ᠤᠢᠷ᠎ᠠ ᠳ᠋ᠤ᠂ 《ᠨᠡᠢᠭᠡᠮ ᠨᠡᠢᠳᠡ ᠪᠠ ᠪᠠᠩᠬᠢ ᠵᠢᠨ ᠬᠠᠮᠲᠤ ᠵᠢᠨ ᠬᠦᠴᠦᠨ ᠢ᠋ ᠨᠢᠭ᠍ᠲᠠᠷᠠᠭᠤᠯᠵᠤ᠂ ᠮᠥᠩᠭᠥᠨ ᠭᠦᠢᠯᠭᠡᠭᠡ ᠪᠡᠷ ᠠᠷᠠᠳ ᠤ᠋ᠨ ᠠᠮᠢᠳᠤᠷᠠᠯ ᠳ᠋ᠤ ᠠᠰᠢᠭ᠋ ᠬᠦᠷᠲᠡᠭᠡᠶ᠎ᠡ》 ᠭᠡᠬᠦ ᠤᠷᠳᠤᠰ ᠬᠤᠳᠠ ᠵᠢᠨ ᠬᠢᠶ᠎ᠠ ᠪᠠᠭᠰᠢ ᠳᠤᠭᠤᠷᠢᠭ ᠤ᠋ᠨ ᠪᠦᠬᠦ ᠤᠯᠤᠰ ᠤ᠋ᠨ ᠠᠩᠬᠠᠳᠠᠭᠴᠢ ᠨᠢᠭᠦᠯᠡᠰᠦᠩᠭᠦᠢ ᠵᠢᠨ ᠢᠳᠡᠭᠡᠮᠵᠢᠳᠤ ᠨᠠᠢᠳᠠᠯᠭ᠎ᠠ ᠶ᠋ᠢᠨ ᠳᠠᠭᠠᠳᠬᠠᠯ ᠤ᠋ᠨ ᠳᠤᠷᠰᠢᠯᠳᠠ ᠶ᠋ᠢᠨ ᠳᠦᠷᠦᠯ ᠵᠦᠢᠯ ᠤ᠋ᠨ ᠡᠬᠢᠯᠡᠯᠳᠡ ᠶ᠋ᠢᠨ ᠶᠤᠰᠤᠯᠠᠯ ᠬᠢᠶ᠎ᠠ ᠪᠠᠭᠰᠢ ᠳᠤᠭᠤᠷᠢᠭ ᠤ᠋ᠨ ᠱᠧᠨ ᠬᠤᠸᠠ ᠺᠠᠩ ᠴᠧᠩ ᠨᠡᠢᠭᠡᠮ ᠲᠣᠭᠣᠷᠢᠭ᠋ ᠲᠤ᠌ ᠶᠠᠪᠤᠭᠳᠠᠪᠠ᠃
ᠣᠢᠯᠠᠭᠠᠭᠰᠠᠨ ᠶ᠋ᠢᠡᠷ᠂ ᠲᠤᠰ ᠲᠥᠷᠥᠯ ᠵᠦᠢᠯ ᠢ᠋ ᠠᠬᠢᠭᠤᠯᠬᠤ ᠱᠠᠲᠤᠨ ᠳ᠋ᠤ ᠬᠢᠶ᠎ᠠ ᠪᠠᠭ᠍ᠰᠢ ᠲᠣᠭᠣᠷᠢᠭ᠋ ᠭᠤᠷᠪᠠᠨ ᠱᠠᠲᠤ ᠪᠠᠷ ᠬᠣᠯᠪᠤᠭᠠᠯᠠᠨ ᠬᠥᠳᠡᠯᠦᠯᠴᠡᠬᠦ᠂ ᠣᠯᠠᠨ ᠲᠠᠯ᠎ᠠ ᠪᠠᠷ ᠬᠠᠮᠲᠤᠷᠠᠨ ᠠᠵᠢᠯᠯᠠᠬᠤ ᠲᠣᠭᠲᠠᠴᠠ ᠵᠢ ᠪᠠᠢᠭᠤᠯᠵᠤ᠂ ᠪᠥᠬᠥ ᠬᠦᠷᠢᠶ᠎ᠡ ᠴᠠᠷᠠᠭ᠎ᠠ ᠵᠢ ᠬᠠᠮᠤᠷᠤᠭᠰᠠᠨ ᠨᠡᠢᠭᠡᠮ ᠤ᠋ᠨ ᠪᠠᠲᠤᠯᠠᠭ᠎ᠠ ᠵᠢᠨ ᠲᠣᠮᠣ᠌ ᠳ᠋ᠠᠢᠲ᠋ᠠ ᠳ᠋ᠤ ᠲᠦᠰᠢᠭᠯᠡᠨ᠂ ᠣᠯᠠᠨ ᠲᠦᠮᠡᠨ ᠤ᠋ ᠮᠡᠳᠡᠭᠡ ᠵᠠᠩᠭᠢ ᠵᠢ ᠣᠢᠯᠠᠭᠠᠨ ᠡᠮᠬᠢᠯᠡᠬᠦ᠂ ᠠᠰᠢᠭ᠋ ᠭᠥᠷᠳᠡᠬᠦ ᠡᠲᠡᠭᠡᠳ ᠤ᠋ᠨ ᠮᠡᠳᠡᠭᠡ ᠵᠠᠩᠭᠢ ᠵᠢ ᠰᠣᠯᠪᠢᠴᠠᠭᠤᠯᠤᠨ ᠬᠠᠷᠢᠴᠠᠭᠤᠯᠬᠤ ᠪᠠ ᠲᠤᠰᠠᠯᠠᠬᠤ ᠬᠢᠷᠢ ᠬᠡᠮ ᠢ᠋ ᠳᠠᠬᠢᠨ ᠬᠢᠨᠠᠬᠤ ᠠᠵᠢᠯ ᠢ᠋ ᠯᠠᠪᠳᠠᠭᠤᠨ ᠪᠠᠳᠤᠳᠠᠢ ᠥᠷᠨᠢᠭᠦᠯᠦᠨ᠂ ᠲᠤᠰᠠᠯᠠᠬᠤ ᠨᠡᠷᠡᠰ ᠤ᠋ᠨ ᠢᠯᠡ ᠪᠡᠷ ᠨᠡᠢᠲᠡᠯᠡᠬᠦ ᠳᠦᠷᠢᠮ ᠢ᠋ ᠴᠢᠩᠭ᠎ᠠ ᠨᠠᠢᠳᠠᠪᠤᠷᠢᠵᠢᠭᠤᠯᠤᠨ᠂ ᠬᠠᠪᠰᠤᠷᠤᠨ ᠲᠡᠳᠬᠦᠬᠦ ᠬᠥᠮᠥᠰ ᠢ᠋ ᠨᠠᠷᠢᠯᠢᠭ᠋ ᠣᠨᠣᠴᠠᠲᠠᠢ ᠲᠣᠭᠲᠠᠭᠠᠭᠠᠳ᠂ ᠪᠥᠬᠥ ᠶᠠᠪᠤᠴᠠ ᠵᠢ ᠢᠯᠡ ᠲᠣᠳᠣ᠌ ᠪᠣᠯᠭᠠᠵᠡᠢ᠃ ᠡᠭᠦᠨ ᠡᠴᠡ ᠭᠠᠳᠠᠨ᠎ᠠ᠂ ᠲᠤᠬᠠᠢ ᠵᠢᠨ ᠭᠠᠵᠠᠷ ᠡᠯ᠎ᠡ ᠵᠦᠢᠯ ᠤ᠋ᠨ ᠭᠤᠶᠤᠴᠢᠯᠠᠨ ᠠᠪᠬᠤ ᠶᠠᠪᠤᠴᠠ ᠵᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠭᠦᠯᠵᠦ᠂ ᠨᠠᠰᠤ ᠵᠢᠯ᠂ ᠳᠠᠭᠠᠳᠬᠠᠯ ᠳ᠋ᠤ ᠣᠷᠣᠯᠴᠠᠭᠰᠠᠨ ᠪᠠᠢᠳᠠᠯ᠂ ᠣᠲᠣ᠌ ᠵᠢᠨ ᠬᠦᠷᠳᠡᠵᠦ ᠪᠠᠢᠭ᠎ᠠ ᠨᠥᠬᠥᠪᠦᠷᠢ᠂ ᠬᠦᠴᠢᠷᠳᠡᠯᠲᠡᠢ ᠪᠡᠶ᠎ᠡ ᠵᠢᠨ ᠭᠠᠷᠤᠯ ᠢ᠋ ᠮᠠᠭᠠᠳᠯᠠᠨ ᠲᠣᠭᠲᠠᠭᠠᠬᠤ ᠵᠡᠷᠭᠡ ᠵᠠᠩᠭᠢᠯᠠᠭ᠎ᠠ ᠵᠢᠨ ᠭᠣᠭᠴᠣᠭ᠎ᠠ ᠵᠢ ᠴᠢᠩᠭ᠎ᠠ ᠬᠢᠨᠠᠨ ᠬᠠᠷᠭᠤᠭᠤᠯᠵᠤ᠂ ᠲᠤᠷᠰᠢᠯᠲᠠ ᠵᠢᠨ ᠳᠦᠷᠦᠯ ᠵᠦᠢᠯ ᠤ᠋ᠨ ᠢᠵᠢ ᠪᠦᠷᠢᠳᠦᠭᠦᠯᠬᠦ ᠦᠢᠯᠡᠴᠢᠯᠡᠭᠡ ᠵᠢ ᠦᠷᠭᠦᠯᠵᠢᠯᠡᠨ ᠪᠣᠳᠠᠲᠠᠢᠵᠢᠭᠤᠯᠵᠤ᠂ ᠨᠢᠭᠦᠯᠡᠰᠦᠩᠭᠦᠢ ᠵᠢᠨ ᠨᠥᠬᠥᠪᠦᠷᠢ ᠵᠢᠨ ᠪᠡᠯᠡ ᠮᠥᠩᠭᠥ ᠵᠢ ᠨᠦᠬᠦᠴᠡᠯ ᠳ᠋ᠤ ᠨᠡᠢᠴᠡᠭᠰᠡᠨ ᠤᠯᠠᠨ ᠳᠦᠮᠡᠨ ᠳ᠋ᠤ ᠴᠠᠭ ᠲᠤᠬᠠᠢ ᠳ᠋ᠤᠨᠢ ᠲᠣᠭ᠎ᠠ ᠶᠣᠰᠣᠭᠠᠷ ᠣᠯᠭᠣᠬᠤ ᠵᠢ ᠪᠠᠲᠤᠯᠠᠵᠤ ᠪᠤᠢ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号