ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ 《ᠬᠤᠳᠠ ᠰᠢᠶᠠᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠴᠢᠳᠠᠪᠤᠷᠢ ᠶ᠋ᠢ ᠪᠠᠷᠢᠮᠵᠢᠶᠠᠵᠢᠭᠤᠯᠬᠤ ᠪᠦᠲᠦᠭᠡᠨ ᠪᠠᠢᠭᠤᠯᠤᠯᠳᠠ ᠶ᠋ᠢᠨ ᠲᠤᠷᠰᠢᠯᠭ᠎ᠠ ᠶ᠋ᠢ ᠳ᠋ᠦᠩᠨᠡᠨ ᠳᠡᠯᠭᠡᠷᠡᠭᠦᠯᠬᠦ ᠲᠤᠬᠠᠢ ᠮᠡᠳᠡᠭᠳᠡᠯ》ᠢ᠋ ᠳᠠᠷᠤᠮᠠᠯᠯᠠᠨ ᠲᠠᠷᠬᠠᠭᠠᠵᠤ᠂ ᠲᠦᠷᠦᠭᠦᠦ ᠭᠤᠷᠪᠠᠨ ᠪᠦᠯᠦᠭ ᠲᠤᠷᠰᠢᠯᠳᠠ ᠶ᠋ᠢᠨ ᠴᠡᠭ ᠤ᠋ᠨ ᠨᠢᠭᠡᠴᠢ ᠪᠠ ᠭᠤᠤᠯᠳᠠᠯᠭ᠎ᠠ ᠲᠠᠢ ᠠᠬᠢᠭᠤᠯᠬᠤ ᠨᠢᠭᠡᠴᠢ ᠶ᠋ᠢᠨ ᠨᠡᠢᠳᠡᠯᠢᠭ ᠲᠤᠷᠰᠢᠯᠭ᠎ᠠ ᠶ᠋ᠢ ᠳ᠋ᠦᠩᠨᠡᠨ ᠪᠦᠬᠦ ᠤᠷᠤᠨ ᠳ᠋ᠤ ᠳᠡᠯᠭᠡᠷᠡᠭᠦᠯᠬᠦ ᠶ᠋ᠢ ᠱᠠᠭᠠᠷᠳᠠᠪᠠ᠃
ᠤᠢᠯᠠᠭᠠᠭᠰᠠᠨ ᠶ᠋ᠢᠡᠷ᠂ 2022 ᠤᠨ ᠡᠴᠡ ᠨᠠᠭᠠᠰᠢ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ 300 ᠲᠦᠮᠡᠨ ᠲᠦᠭᠦᠷᠢᠭ ᠤ᠋ᠨ ᠲᠤᠰᠬᠠᠢ ᠪᠡᠯᠡ ᠮᠦᠩᠬᠦ ᠪᠠᠭᠤᠯᠭᠠᠵᠤ᠂ ᠪᠦᠬᠦ ᠤᠷᠤᠨ ᠤ᠋ 2 ᠠᠢᠮᠠᠭ ᠬᠤᠳᠠ᠂ 16 ᠬᠤᠰᠢᠭᠤ ᠰᠢᠶᠠᠨ(ᠬᠤᠳᠠ᠂ ᠲᠤᠭᠤᠷᠢᠭ)ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠢ᠋ ᠲᠤᠷᠰᠢᠯᠳᠠ ᠶ᠋ᠢᠨ ᠴᠡᠭ ᠤ᠋ᠨ ᠨᠢᠭᠡᠴᠢ ᠪᠠ ᠭᠤᠤᠯᠳᠠᠯᠭ᠎ᠠ ᠲᠠᠢ ᠠᠬᠢᠭᠤᠯᠬᠤ ᠨᠢᠭᠡᠴᠢ ᠪᠡᠷ ᠳᠤᠭᠳᠠᠭᠠᠨ᠂ ᠪᠦᠬᠦ ᠤᠷᠤᠨ ᠤ᠋ ᠬᠤᠳᠠ ᠰᠢᠶᠠᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠴᠢᠳᠠᠪᠤᠷᠢ ᠶ᠋ᠢ ᠪᠠᠷᠢᠮᠵᠢᠶᠠᠵᠢᠭᠤᠯᠬᠤ ᠪᠦᠲᠦᠭᠡᠨ ᠪᠠᠢᠭᠤᠯᠤᠯᠳᠠ ᠶ᠋ᠢ ᠯᠠᠪᠳᠠᠭᠤᠨ ᠪᠠᠳᠤᠳᠠᠢ ᠠᠬᠢᠭᠤᠯᠵᠤ ᠲᠤᠪᠤᠢᠮ᠎ᠠ ᠦᠷ᠎ᠠ ᠪᠦᠲᠦᠮᠵᠢ ᠤᠯᠵᠠᠢ᠃ ᠡᠳᠡᠭᠡᠷ ᠨᠢᠭᠡᠴᠢ ᠨᠢ 《ᠡᠮ ᠤ᠋ᠨ ᠵᠦᠢᠯᠡᠰ ᠢ᠋ ᠲᠦᠪᠯᠡᠷᠡᠭᠦᠯᠦᠨ ᠴᠡᠭᠴᠡᠯᠡᠨ ᠵᠠᠰᠠᠬᠤ ᠡᠳᠦᠷ》ᠤ᠋ᠨ ᠳᠤᠭᠳᠠᠴᠠ ᠶ᠋ᠢ ᠪᠡᠬᠢᠵᠢᠭᠦᠯᠦᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠰᠬᠠᠢ ᠠᠩᠬᠢ ᠪᠠᠢᠭᠤᠯᠬᠤ᠂ ᠪᠤᠳᠠᠳᠤ ᠴᠤᠭᠴᠠ ᠶ᠋ᠢᠨ ᠲᠤᠰᠬᠠᠢ ᠮᠡᠷᠭᠡᠵᠢᠯ ᠤ᠋ᠨ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠭᠠᠵᠠᠷ ᠢ᠋ ᠪᠠᠢᠭᠤᠯᠤᠨ ᠬᠠᠤᠯᠢᠴᠢ ᠵᠠᠯᠠᠵᠤ ᠬᠡᠷᠡᠭ ᠤ᠋ᠨ ᠵᠠᠳᠠᠯᠤᠯᠳᠠ ᠳ᠋ᠤ ᠤᠷᠤᠯᠴᠠᠭᠤᠯᠬᠤ᠂ ᠳᠠᠪᠤᠨ ᠱᠠᠳᠤᠨ ᠤ᠋ ᠬᠢᠨᠠᠯᠳᠠ ᠬᠠᠮᠢᠶᠠᠷᠤᠯᠳᠠ ᠶ᠋ᠢᠨ ᠲᠤᠤᠷ ᠢ᠋ ᠪᠠᠢᠭᠤᠯᠤᠨ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠳᠤᠮᠤ ᠳ᠋ᠠᠢᠲ᠋ᠠ ᠶ᠋ᠢᠨ ᠳᠠᠪᠴᠠᠩ ᠢ᠋ ᠪᠠᠢᠭᠤᠯᠬᠤ᠂ 《ᠬᠤᠶᠠᠷ ᠠᠵᠢᠯᠳᠠᠨ ᠨᠢᠭᠡ ᠬᠠᠷᠠᠭᠤᠯ ᠤ᠋ᠨ ᠴᠡᠭ》ᠤ᠋ᠨ ᠳᠤᠭᠳᠠᠴᠠ ᠶ᠋ᠢ ᠪᠠᠢᠭᠤᠯᠤᠨ 《 3 + 4 》 ᠠᠵᠢᠯᠯᠠᠬᠤ ᠠᠷᠭ᠎ᠠ ᠶ᠋ᠢ ᠬᠡᠷᠡᠭᠵᠢᠭᠦᠯᠬᠦ᠂《ᠲᠠᠰᠤᠭ ᠠᠯᠪᠠᠨ ᠭᠡᠷ ᠨᠢᠭᠡᠳᠦᠯᠳᠠᠢ ᠲᠦᠯᠦᠪᠵᠢᠭᠦᠯᠦᠨ᠂ ᠲᠤᠰᠬᠠᠢ ᠮᠡᠷᠭᠡᠵᠢᠯ ᠤ᠋ᠨ ᠭᠠᠵᠠᠷ ᠬᠢᠨᠠᠨ ᠬᠠᠮᠢᠶᠠᠷᠴᠤ᠂ ᠶᠡᠬᠡ ᠠᠩᠬᠢ ᠬᠠᠤᠯᠢ ᠬᠡᠷᠡᠭᠵᠢᠭᠦᠯᠬᠦ》ᠭᠤᠷᠪᠠ ᠶ᠋ᠢ ᠨᠢᠭᠡ ᠴᠤᠭᠴᠠᠵᠢᠭᠤᠯᠤᠭᠰᠠᠨ ᠪᠢᠳᠡᠭᠦᠦ ᠬᠡᠯᠬᠢᠶᠡᠳᠦ ᠬᠠᠮᠢᠶᠠᠷᠤᠯᠳᠠ ᠶ᠋ᠢᠨ ᠳᠤᠭᠳᠠᠴᠠ ᠶ᠋ᠢ ᠪᠠᠢᠭᠤᠯᠬᠤ᠂ ᠤᠶᠤᠨᠴᠢ ᠬᠢᠨᠠᠯᠳᠠ ᠬᠠᠮᠢᠶᠠᠷᠤᠯᠳᠠ ᠶ᠋ᠢᠨ ᠳᠠᠪᠴᠠᠩ ᠢ᠋ ᠪᠠᠢᠭᠤᠯᠤᠨ ᠬᠤᠭᠤᠴᠠᠭ᠎ᠠ ᠨᠢ ᠦᠩᠭᠡᠷᠡᠭᠰᠡᠨ ᠡᠮ ᠤ᠋ᠨ ᠵᠦᠢᠯᠡᠰ ᠢ᠋ ᠤᠶᠤᠨᠳᠤ ᠪᠡᠷ ᠡᠭᠡᠭᠦᠯᠦᠨ ᠠᠪᠬᠤ᠂ ᠰᠦᠯᠵᠢᠶ᠎ᠠ ᠪᠡᠷ ᠦᠨᠳᠦᠷ ᠪᠦᠲᠦᠮᠵᠢᠳᠠᠢ ᠪᠡᠷ ᠬᠢᠨᠠᠨ ᠵᠦᠪᠰᠢᠶᠡᠷᠡᠬᠦ ᠠᠷᠭ᠎ᠠ ᠪᠠ 《ᠵᠢᠷᠭᠤᠭᠠᠨ ᠠᠯᠬᠤᠮ》 ᠶ᠋ᠢᠡᠷ ᠶᠠᠪᠤᠬᠤ ᠠᠵᠢᠯᠯᠠᠬᠤ ᠠᠷᠭ᠎ᠠ ᠶ᠋ᠢ ᠬᠡᠷᠡᠭᠵᠢᠭᠦᠯᠬᠦ᠂ ᠲᠤᠰᠬᠠᠢ ᠮᠡᠷᠭᠡᠵᠢᠯ ᠤ᠋ᠨ ᠴᠢᠳᠠᠪᠤᠷᠢᠳᠠᠨ ᠤ᠋ ᠬᠦᠮᠦᠷᠭᠡ ᠪᠠᠢᠭᠤᠯᠤᠨ ᠤᠷᠤᠨ ᠪᠦᠰᠡ ᠠᠯᠤᠰᠯᠠᠨ ᠬᠠᠮᠵᠢᠯᠴᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠦᠷᠨᠢᠭᠦᠯᠬᠦ ᠵᠡᠷᠭᠡ ᠨᠢᠭᠡ ᠪᠦᠯᠦᠭ ᠦᠪᠡᠷᠮᠢᠴᠡ ᠤᠨᠴᠠᠯᠢᠭ ᠪᠦᠬᠦᠢ ᠲᠤᠷᠰᠢᠯᠭ᠎ᠠ ᠪᠠ ᠠᠷᠭ᠎ᠠ ᠪᠠᠷᠢᠯ ᠢ᠋ ᠬᠤᠷᠠᠮᠳᠤᠭᠤᠯᠪᠠ᠃ ᠡᠳᠡᠭᠡᠷ ᠠᠷᠭ᠎ᠠ ᠪᠠᠷᠢᠯ ᠨᠢ ᠦᠨᠳᠦᠰᠦᠨ ᠱᠠᠳᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠬᠦᠴᠦᠨ ᠪᠠᠭᠤᠷᠠᠢ᠂ ᠲᠤᠰᠬᠠᠢ ᠮᠡᠷᠭᠡᠵᠢᠯ ᠤ᠋ᠨ ᠬᠦᠴᠦᠨ ᠴᠢᠳᠠᠪᠤᠷᠢ ᠬᠦᠷᠦᠯᠴᠡᠬᠦ ᠦᠭᠡᠢ ᠵᠡᠷᠭᠡ ᠬᠠᠮᠳᠤᠴᠢ ᠴᠢᠨᠠᠷᠳᠠᠢ ᠬᠦᠴᠢᠷ ᠠᠰᠠᠭᠤᠳᠠᠯ ᠢ᠋ ᠪᠦᠲᠦᠮᠵᠢᠳᠠᠢ ᠰᠢᠢᠳᠪᠤᠷᠢᠯᠡᠵᠦ᠂ ᠪᠦᠬᠦ ᠤᠷᠤᠨ ᠳ᠋ᠤ ᠯᠠᠪᠯᠠᠵᠤ ᠪᠤᠯᠬᠤ᠂ ᠬᠠᠭᠤᠯᠪᠤᠷᠢᠯᠠᠨ ᠳᠡᠯᠭᠡᠷᠡᠭᠦᠯᠵᠤ ᠪᠤᠯᠬᠤ ᠦᠢᠯᠡᠳᠦᠯᠭᠡ ᠶ᠋ᠢᠨ ᠲᠤᠷᠰᠢᠯᠭ᠎ᠠ ᠬᠠᠩᠭᠠᠭᠰᠠᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号