠤᠰᠬᠠᠢ ᠮᠡᠷᠭᠡᠵᠢᠯᠲᠡᠳ ᠡᠴᠡ᠂ ᠤᠳᠤᠬᠠᠨ ᠳ᠋ᠦ ᠤᠯᠤᠰ ᠤ᠋ᠨ ᠳᠤᠲᠤᠭᠠᠳᠤ ᠶ᠋ᠢᠨ ᠪᠢᠰᠢᠯᠠᠭ ᠤ᠋ᠨ ᠬᠡᠷᠡᠭᠯᠡᠭᠡᠨ ᠤ᠋ ᠵᠠᠬ᠎ᠠ ᠳᠡᠯᠭᠡᠭᠦᠷ ᠦᠷᠬᠦᠯᠵᠢᠯᠡᠨ ᠦᠷᠭᠡᠵᠢᠵᠦ ᠪᠤᠢ᠂ ᠭᠡᠪᠡᠴᠦ ᠠᠵᠢᠯ ᠲᠦᠷᠦᠯ ᠳ᠋ᠦ ᠮᠦᠨ ᠬᠦ᠌ ᠪᠦᠲᠦᠭᠡᠭᠳᠡᠭᠦᠨ ᠤ᠋ ᠠᠳᠠᠯᠢᠪᠲᠤᠷ ᠴᠢᠨᠠᠷ ᠳᠤᠪᠤᠢᠮ᠎ᠠ ᠤᠷᠤᠰᠢᠵᠤ ᠪᠠᠢᠬᠤ᠂ ᠪᠦᠲᠦᠭᠡᠭᠳᠡᠭᠦᠨ ᠢ᠋ ᠦᠢᠯᠡᠳᠪᠦᠷᠢᠯᠡᠵᠦ ᠪᠤᠯᠪᠠᠰᠤᠷᠠᠭᠤᠯᠬᠤ ᠤᠷ᠎ᠠ ᠮᠡᠷᠭᠡᠵᠢᠯ ᠢ᠋ ᠳᠡᠰ ᠳᠡᠪᠰᠢᠭᠦᠯᠬᠦ ᠴᠢᠬᠤᠯᠠᠳᠠᠢ ᠪᠠᠢᠬᠤ᠂ ᠵᠠᠬ᠎ᠠ ᠳᠡᠯᠭᠡᠭᠦᠷ ᠤ᠋ᠨ ᠠᠷᠭ᠎ᠠ ᠵᠠᠮ ᠤ᠋ᠨ ᠪᠠᠢᠷᠢᠯᠠᠭᠤᠯᠤᠯᠲᠠ ᠲᠡᠡᠭᠴᠡᠭᠦᠷᠢ ᠦᠭᠡᠢ ᠪᠠᠢᠬᠤ ᠵᠡᠷᠭᠡ ᠳᠤᠳᠠᠭᠤᠳᠠᠯ ᠪᠠ ᠪᠠᠭᠤᠷᠠᠢ ᠲᠠᠯ᠎ᠠ ᠤᠷᠤᠰᠢᠵᠤ ᠪᠠᠢᠨ᠎ᠠ᠃ ᠪᠢᠰᠢᠯᠠᠭ ᠤ᠋ᠨ ᠠᠵᠤ ᠦᠢᠯᠡᠰ ᠤ᠋ᠨ ᠬᠦᠭᠵᠢᠯᠲᠡ ᠶ᠋ᠢᠨ ᠡᠳᠡᠭᠡᠷ ᠡᠪᠡᠷᠰᠢᠶᠡᠯ ᠤ᠋ᠨ ᠠᠰᠠᠭᠤᠳᠠᠯ ᠳ᠋ᠦ ᠴᠢᠭᠯᠡᠭᠦᠯᠦᠨ᠂ ᠠᠵᠢᠯ ᠲᠦᠷᠦᠯ ᠤ᠋ᠨ ᠬᠢᠨ ᠪᠦᠬᠦ ᠠᠵᠤ ᠦᠢᠯᠡᠰ ᠤ᠋ᠨ ᠬᠡᠯᠬᠢᠶ᠎ᠡ ᠶ᠋ᠢᠨ ᠬᠦᠭᠵᠢᠯᠲᠡ ᠶ᠋ᠢᠨ ᠰᠡᠳᠬᠢᠮᠵᠢ ᠵᠢ ᠪᠤᠢ ᠪᠤᠯᠭᠠᠵᠤ᠂ ᠤᠷ᠎ᠠ ᠮᠡᠷᠭᠡᠵᠢᠯ ᠢ᠋ ᠳᠡᠰ ᠳᠡᠪᠰᠢᠭᠦᠯᠬᠦ᠂ ᠪᠦᠲᠦᠭᠡᠭᠳᠡᠭᠦᠨ ᠤ᠋ ᠰᠢᠨ᠎ᠡ ᠵᠢ ᠡᠭᠦᠳᠬᠦ ᠬᠢᠭᠡᠳ ᠠᠷᠭ᠎ᠠ ᠵᠠᠮ ᠤ᠋ᠨ ᠪᠠᠢᠷᠢᠰᠢᠭᠤᠯᠤᠯᠲᠠ ᠵᠢ ᠨᠢᠭᠡᠳᠦᠯᠲᠠᠢ ᠲᠦᠯᠦᠪᠵᠢᠭᠦᠯᠦᠨ᠂ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ ᠰᠢᠷᠢᠰ ᠠᠷᠭ᠎ᠠ ᠬᠡᠮᠵᠢᠶ᠎ᠡ ᠵᠢ ᠤᠨᠤᠴᠠᠲᠠᠢ ᠲᠤᠭᠲᠠᠭᠠᠵᠤ᠂ ᠠᠵᠤ ᠦᠢᠯᠡᠰ ᠤ᠋ᠨ ᠤᠳᠤ ᠶ᠋ᠢᠨ ᠤᠷᠤᠰᠢᠵᠤ ᠪᠠᠢᠭ᠎ᠠ ᠳᠤᠲᠠᠭᠤᠳᠠᠯ ᠢ᠋ ᠪᠦᠬᠦ ᠲᠠᠯ᠎ᠠ ᠪᠡᠷ ᠨᠦᠬᠦᠪᠦᠷᠢᠯᠡᠬᠦ ᠬᠡᠷᠡᠭᠲᠡᠢ ᠭᠡᠵᠦ ᠳᠤᠷᠠᠳᠴᠠᠢ᠃
ᠦᠪᠦᠷ ᠮᠤᠡᠭᠭᠤᠯ ᠤ᠋ᠨ ᠪᠢᠰᠢᠯᠠᠭ ᠰᠠᠢᠨ᠂ ᠰᠠᠢᠨ ᠪᠢᠰᠢᠯᠠᠭ ᠦᠪᠦᠷ ᠮᠤᠡᠭᠭᠤᠯ ᠳ᠋ᠦ ᠪᠤᠢ᠃ ᠪᠢᠰᠢᠯᠠᠭ ᠪᠤᠯ ᠰᠦ ᠶ᠋ᠢᠨ ᠦᠢᠯᠡᠰ ᠤ᠋ᠨ ᠦᠷᠳᠡᠭ ᠢ᠋ ᠨᠡᠮᠡᠭᠳᠡᠬᠦᠯᠬᠦ ᠭᠤᠤᠯᠳᠠᠯᠭ᠎ᠠ᠂ ᠲᠠᠯ᠎ᠠ ᠨᠤᠲᠤᠭ ᠤ᠋ᠨ ᠤᠨᠴᠠᠯᠢᠭᠲᠦ ᠨᠡᠷ᠎ᠡ ᠶ᠋ᠢᠨ ᠬᠠᠭᠤᠳᠠᠰᠤ᠂ ᠮᠠᠯᠴᠢᠨ ᠲᠠᠷᠢᠶᠠᠴᠢᠨ ᠤ᠋ ᠤᠷᠤᠯᠭ᠎ᠠ ᠶ᠋ᠢᠨ ᠨᠡᠮᠡᠭᠳᠡᠯ ᠤ᠋ᠨ ᠭᠠᠷᠳᠠᠴᠠ ᠮᠦᠨ᠃ ᠮᠠᠨ ᠤ᠋ ᠤᠷᠤᠨ ᠪᠢᠰᠢᠯᠠᠭ ᠤ᠋ᠨ ᠪᠠᠷᠢᠮᠵᠢᠶ᠎ᠠ ᠪᠤᠯᠤᠨ ᠶᠠᠰᠤ ᠴᠢᠨᠠᠷ ᠢ᠋ ᠴᠢᠡᠭᠭ᠎ᠠ ᠡᠵᠡᠮᠳᠡᠨ᠂ ᠲᠦᠷᠦᠯ ᠵᠦᠢᠯ ᠢ᠋ ᠰᠢᠨᠡᠴᠢᠯᠡᠨ ᠪᠠᠶᠠᠯᠢᠭᠵᠢᠭᠤᠯᠵᠤ᠂ ᠲᠦᠷᠦᠯ ᠲᠡᠮᠲᠡᠭ ᠤ᠋ᠨ ᠵᠠᠬ᠎ᠠ ᠳᠡᠯᠭᠡᠭᠦᠷ ᠤ᠋ᠨ ᠨᠦᠯᠦᠭᠡᠯᠡᠬᠦ ᠬᠦᠴᠦᠨ ᠢ᠋ ᠴᠢᠡᠭᠭᠠᠳᠬᠠᠨ᠂ ᠦᠪᠤᠷ ᠮᠤᠩᠭᠤᠯ ᠤ᠋ᠨ ᠪᠢᠰᠢᠯᠠᠭ ᠤ᠋ᠨ ᠠᠵᠤ ᠦᠢᠯᠡᠰ ᠢ᠋ ᠪᠤᠵᠠᠭᠠᠢᠷᠠᠭᠤᠯᠵᠤ᠂ ᠲᠠᠯ᠎ᠠ ᠨᠤᠲᠤᠭ ᠤ᠋ᠨ ᠰᠠᠢᠨ ᠰᠦ ᠪᠡᠷ ᠰᠠᠢᠨ ᠪᠢᠰᠢᠯᠠᠭ ᠬᠢᠵᠦ᠂ ᠰᠠᠢᠨ ᠪᠢᠰᠢᠯᠠᠭ ᠢ᠋ ᠪᠦᠬᠦ ᠤᠯᠤᠰ ᠲᠦ᠍ ᠠᠯᠳᠠᠷᠰᠢᠭᠤᠯᠬᠤ ᠪᠡᠷ ᠬᠦᠴᠦᠯᠡᠨ ᠴᠢᠷᠮᠠᠢᠵᠤ ᠪᠠᠢᠨ᠎ᠠ᠃