ᠲᠣᠭᠯᠠᠭᠴᠢ ᠲᠤᠯᠢ ᠤᠯᠤᠰ ᠤ᠋ᠨ ᠤᠷᠠᠯᠢᠭ ᠤ᠋ᠨ ᠰᠠᠭᠤᠷᠢ ᠮᠥᠩᠭᠥ ᠶ᠋ᠢᠨ ᠲᠤᠰᠠᠯᠠᠮᠵᠢ ᠶ᠋ᠢᠨ ᠲᠥᠷᠥᠯ ᠵᠦᠢᠯ᠎ᠤᠨ ᠪᠤᠯᠪᠠᠰᠤᠷᠠᠯ ᠳ᠋ᠦ ᠡᠯᠰᠡᠭᠳᠡᠪᠡ
2026-07-22 15:12:01
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠡᠴᠡ ᠤᠢᠯᠠᠭᠠᠭᠰᠠᠨ ᠵᠢᠡᠷ᠂ ᠲᠤᠰ ᠬᠦᠷᠢᠶᠡᠯᠡᠩ ᠤ᠋ᠨ ᠦᠨᠳᠦᠰᠦᠳᠡᠨ ᠤ᠋ ᠳᠠᠭᠤᠤᠷᠢᠯᠢᠭ ᠤ᠋ᠨ ᠪᠦᠯᠬᠦᠮ ᠤ᠋ᠨ ᠲᠤᠭᠯᠠᠭᠴᠢ ᠲᠤᠯᠢ ᠤᠯᠤᠰ ᠤ᠋ᠨ ᠤᠷᠠᠯᠢᠭ ᠤ᠋ᠨ ᠰᠠᠭᠤᠷᠢ ᠮᠥᠩᠭᠥ ᠶ᠋ᠢᠨ 2026 ᠣᠨ ᠤ᠋ ᠤᠷᠠᠯᠢᠭ ᠤ᠋ᠨ ᠴᠢᠳᠠᠪᠤᠷᠢᠲᠠᠨ ᠤ᠋ ᠪᠣᠯᠪᠠᠰᠤᠷᠠᠯ ᠤ᠋ᠨ ᠪᠡᠯᠡ ᠮᠥᠩᠭᠥ ᠶ᠋ᠢᠨ ᠲᠤᠰᠠᠯᠠᠮᠵᠢ ᠶ᠋ᠢᠨ ᠲᠥᠷᠥᠯ ᠵᠦᠢᠯ ᠪᠣᠯᠬᠤ ︽ᠵᠡᠭᠦᠨ ᠬᠣᠢᠲᠤ ᠶ᠋ᠢᠨ ᠳᠠᠭᠤᠤᠷᠢᠯᠢᠭ ᠤ᠋ᠨ ᠵᠣᠬᠢᠶᠠᠨ ᠪᠦᠲᠦᠭᠡᠬᠦ ᠵᠠᠯᠠᠭᠤ ᠴᠢᠳᠠᠪᠤᠷᠢᠲᠠᠨ ᠤ᠋ ᠪᠣᠯᠪᠠᠰᠤᠷᠠᠯ︾ ᠳ᠋ᠦ᠍ ᠡᠯᠰᠡᠭᠳᠡᠵᠡᠢ᠃

ᠲᠤᠰ ᠪᠣᠯᠪᠠᠰᠤᠷᠠᠯ ᠤ᠋ᠨ ᠲᠥᠷᠥᠯ ᠵᠦᠢᠯ ᠨᠢ ᠵᠡᠭᠦᠨ ᠬᠣᠢᠲᠤ ᠶ᠋ᠢᠨ ᠳᠠᠭᠤᠤᠷᠢᠯᠢᠭ ᠤ᠋ᠨ ᠵᠣᠬᠢᠶᠠᠨ ᠪᠦᠲᠦᠭᠡᠯᠬᠡ ᠶ᠋ᠢᠨ ᠵᠠᠯᠠᠭᠤ ᠴᠢᠳᠠᠪᠤᠷᠢᠲᠠᠨ ᠢ᠋ ᠬᠥᠮᠦᠵᠢᠭᠦᠯᠵᠦ᠂ ᠪᠦᠬᠦ ᠤᠯᠤᠰ ᠤ᠋ᠨ ᠳᠠᠭᠤᠤᠷᠢᠯᠢᠭ ᠤ᠋ᠨ ᠤᠳᠬ᠎ᠠ ᠤᠷᠠᠯᠢᠭ ᠤ᠋ᠨ ᠰᠣᠯᠢᠯᠴᠠᠭ᠎ᠠ ᠰᠤᠷᠤᠯᠴᠠᠭ᠎ᠠ ᠶ᠋ᠢᠨ ᠲᠠᠪᠴᠠᠩ ᠢ᠋ ᠪᠠᠢᠭᠤᠯᠬᠤ ᠪᠡᠷ ᠵᠣᠷᠢᠯᠲᠠ ᠪᠣᠯᠭᠠᠵᠠᠢ᠃ ᠲᠤᠰ ᠲᠥᠷᠥᠯ ᠵᠦᠢᠯ ᠢ᠋ ᠠᠨᠱᠠᠨ ᠤ᠋ ᠪᠠᠭᠰᠢ ᠶ᠋ᠢᠨ ᠳᠡᠭᠡᠳᠦ ᠰᠤᠷᠭᠠᠭᠤᠯᠢ ᠶ᠋ᠢᠨ ᠳᠠᠭᠤᠤ ᠬᠥᠭᠵᠢᠮ ᠤ᠋ᠨ ᠳᠡᠭᠡᠳᠦ ᠰᠤᠷᠭᠠᠭᠤᠯᠢ ᠡᠴᠡ ᠳᠠᠭᠠᠭᠠᠴᠢᠯᠠᠨ ᠡᠷᠬᠢᠯᠡᠵᠦ᠂ 2026 ᠣᠨ ᠤ᠋ 5 ᠰᠠᠷ᠎ᠠ ᠶ᠋ᠢᠨ 13 ᠤ᠋ ᠡᠳᠦᠷ ᠡᠴᠡ ᠡᠬᠢᠯᠡᠨ ᠨᠡᠷ᠎ᠡ ᠮᠡᠳᠡᠭᠦᠯᠦᠭᠰᠡᠨ ᠡᠴᠡ ᠨᠡᠭᠠᠰᠢ ᠪᠦᠬᠦ ᠤᠯᠤᠰ ᠤ᠋ᠨ ᠳᠠᠭᠤᠤᠷᠢᠯᠢᠭ ᠤ᠋ᠨ ᠤᠷᠠᠯᠢᠭ ᠤ᠋ᠨ ᠴᠢᠳᠠᠪᠤᠷᠢᠲᠠᠨ ᠤ᠋ ᠥᠷᠭᠡᠨ ᠳᠡᠯᠭᠡᠷ ᠠᠩᠬᠠᠷᠤᠯ ᠢ᠋ ᠲᠠᠲᠠᠵᠠᠢ᠃ ᠬᠢᠨᠠᠨ ᠰᠢᠯᠭᠠᠬᠤ ᠳᠤᠭᠤᠢᠯᠠᠩ ᠤ᠋ᠨ ᠬᠠᠳᠠᠭᠤ ᠴᠢᠩᠭ᠎ᠠ ᠰᠢᠭᠰᠢᠨ ᠰᠤᠩᠭᠤᠯᠳᠠ ᠪᠡᠷ ᠲᠠᠮᠵᠢᠨ ᠬᠠᠮᠤᠭ ᠤ᠋ᠨ ᠰᠡᠬᠦᠯ ᠳ᠋ᠤ 30 ᠰᠤᠷᠤᠯᠭᠠᠳᠠᠨ ᠢ᠋ ᠰᠢᠯᠭᠠᠷᠠᠭᠤᠯᠤᠨ ᠭᠠᠷᠭᠠᠪᠠ᠃ ᠲᠤᠰ ᠲᠥᠷᠥᠯ ᠵᠦᠢᠯ ᠤ᠋ᠨ ᠪᠣᠯᠪᠠᠰᠤᠷᠠᠯ ᠨᠢ 2026 ᠣᠨ ᠤ᠋ 7 ᠰᠠᠷ᠎ᠠ ᠶ᠋ᠢᠨ 6 ᠎ᠡᠴᠡ 10 ᠰᠠᠷ᠎ᠠ ᠶ᠋ᠢᠨ 3 ᠤ᠋ ᠡᠳᠦᠷ ᠪᠣᠯᠲᠠᠯ᠎ᠠ 90 ᠡᠳᠦᠷ ᠶᠠᠪᠤᠭᠳᠠᠨ᠎ᠠ᠃ ᠲᠥᠷᠥᠯ ᠵᠦᠢᠯ ᠳ᠋ᠤ 20 ᠭᠠᠷᠤᠢ ᠬᠢᠴᠢᠶᠡᠯ ᠨᠡᠭᠡᠭᠡᠵᠦ᠂ ᠤᠯᠠᠮᠵᠢᠯᠠᠯᠲᠤ ᠤᠷ᠎ᠠ ᠮᠡᠷᠭᠡᠵᠢᠯ᠂ ᠣᠳᠣ ᠦᠶ᠎ᠡ ᠶ᠋ᠢᠨ ᠭᠤᠸ᠎ᠠ ᠲᠠᠭᠠᠰᠢᠶᠠᠯ ᠪᠠ ᠬᠡᠭᠡᠷ᠎ᠡ ᠶ᠋ᠢᠨ ᠪᠠᠢᠴᠠᠭᠠᠨ ᠰᠤᠳᠤᠯᠤᠯᠲᠠ ᠶ᠋ᠢᠨ ᠦᠢᠯᠡᠳᠦᠯᠭᠡ ᠵᠢ ᠪᠠᠭᠳᠠᠭᠠᠵᠦ᠂ ᠮᠡᠷᠬᠡᠵᠢᠯ ᠠᠯᠤᠰᠯᠠᠭᠰᠠᠨ ᠰᠢᠨ᠎ᠡ ᠵᠢ ᠡᠭᠦᠳᠬᠦ ᠴᠢᠳᠠᠪᠤᠷᠢ ᠲᠠᠢ ᠳᠠᠭᠤᠤᠷᠠᠯᠢᠭ ᠤ᠋ᠨ ᠵᠣᠬᠢᠶᠠᠨ ᠪᠦᠲᠦᠭᠡᠬᠦ ᠵᠠᠯᠠᠭᠤ ᠴᠢᠳᠠᠪᠤᠷᠢᠲᠠᠨ ᠢ᠋ ᠬᠦᠴᠦᠯᠡᠨ ᠬᠥᠮᠦᠵᠢᠭᠦᠯᠬᠦ ᠪᠤᠯᠤᠨ᠎ᠠ᠃ ᠲᠥᠪᠯᠡᠷᠡᠭᠦᠯᠦᠨ ᠬᠢᠴᠢᠶᠡᠯᠯᠡᠬᠦ ᠱᠠᠲᠤᠨ ᠳ᠋ᠤ ᠣᠨᠣᠯ ᠤ᠋ᠨ ᠵᠢᠭᠠᠨ ᠰᠤᠷᠭᠠᠯᠲᠠ᠂ ᠪᠠᠢᠭᠠᠯᠢ ᠠᠬᠤᠢ ᠡᠴᠡ ᠰᠡᠳᠦᠪ ᠴᠤᠭᠯᠠᠭᠤᠯᠬᠤ᠂ ᠲᠤᠰᠬᠠᠢ ᠰᠡᠳᠦᠪ ᠤ᠋ᠨ ᠵᠢᠭᠠᠨ ᠰᠤᠷᠭᠠᠯᠲᠠ ᠵᠢᠴᠢ ᠵᠦᠴᠦᠭᠡ ᠶ᠋ᠢᠨ ᠵᠤᠬᠢᠶᠠᠨ ᠲᠣᠭᠯᠠᠯᠲᠠ ᠶ᠋ᠢᠨ ᠦᠷ᠎ᠡ ᠪᠦᠲᠦᠮᠵᠢ ᠶ᠋ᠢᠨ ᠦᠵᠡᠭᠦᠯᠭᠡ ᠬᠢᠨ᠎ᠡ᠃ ᠪᠠᠰᠠ 《ᠰᠤᠷᠬᠤ᠂ ᠰᠤᠳᠤᠯᠬᠤ᠂ ᠦᠢᠯᠡᠳᠦᠯᠭᠡᠵᠢᠭᠦᠯᠬᠦ᠂ ᠲᠣᠭᠯᠠᠬᠤ》 ᠵᠢ ᠨᠢᠭᠡ ᠴᠣᠭᠴᠠᠵᠢᠭᠤᠯᠤᠭᠰᠠᠨ ᠴᠢᠳᠠᠪᠤᠷᠢᠳᠠᠨ ᠪᠤᠯᠪᠠᠰᠤᠷᠠᠭᠤᠯᠬᠤ ᠵᠠᠭᠪᠤᠷ ᠢ᠋ ᠪᠠᠢᠭᠤᠯᠵᠤ᠂ ᠵᠠᠯᠠᠭᠤ ᠤᠷᠠᠯᠢᠭᠴᠢᠳ ᠤ᠋ᠨ ᠵᠣᠬᠢᠶᠠᠨ ᠪᠦᠲᠦᠭᠡᠬᠦ᠂ ᠲᠣᠭᠯᠠᠬᠤ ᠵᠢᠴᠢ ᠰᠢᠨ᠎ᠡ ᠵᠢ ᠡᠭᠦᠳᠬᠦ ᠦᠢᠯᠡᠳᠦᠯᠭᠡ ᠶ᠋ᠢᠨ ᠴᠢᠳᠠᠪᠤᠷᠢ ᠵᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号