ᠥᠪᠥᠷ ᠮᠣᠩᠭᠣᠯ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ ᠳᠠᠬᠢᠨᠲᠠ ᠰᠢᠯᠢᠳᠡᠭ ᠬᠢᠷᠢ ᠪᠦᠲᠦᠮᠵᠢ ᠣᠯᠵᠠᠢ
2026-07-22 11:14:44
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠬᠥᠬᠡᠡᠡᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠡᠴᠡ ᠤᠢᠯᠠᠭᠠᠭᠰᠠᠨ ᠵᠢᠡᠷ᠂ ᠲᠦᠷᠦᠬᠦᠬᠡᠨ ᠶᠠᠪᠤᠭᠳᠠᠭᠰᠠᠨ 2025 — 2026 ᠪᠥᠬᠥ ᠤᠯᠤᠰ᠎ᠤᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠳᠥᠷᠪᠡᠳᠦᠭᠡᠷ ᠳᠡᠰ᠎ᠤᠨ ᠬᠣᠯᠪᠣᠭᠠᠲᠤ ᠤᠷᠤᠯᠳᠤᠭᠠᠨ᠎ᠤ ᠶᠡᠬᠡ ᠰᠤᠷᠭᠠᠭᠤᠯᠢ᠎ᠶᠢᠨ ᠡᠮᠡᠭᠲᠡᠢ᠎ᠶᠢᠨ ᠤᠯᠠᠭᠠᠨ ᠳᠤᠭᠤᠢᠯᠠᠩ᠎ᠤᠨ ᠪᠥᠬᠥ ᠤᠯᠤᠰ᠎ᠤᠨ ᠰᠢᠢᠳᠪᠦᠷᠢᠲᠦ ᠤᠷᠤᠯᠳᠤᠭᠠᠨ ᠳ᠋ᠤ ᠲᠤᠰ ᠰᠤᠷᠭᠠᠭᠤᠯᠢ᠎ᠶᠢᠨ ᠡᠮᠡᠭᠲᠡᠢ᠎ᠶᠢᠨ ᠬᠥᠯ ᠪᠥᠮᠪᠥᠭᠡ᠎ᠶᠢᠨ ᠲᠥᠯᠥᠭᠡᠯᠡᠭᠴᠢᠳ᠎ᠦᠨ ᠪᠦᠯᠬᠦᠮ ᠭᠤᠷᠪᠠᠳᠤᠭᠠᠷ᠎ᠲᠤ ᠣᠷᠣᠵᠤ᠂ ᠥᠪᠥᠷ ᠮᠣᠩᠭᠣᠯ᠎ᠤᠨ ᠲᠣᠰ ᠳᠤᠭᠤᠢᠯᠠᠩ᠎ᠤᠨ ᠤᠷᠤᠯᠳᠤᠭᠠᠨ᠎ᠳᠠᠬᠢ ᠬᠠᠮᠤᠭ᠎ᠤᠨ ᠰᠠᠢᠨ ᠬᠢᠷᠢ ᠪᠦᠲᠦᠮᠵᠢ᠎ᠶᠢ ᠡᠭᠦᠳᠪᠡ᠃

ᠥᠪᠡᠷᠲᠡᠭᠡᠨ ᠵᠠᠰᠠᠬᠤ ᠣᠷᠣᠨ᠎ᠤ 《ᠲᠡᠷᠢᠭᠦᠯᠡᠭᠴᠢ ᠬᠤᠨᠳᠠᠭᠠᠲᠤ》 ᠣᠶᠤᠲᠠᠳ᠎ᠤᠨ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ᠎ᠤ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠳᠤᠭᠤᠢᠯᠠᠩ᠎ᠤᠨ ᠮᠠᠩᠯᠠᠢ᠎ᠶᠢᠨ ᠬᠢᠷᠢ ᠪᠦᠲᠦᠮᠵᠢ᠎ᠪᠡᠷ ᠪᠥᠬᠥ ᠤᠯᠤᠰ᠎ᠤᠨ ᠶᠡᠷᠦᠩᠬᠡᠢ ᠰᠢᠢᠳᠪᠦᠷᠢᠲᠦ ᠤᠷᠤᠯᠳᠤᠭᠠᠨ᠎ᠳᠤ ᠳᠠᠪᠰᠢᠭᠰᠠᠨ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠡᠮᠡᠭᠲᠡᠢ᠎ᠶᠢᠨ ᠬᠥᠯ ᠪᠥᠮᠪᠥᠭᠡ᠎ᠶᠢᠨ ᠠᠩᠭᠢ ᠥᠪᠥᠷ ᠮᠣᠩᠭᠣᠯ᠎ᠢ ᠲᠥᠯᠥᠭᠡᠯᠡᠨ ᠲᠣᠰ ᠤᠳᠠᠭᠠᠨ᠎ᠤ ᠤᠷᠤᠯᠳᠤᠭᠠᠨ᠎ᠳᠤ ᠤᠷᠤᠯᠴᠠᠭᠰᠠᠨ ᠶᠤᠮ᠃ ᠪᠥᠬᠥ ᠤᠯᠤᠰ᠎ᠤᠨ 19 ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠲᠥᠯᠥᠭᠡᠯᠡᠭᠴᠢᠳ᠎ᠦᠨ ᠪᠦᠯᠬᠦᠮ ᠬᠠᠮᠲᠤ᠎ᠪᠠᠷ ᠤᠷᠤᠯᠳᠤᠭᠠᠨ᠎ᠳᠤ ᠣᠷᠣᠯᠴᠠᠵᠤ᠂ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ  ᠱᠠᠨ ᠰᠢ ᠮᠤᠵᠢ᠎ᠶᠢᠨ ᠡᠳ᠋᠎ᠦᠨ ᠵᠠᠰᠠᠭ ᠭᠠᠢᠯᠢ᠎ᠶᠢᠨ ᠶᠠᠪᠤᠳᠠᠯ᠎ᠤᠨ ᠲᠤᠰᠬᠠᠢ ᠮᠡᠷᠭᠡᠵᠢᠯ᠎ᠦᠨ ᠰᠤᠷᠭᠠᠭᠤᠯᠢ᠎ᠶᠢᠨ ᠤᠷᠤᠯᠳᠤᠭᠠᠨ᠎ᠤ ᠪᠦᠯᠬᠦᠮ ᠳᠠᠢ ᠭᠤᠷᠪᠠᠳᠤᠭᠠᠷ ᠲᠦᠷᠪᠡᠳᠦᠬᠡᠷ ᠨᠡᠷᠡᠰ᠎ᠢ ᠪᠤᠯᠢᠶᠠᠯᠴᠠᠵᠤ᠂ ᠪᠤᠷᠤᠭᠠᠨ ᠳᠠᠢ ᠡᠳᠦᠷ᠂ ᠤᠷᠤᠯᠳᠤᠭᠠᠨ᠎ᠤ ᠳᠠᠯᠠᠪᠠᠢ ᠬᠠᠯᠳᠤᠷᠢᠭ᠎ᠠ ᠶᠡᠬᠡᠳᠡᠢ ᠪᠠᠢᠬᠤ ᠬᠦᠴᠢᠷ ᠪᠡᠷᠬᠡ ᠵᠢ ᠢᠯᠠᠨ ᠳᠠᠪᠠᠵᠤ᠂ ᠤᠷᠤᠯᠳᠤᠭᠠᠨ ᠳ᠋ᠤ ᠬᠠᠢᠨᠴᠠᠵᠤ᠂ ᠴᠡᠭ᠎ᠤᠨ ᠪᠦᠮᠪᠦᠬᠡ ᠢᠰᠬᠦᠯᠬᠦ ᠪᠡᠷ ᠳᠠᠮᠵᠢᠵᠤ 5᠄ 4  ᠪᠡᠷ ᠢᠯᠠᠭᠰᠠᠨ ᠪᠠᠢᠨ᠎ᠠ᠃

《ᠡᠨᠡ ᠤᠳᠠᠭ᠎ᠠ ᠶ᠋ᠢᠨ ᠤᠷᠤᠯᠳᠤᠭᠠᠨ᠎ᠳᠤ ᠣᠷᠣᠯᠴᠠᠭᠰᠠᠨ 20 ᠲᠠᠮᠢᠷᠴᠢᠨ ᠪᠣᠯ ᠴᠥᠮ ᠬᠥᠬᠡᠬᠣᠲᠠ ᠶ᠋ᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠶ᠋ᠢᠨ ᠲᠤᠰᠬᠠᠢ ᠮᠡᠷᠭᠡᠵᠢᠯ᠎ᠦᠨ ᠪᠤᠰᠤ ᠰᠤᠷᠤᠭᠴᠢᠳ ᠪᠤᠯᠤᠨ᠎ᠠ᠃ ᠪᠦᠬᠦ ᠣᠷᠣᠨ᠎ᠤ 8 ᠠᠢᠮᠠᠭ ᠬᠣᠲᠠ ᠡᠴᠡ ᠢᠷᠡᠪᠡ᠂ ᠥᠪᠥᠷ ᠮᠣᠩᠭᠣᠯ᠎ᠤᠨ ᠰᠤᠷᠭᠠᠭᠤᠯᠢ ᠶ᠋ᠢᠨ ᠬᠦᠷᠢᠶᠡᠨ᠎ᠦ ᠬᠥᠯ ᠪᠥᠮᠪᠥᠭᠡ ᠶ᠋ᠢᠨ ᠤᠷᠤᠯᠳᠤᠭᠠᠨ ᠥᠷᠭᠡᠨ ᠢ᠋ᠶ᠋ᠡᠷ ᠲᠦᠭᠡᠮᠡᠯᠵᠢᠵᠦ᠂ ᠪᠦᠬᠦᠳᠡᠬᠡᠷ ᠣᠷᠣᠯᠴᠠᠬᠤ ᠪᠤᠯᠤᠭᠰᠠᠨ ᠨᠢ ᠤᠷᠤᠯᠳᠤᠭᠠᠨ᠎ᠢᠶᠠᠷ ᠬᠥᠮᠥᠨ ᠢ᠋ ᠬᠥᠮᠥᠵᠢᠭᠦᠯᠬᠦ ᠰᠠᠢᠨ ᠰᠠᠢᠬᠠᠨ ᠬᠥᠭᠵᠢᠯᠲᠡ ᠶ᠋ᠢᠨ ᠪᠠᠢᠳᠠᠯ ᠢ᠋ ᠭᠦᠢᠴᠡᠳ ᠬᠠᠷᠠᠭᠤᠯᠵᠠᠢ》 ᠬᠡᠵᠦ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠪᠡᠶ᠎ᠡ᠎ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ᠋ ᠬᠥᠳᠡᠯᠮᠦᠷᠢ ᠬᠥᠮᠦᠵᠢᠯ᠎ᠦᠨ ᠭᠠᠵᠠᠷ᠎ᠤᠨ ᠬᠠᠷᠢᠭᠤᠴᠠᠯᠭᠠᠲᠠᠨ ᠳᠠᠨᠢᠯᠴᠠᠭᠤᠯᠤᠯ᠎ᠠ᠃ ᠡᠨᠡ ᠪᠤᠯ ᠦᠪᠦᠷ ᠮᠤᠩᠭᠤᠯ᠎ᠤᠯᠠᠨ ᠵᠢᠯ᠎ᠤᠨ ᠳᠤᠷᠰᠢ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ ᠵᠢᠨ ᠬᠦᠳᠡᠯᠬᠡᠬᠡᠨ᠎ᠢ ᠴᠢᠬᠤᠯᠠᠴᠢᠯᠠᠵᠤ᠂ ᠰᠤᠷᠤᠭ᠍ᠴᠢᠳ᠎ᠤᠨ ᠪᠡᠶ᠎ᠡ ᠮᠠᠬᠠᠪᠤᠳ᠎ᠵᠢᠡᠨ ᠴᠢᠭᠢᠷᠠᠭᠵᠢᠭᠤᠯᠬᠤ ᠲᠥᠯᠥᠪᠯᠡᠭᠡ᠎ᠶᠢ ᠯᠠᠪᠳᠠᠭᠤᠨ ᠪᠠᠲᠤᠲᠠᠢ ᠠᠬᠢᠭᠤᠯᠤᠭᠰᠠᠨ᠎ᠤ ᠲᠥᠪᠯᠡᠷᠡᠩᠭᠦᠢ ᠦᠷ᠎ᠡ ᠪᠦᠲᠦᠭᠡᠯ᠎ᠪᠤᠯᠤᠨ᠎ᠠ᠃  ᠰᠤᠷᠭᠠᠨ ᠬᠥᠮᠦᠵᠢᠯ᠎ᠦᠨ ᠲᠢᠩᠬᠢᠮ᠎ᠤᠨ ᠬᠢᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠬᠥᠮᠥᠨ ᠢ᠋  ᠬᠥᠮᠥᠵᠢᠭᠦᠯᠬᠦ ᠵᠢᠭ᠍ᠰᠠᠭᠠᠯ᠎ᠤᠨ ᠭᠠᠵᠠᠷ᠎ᠢ ᠪᠡᠬᠢᠵᠢᠭᠦᠯᠵᠦ᠂ ᠪᠥᠬᠥ ᠣᠷᠣᠨ᠎ᠤ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠬᠢᠷᠢ ᠲᠦᠪᠰᠢᠨ ᠪᠠ ᠶᠡᠷᠦᠩᠬᠡᠢᠯᠡᠭᠰᠡᠨ ᠬᠡᠪ ᠪᠣᠯᠪᠠᠰᠤᠷᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠠᠵᠢᠯ᠎ᠤᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号