ᠡᠪᠦᠯ ᠵᠤᠨ᠎ᠤ ᠠᠮᠠᠷᠠᠯᠲᠠ᠎ᠶᠢᠨ ᠬᠤᠭᠤᠴᠠᠭ᠎ᠠ ᠪᠤᠯᠤᠮᠠᠭᠴᠠ 《ᠬᠡᠦᠬᠡᠳ᠎ᠢ ᠬᠡᠨ ᠬᠠᠷᠠᠬᠤ ᠪᠤᠢ ?》 ᠬᠡᠵᠦ
ᠠᠵᠢᠯ ᠤᠯᠠᠨ᠎ᠲᠠᠢ ᠬᠦᠮᠦᠰ ᠵᠤᠪᠠᠵᠦ ᠡᠬᠢᠯᠡᠳᠡᠭ᠃ 7 ᠰᠠᠷ᠎ᠠ᠎ᠶᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ
ᠠᠵᠢᠯᠴᠢᠨ᠎ᠤ ᠶᠡᠷᠦᠩᠬᠡᠢ ᠡᠪᠯᠡᠯ᠎ᠡᠴᠡ ᠭᠣᠣᠯᠯᠠᠨ ᠡᠷᠭᠢᠯᠡᠵᠦ᠂ ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠡᠴᠡ
ᠳᠠᠭᠠᠭᠠᠴᠢᠯᠠᠨ ᠡᠷᠭᠢᠯᠡᠭᠰᠡᠨ 2026 ᠣᠨ᠎ᠤ ᠥᠪᠥᠷ ᠮᠣᠩᠭᠣᠯ᠎ᠤᠨ ᠠᠵᠢᠯᠴᠢᠨ᠎ᠤ ᠡᠪᠯᠡᠯ᠎ᠦᠨ ᠬᠠᠢᠷ᠎ᠠ ᠬᠠᠯᠠᠮᠵᠢᠳᠤ
ᠨᠠᠢᠳᠠᠨ ᠬᠠᠮᠢᠶᠠᠷᠬᠤ ᠠᠩᠭᠢ᠎ᠶᠢᠨ ᠡᠬᠢᠯᠡᠯᠲᠡ᠎ᠶᠢᠨ ᠶᠣᠰᠣᠯᠠᠯ ᠬᠥᠬᠡᠬᠣᠲᠠ᠎ᠳᠤ ᠶᠠᠪᠤᠭᠳᠠᠵᠤ᠂ ᠪᠥᠬᠥ ᠣᠷᠣᠨ᠎ᠤ
ᠡᠯ᠎ᠡ ᠠᠢᠮᠠᠭ ᠬᠣᠲᠠ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ 《ᠠᠵᠢᠯᠴᠢᠨ᠎ᠤ
ᠡᠪᠯᠡᠯ᠎ᠦᠨ ᠬᠡᠦᠬᠡᠳ ᠬᠠᠷᠠᠬᠤ》 ᠦᠢᠯᠡᠴᠢᠯᠡᠭᠡ᠎ᠶᠢ ᠵᠡᠷᠭᠡ᠎ᠪᠡᠷ ᠡᠬᠢᠯᠡᠭᠦᠯᠪᠡ
᠃ ᠡᠬᠢᠯᠡᠯᠲᠡ᠎ᠶᠢᠨ ᠶᠣᠰᠣᠯᠠᠯ ᠳᠡᠭᠡᠷ᠎ᠡ᠂ ᠭᠦᠸᠧ ᠰᠢᠩ ᠪᠠᠭ᠎ᠠ ᠰᠤᠷᠭᠠᠭᠤᠯᠢ ᠵᠢᠨ ᠬᠢᠨ ᠠᠵᠢᠯᠴᠢᠨ᠎ᠤ
ᠡᠪᠯᠡᠯ ᠡᠴᠡ ᠲᠣᠭᠲᠠᠭᠠᠭᠰᠠᠨ ᠳᠠᠭᠠᠭᠠᠴᠢᠯᠠᠨ ᠡᠷᠬᠢᠯᠡᠬᠦ ᠴᠡᠭ᠎ᠦᠨ ᠨᠢᠭᠡ ᠪᠣᠯᠤᠭᠰᠠᠨ᠎ᠤ ᠬᠤᠪᠢ᠎ᠪᠠᠷ ᠰᠣᠯᠢᠯᠴᠠᠭᠠᠨ᠎ᠤ ᠶᠠᠷᠢᠶ᠎ᠠ
ᠲᠠᠯᠪᠢᠵᠤ᠂ ᠬᠡᠦᠬᠡᠳ᠎ᠦᠳ ᠪᠥᠵᠢᠭ᠂ ᠤᠷᠠᠨ ᠤᠩᠰᠢᠯᠭ᠎ᠠ᠂ ᠨᠠᠢᠷᠠᠯ ᠳᠠᠭᠤᠤ ᠵᠡᠷᠭᠡ ᠤᠷᠠᠨ ᠰᠠᠢᠬᠠᠨ᠎ᠤ ᠲᠣᠭᠯᠠᠯᠲᠠ
ᠭᠠᠷᠭᠠᠵᠠᠢ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ ᠤ ᠶᠡᠷᠦᠩᠬᠡᠢ ᠡᠪᠯᠡᠯ᠂ ᠬᠥᠬᠡᠬᠣᠲᠠ᠎ᠶᠢᠨ ᠠᠵᠢᠯᠴᠢᠨ᠎ᠤ
ᠶᠡᠷᠦᠩᠬᠡᠢ ᠡᠪᠯᠡᠯ ᠡᠴᠡ ᠨᠠᠢᠳᠠᠨ ᠬᠠᠮᠢᠶᠠᠷᠤᠭᠤᠯᠬᠤ 30 ᠰᠤᠷᠤᠭ᠍ᠴᠢᠳ᠎ᠤᠨ ᠲᠥᠯᠥᠭᠡᠯᠡᠭᠴᠢ᠎ᠳᠦ ᠵᠤᠨ᠎ᠤ ᠠᠮᠠᠷᠠᠯᠲᠠ᠎ᠶᠢᠨ
ᠬᠤᠭᠤᠴᠠᠭᠠᠨ᠎ᠤ ᠨᠠᠢᠳᠠᠨ ᠬᠠᠮᠢᠶᠠᠷᠤᠭᠤᠯᠬᠤ ᠪᠡᠯᠡᠭ ᠬᠦᠷᠭᠡᠪᠡ᠃《ᠠᠵᠢᠯᠴᠢᠨ᠎ᠤ ᠡᠪᠯᠡᠯ᠎ᠦᠨ
ᠭᠠᠷᠭᠠᠭᠰᠠᠨ ᠬᠠᠢᠷ᠎ᠠ ᠬᠠᠯᠠᠮᠵᠢᠳᠤ ᠨᠠᠢᠳᠠᠨ ᠬᠠᠮᠢᠶᠠᠷᠬᠤ ᠦᠢᠯᠡᠴᠢᠯᠡᠭᠡ ᠨᠢ ᠡᠴᠢᠬᠡ ᠡᠬᠡ ᠨᠢ ᠬᠤᠶᠠᠭᠤᠯᠠ
ᠪᠡᠨ ᠠᠵᠢᠯ ᠳᠠᠢ ᠭᠡᠷ ᠪᠦᠯᠢ᠂ ᠰᠢᠨ᠎ᠡ ᠠᠵᠢᠯ ᠣᠯᠭᠣᠯᠲᠠ ᠶ᠋ᠢᠨ ᠬᠡᠯᠪᠡᠷᠢ ᠪᠦᠬᠦᠢ ᠬᠥᠳᠡᠯᠮᠦᠷᠢᠴᠢᠨ᠎ᠦ ᠭᠡᠷ
ᠪᠦᠯᠢ ᠶ᠋ᠢᠨ ᠠᠮᠠᠷᠠᠯᠲᠠ ᠶ᠋ᠢᠨ ᠬᠤᠭᠤᠴᠠᠭᠠᠨ᠎ᠳᠡᠬᠢ ᠠᠰᠠᠷᠠᠨ ᠬᠠᠷᠠᠬᠤ ᠬᠦᠴᠢᠷ ᠠᠰᠠᠭᠤᠳᠠᠯ ᠢ᠋ ᠪᠦᠲᠦᠮᠵᠢᠲᠡᠶ᠎ᠪᠡᠷ ᠨᠠᠮᠳᠠᠭᠤᠯᠵᠤ᠂ ᠣᠯᠠᠨ ᠢ᠋ ᠰᠠᠨᠠᠭ᠎ᠠ ᠠᠮᠤᠷ ᠠᠵᠢᠯᠯᠠᠭᠤᠯᠬᠤ ᠪᠤᠯᠵᠠᠢ》 ᠬᠡᠵᠤ ᠨᠠᠢᠳᠠᠨ ᠬᠠᠮᠢᠶᠠᠷᠬᠤ ᠠᠩᠭᠢ᠎ᠶᠢᠨ ᠭᠡᠷ᠎ᠦᠨ ᠠᠬᠠᠮᠠᠳ᠎ᠤᠨ ᠲᠥᠯᠥᠭᠡᠯᠡᠭᠴᠢ ᠬᠡᠯᠡᠯ᠎ᠠ᠃
ᠡᠨᠡ ᠵᠢᠯ ᠥᠪᠥᠷ ᠮᠣᠩᠭᠣᠯ᠎ᠤᠨ
ᠡᠯ᠎ᠡ ᠱᠠᠲᠤᠨ᠎ᠤ ᠠᠵᠢᠯᠴᠢᠨ᠎ᠤ ᠡᠪᠯᠡᠯ ᠠᠵᠢᠯᠲᠠᠨ ᠠᠵᠢᠯᠴᠢᠨ ᠤ ᠦᠷ᠎ᠡ ᠬᠡᠦᠬᠡᠳ ᠦᠨ ᠠᠮᠠᠷᠠᠯᠲᠠ ᠶᠢᠨ ᠬᠤᠭᠤᠴᠠᠭᠠᠨ᠎ᠤ
ᠨᠠᠢᠳᠠᠨ ᠬᠠᠮᠢᠶᠠᠷᠤᠭᠤᠯᠬᠤ ᠦᠢᠯᠡᠴᠢᠯᠡᠭᠡᠨ ᠦ ᠬᠠᠮᠤᠷᠬᠤ ᠬᠡᠪᠴᠢᠶ᠎ᠠ ᠵᠢ ᠨᠠᠷᠢᠯᠢᠭ᠋ ᠣᠨᠣᠴᠠᠲᠠᠢ᠎ᠪᠠᠷ ᠥᠷᠭᠡᠳᠬᠡᠵᠦ᠂
ᠠᠵᠢᠯ᠎ᠤᠨ ᠪᠠᠢᠷᠢ᠎ᠳᠤ ᠪᠠᠢᠭ᠎ᠠ ᠠᠵᠢᠯᠲᠠᠨ ᠠᠵᠢᠯᠴᠢᠨ᠎ᠤ ᠦᠷ᠎ᠡ ᠬᠡᠦᠬᠡᠳ᠎ᠲᠦ ᠦᠢᠯᠡᠴᠢᠯᠡᠬᠦ ᠰᠠᠭᠤᠷᠢᠨ ᠳᠡᠭᠡᠷ᠎ᠡ᠂
ᠬᠦᠴᠢᠷᠳᠡᠯ᠎ᠲᠠᠢ ᠠᠵᠢᠯᠲᠠᠨ ᠠᠵᠢᠯᠴᠢᠨ᠂ ᠬᠥᠯᠥᠰᠦᠨ ᠠᠵᠢᠯᠴᠢᠨ᠂ ᠬᠥᠳᠡᠯᠮᠦᠷᠢ᠎ᠶᠢᠨ ᠵᠢᠱ᠌ᠢᠶᠡᠴᠢ ᠤᠷᠠᠨ ᠲᠠᠷᠬᠠᠨ᠂
ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ ᠵᠡᠷᠭᠡ ᠬᠦᠮᠦᠰ᠎ᠤᠨ ᠦᠷ᠎ᠡ ᠬᠡᠦᠬᠡᠳ ᠤᠨ ᠨᠠᠢᠳᠠᠨ
ᠬᠠᠮᠢᠶᠠᠷᠤᠭᠤᠯᠬᠤ ᠬᠡᠷᠡᠭᠴᠡᠭᠡ ᠶᠢ ᠭᠣᠣᠯᠳᠠᠯᠭ᠎ᠠ᠎ᠲᠠᠢ᠎ᠪᠠᠷ ᠬᠠᠷᠠᠭᠠᠯᠵᠠᠵᠤ᠂ ᠠᠵᠢᠯᠲᠠᠨ ᠠᠵᠢᠯᠴᠢᠨ᠎ᠤ ᠠᠰᠠᠷᠠᠨ
ᠬᠠᠷᠠᠭᠠᠯᠵᠠᠬᠤ ᠳᠠᠷᠤᠯᠲᠠ᠎ᠶᠢ ᠬᠥᠩᠭᠡᠷᠡᠭᠦᠯᠵᠦ᠂ ᠦᠷ᠎ᠡ ᠬᠡᠦᠬᠡᠳ᠎ᠢ ᠠᠮᠠᠷᠠᠯᠲᠠ᠎ᠶᠢᠨ ᠬᠤᠭᠤᠴᠠᠭᠠᠨ᠎ᠳᠤ ᠬᠠᠷᠠᠵᠤ
ᠬᠠᠮᠢᠶᠠᠷᠬᠤ ᠬᠥᠮᠥᠨ ᠦᠭᠡᠢ ᠪᠠᠢᠬᠤ ᠪᠣᠳᠠᠲᠠᠢ ᠬᠦᠴᠢᠷ ᠠᠰᠠᠭᠤᠳᠠᠯ᠎ᠢ ᠲᠣᠬᠢᠲᠠᠢ ᠰᠢᠢᠳᠪᠦᠷᠢᠯᠡᠨ᠎ᠡ᠃
ᠨᠠᠢᠳᠠᠨ ᠬᠠᠮᠢᠶᠠᠷᠤᠭᠤᠯᠬᠤ
ᠦᠢᠯᠡᠴᠢᠯᠡᠭᠡᠨ᠎ᠦ ᠡᠲᠡᠭᠡᠳ ᠨᠢ ᠭᠣᠣᠯᠳᠠᠭᠤ 6 ᠠ᠋ᠴᠠ
12 ᠨᠠᠰᠤᠨ᠎ᠤ ᠠᠵᠢᠯᠲᠠᠨ ᠠᠵᠢᠯᠴᠢᠨ᠎ᠤ ᠦᠷ᠎ᠡ ᠬᠡᠦᠬᠡᠳ ᠪᠣᠯᠣᠨ᠎ᠠ᠂ ᠨᠠᠢᠳᠠᠨ ᠬᠠᠮᠢᠶᠠᠷᠬᠤ ᠬᠢᠴᠢᠶᠡᠯ ᠨᠢ ᠪᠠᠭᠠᠴᠤᠳ
ᠬᠡᠦᠬᠡᠳ᠎ᠦᠨ ᠶᠣᠰᠣ᠌ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ ᠵᠡᠷᠭᠡ ᠪᠥᠬᠥ
ᠲᠠᠯ᠎ᠠ ᠵᠢ ᠬᠠᠮᠤᠷᠴᠤ᠂ ᠬᠤᠪᠢᠰᠬᠠᠯ᠎ᠤᠨ ᠰᠤᠷᠭᠠᠨ ᠬᠥᠮᠦᠵᠢᠯ᠂ ᠰᠢᠯᠢᠳᠡᠭ ᠤᠯᠠᠮᠵᠢᠯᠠᠯᠲᠤ ᠰᠣᠶᠣᠯ᠂ ᠰᠢᠨᠵᠢᠯᠡᠬᠦ
ᠤᠬᠠᠭᠠᠨ᠎ᠢ ᠲᠦᠭᠡᠮᠡᠯᠵᠢᠭᠦᠯᠬᠦ ᠵᠡᠷᠭᠡ ᠬᠢᠴᠢᠶᠡᠯ᠎ᠢ ᠥᠷᠨᠢᠭᠦᠯᠵᠦ᠂ ᠤᠰᠤᠨ᠎ᠳᠤ ᠵᠢᠪᠬᠦ᠎ᠶᠢ ᠰᠡᠷᠭᠡᠢᠯᠡᠬᠦ᠂
ᠵᠠᠮ ᠬᠠᠷᠢᠯᠴᠠᠭᠠᠨ᠎ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠮᠤᠷ ᠲᠦᠪᠰᠢᠨ᠎ᠦ ᠬᠥᠮᠦᠵᠢᠯ᠎ᠢ
ᠪᠠᠢᠩᠭᠤᠵᠢᠭᠤᠯᠤᠨ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠨᠢ ᠦᠢᠯᠡᠳᠦᠯ᠎ᠢᠶᠡᠨ
ᠰᠠᠢᠲᠤᠷ ᠪᠠᠳᠠᠷᠠᠭᠤᠯᠤᠬᠰᠠᠨ᠂ ᠵᠢᠱ᠌ᠢᠶ᠎ᠡ ᠦᠵᠡᠭᠦᠯᠦᠨ ᠰᠠᠢᠳᠤᠷ ᠬᠥᠲᠥᠯᠥᠨ ᠳᠠᠭᠠᠭᠤᠯᠤᠬᠰᠠᠨ 30 ᠬᠠᠢᠷ᠎ᠠ ᠬᠠᠯᠠᠮᠵᠢᠳᠤ
ᠨᠠᠢᠳᠠᠨ ᠬᠠᠮᠢᠶᠠᠷᠤᠭᠤᠯᠬᠤ ᠠᠩᠭᠢ ᠪᠦᠷᠢᠳᠦ 3 ᠲᠦᠮᠡᠨ ᠲᠥᠭᠥᠷᠢᠭ ᠦᠨ ᠲᠤᠰᠬᠠᠢ ᠨᠥᠬᠥᠪᠦᠷᠢ ᠣᠯᠭᠣᠨ᠎ᠠ᠃