
ᠬᠡᠱᠢᠭ᠌ᠳᠡᠨ ᠬᠤᠱᠢᠭᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠣᠪᠴᠢᠶᠠᠣᠢ᠌ᠷᠠᠳᠤ ᠳᠠᠯᠠᠢᠨᠠᠭᠤᠷ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠤᠨ᠎ᠲᠠᠢ ᠬᠠᠮᠲᠤᠷᠠᠨ᠂ ᠬᠡᠱᠢᠭ᠌ᠲᠡᠨᠤ ᠲᠠᠯ᠎ᠠ ᠨᠤᠳᠤᠭ᠎ᠤᠨ ᠵᠢᠭᠤᠯᠴᠢᠯᠠᠯ᠎ᠤᠨ ᠨᠠᠭᠠᠳᠤᠮᠳᠡᠭᠡᠷᠡ ᠬᠥᠮᠦᠨ ᠬᠠᠷ᠎ᠠ ᠲᠡᠷᠭᠡ ᠤᠨᠤᠭ᠎ᠠ ᠠᠷᠪᠢᠨ᠂ ᠬᠤᠷᠱᠢᠶ᠎ᠠ ᠮᠠᠢᠮᠠᠢ ᠴᠤᠬ᠍ᠯᠠᠷᠠᠬ᠍ᠰᠠᠨ ᠠᠱᠢᠭ᠍ᠲᠠᠢ ᠨᠥᠬᠦᠴᠡᠯ᠎ᠢ ᠠᠱᠢᠭ᠍ᠯᠠᠨ᠂ 2026 ᠣᠨ᠎ᠤ ᠠᠮᠤᠷ ᠲᠦᠪᠱᠢᠨ᠎ᠤ ᠤᠬᠠᠭᠤᠯᠭ᠎ᠠ᠎ᠶ᠋ᠢᠨ ᠠᠵᠢᠯᠯᠠᠭ᠎ᠠ ᠦᠷᠨᠢᠭᠦᠯᠵᠡᠢ᠃
ᠲᠤᠰ ᠠᠵᠢᠯᠯᠠᠭ᠎ᠠ ᠨᠢ 《ᠳᠡᠯᠭᠡᠨ ᠦᠵᠡᠭᠦᠯᠬᠦ᠌ ᠴᠡᠭ ᠭᠠᠷᠭᠠᠬᠤ + ᠲᠤᠭᠤᠷᠢᠨ ᠶᠠᠪᠤᠵᠤ ᠤᠬᠠᠭᠤᠯᠤᠨ ᠲᠠᠢᠯᠪᠤᠷᠢᠯᠠᠬᠤ + ᠮᠠᠳᠠᠭ᠎ᠲᠠᠢ ᠠᠰᠠᠭᠤᠳᠠᠯ᠎ᠢ ᠬᠠᠷᠢᠭᠤᠯᠬᠤ》 ᠤᠬᠠᠭᠤᠯᠭ᠎ᠠ᠎ᠶ᠋ᠢᠨ ᠬᠡᠯᠪᠡᠷᠢ᠎ᠪᠡᠷ ᠶᠠᠪᠤᠭᠳᠠᠨ᠂ ᠤᠬᠠᠭᠤᠯᠭ᠎ᠠ᠎ᠶ᠋ᠢᠨ ᠳᠡᠪᠲᠡᠷ᠎ᠢ ᠨᠡᠢᠲᠡ 300 ᠭᠠᠷᠤᠢ ᠬᠤᠪᠢ ᠲᠦᠭᠡᠭᠡᠵᠦ᠂ ᠡᠯ᠎ᠡ ᠲᠥᠷᠦᠯ᠎ᠤᠨ ᠤᠬᠠᠭᠤᠯᠭ᠎ᠠ᠎ᠶ᠋ᠢᠨ ᠮᠠᠲ᠋ᠧᠷᠢᠶᠠᠯ᠎ᠢ 500 ᠭᠠᠷᠤᠢ ᠬᠤᠪᠢ ᠲᠦᠭᠡᠭᠡᠨ᠂ ᠮᠠᠯᠴᠢᠳᠲᠦ᠍ ᠭᠠᠯ ᠴᠠᠬᠢᠯᠭᠠᠨ᠂ ᠲᠡᠷᠭᠡ ᠤᠨᠤᠭ᠎ᠠ᠂ ᠦᠶᠠᠷ ᠤᠰᠤᠲᠤᠯ᠂ ᠭᠠᠵᠠᠷ ᠬᠦᠳᠡᠯᠦᠯᠳᠠ ᠵᠡᠷᠭᠡ᠎ᠶ᠋ᠢᠨ ᠠᠶᠤᠯ᠎ᠢ ᠬᠡᠷᠬᠢᠨ ᠰᠠᠷᠭᠡᠢᠯᠡᠬᠦ᠂ ᠭᠠᠮᠱᠢᠭ᠎ᠤᠨ ᠦᠶ᠎ᠡ᠎ᠳᠤ ᠦᠪᠡᠷ᠎ᠢ᠎ᠪᠠᠨ ᠬᠡᠷᠬᠢᠨ ᠠᠪᠤᠷᠠᠬᠤ ᠵᠡᠷᠭᠡ ᠮᠡᠳᠡᠯᠭᠡ᠎ᠶ᠋ᠢ ᠲᠦᠭᠡᠮᠡᠯᠵᠢᠭᠦᠯᠵᠤ᠂ ᠮᠠᠯᠵᠢᠬᠤ ᠣᠷᠤᠨ᠎ᠤ ᠤᠯᠠᠨ ᠲᠦᠮᠡᠨ᠎ᠤ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠤᠬᠠᠮᠰᠠᠷ ᠪᠣᠯᠤᠨ ᠭᠠᠮᠱᠢᠭ᠎ᠢ ᠰᠡᠷᠭᠡᠢᠯᠡᠵᠦ᠍ ᠥᠪᠡᠷ᠎ᠢ᠎ᠪᠠᠨ ᠠᠪᠤᠷᠠᠬᠤ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠲᠡᠭᠡᠭ᠌ᠰᠢᠯᠡᠬᠦᠯᠬᠦ᠌᠎ᠳᠤ ᠢᠳᠡᠪᠬᠢ ᠦᠢᠯᠡᠳᠦᠯ ᠦᠵᠡᠭᠦᠯᠦᠭ᠌ᠰᠠᠨ ᠪᠠᠢᠨ᠎ᠠ᠃ ᠵᠢᠷᠤᠭ ᠪᠤᠯ ᠠᠵᠢᠯᠲᠠᠳ ᠨᠠᠭᠠᠳᠤᠮ ᠳᠡᠭᠡᠷ᠎ᠡ ᠠᠮᠤᠷ ᠲᠦᠪᠰᠢᠨ᠎ᠤ ᠤᠬᠠᠭᠤᠯᠭ᠎ᠠ ᠬᠢᠵᠦ ᠪᠠᠢᠭ᠎ᠠ ᠨᠢ᠃
ᠪᠠᠳᠤᠪᠠᠶᠠᠷ ᠰᠡᠭᠦᠳᠡᠷᠯᠡᠪᠡ
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号