ᠡᠨᠡ ᠬᠦ᠌ ᠰᠢᠯᠭᠠᠯᠲᠠ᠎ᠶᠢᠨ ᠬᠢᠷᠢ ᠪᠦᠲᠦᠮᠵᠢ᠎ᠶᠢ ᠨᠡᠢᠲᠡᠯᠡᠪᠡ
2026-07-22 16:48:34
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠥᠬᠥ ᠣᠷᠣᠨ ᠎ᠤ ᠡᠩ ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠦ ᠬᠢᠷᠢ ᠲᠡᠩᠴᠡᠬᠦ ᠴᠢᠨᠠᠷᠲᠠᠢ ᠰᠢᠯᠭᠠᠯᠲᠠ᠎ᠶᠢᠨ ᠡᠯ᠎ᠡ ᠬᠢᠴᠢᠶᠡᠯ ᠲᠥᠷᠥᠯ (ᠲᠡᠦᠬᠡ᠂ ᠭᠠᠵᠠᠷ ᠵᠦᠢ᠂ ᠬᠢᠮᠢ᠂ ᠠᠮᠢᠳᠤ ᠪᠣᠳᠠᠰ ᠎ᠤᠨ ᠤᠬᠠᠭᠠᠨ)᠎ᠤᠨ ᠰᠢᠯᠭᠠᠯᠲᠠ ᠦᠵᠡᠬᠦ ᠪᠠ ᠬᠢᠷᠢ ᠪᠦᠲᠦᠮᠵᠢ᠎ᠶᠢ ᠬᠠᠷᠭᠤᠭᠤᠯᠤᠨ ᠰᠢᠯᠭᠠᠬᠤ ᠠᠵᠢᠯ ᠨᠢᠭᠡᠨᠲᠡ ᠪᠦᠬᠦᠨ᠎ᠢᠶᠡᠷ᠎ᠢᠶᠡᠨ ᠳᠠᠭᠤᠰᠴᠤ᠂ ᠬᠢᠷᠢ ᠪᠦᠲᠦᠮᠵᠢ᠎ᠶᠢ ᠡᠨᠡ ᠡᠳᠦᠷ ᠨᠡᠢᠲᠡᠯᠡᠪᠡ᠃ ᠰᠢᠯᠭᠠᠯᠲᠠ᠎ᠶᠢᠨ ᠬᠢᠷᠢ ᠪᠦᠲᠦᠮᠵᠢ ᠨᠢ 《ᠬᠢᠷᠢ ᠲᠡᠩᠴᠡᠭᠰᠡᠨ》 ᠪᠤᠶᠤ 《ᠬᠢᠷᠢ ᠲᠡᠩᠴᠡᠭᠰᠡᠨ ᠦᠭᠡᠢ》 ᠪᠠᠢᠳᠠᠯ᠎ᠢᠶᠠᠷ ᠢᠯᠡᠷᠡᠨ᠎ᠠ᠂ ᠥᠷᠭᠡᠨ ᠣᠯᠠᠨ ᠰᠢᠯᠭᠠᠭᠤᠯᠤᠭ᠍ᠴᠢ ᠴᠠᠭ ᠲᠤᠬᠠᠢ ᠳ᠋ᠤᠨᠢ ᠪᠠᠢᠴᠠᠭᠠᠨ ᠯᠠᠪᠯᠠᠵᠦ ᠪᠤᠯᠤᠨ᠎ᠠ᠃

ᠨᠢᠭᠡ᠂ ᠪᠠᠢᠴᠠᠭᠠᠨ ᠯᠠᠪᠯᠠᠬᠤ ᠠᠷᠭ᠎ᠠ ᠮᠠᠶᠢᠭ᠋

ᠰᠢᠯᠭᠠᠭᠤᠯᠤᠭ᠍ᠴᠢ ᠪᠡᠶ᠎ᠡ᠎ᠶᠢᠨ ᠦᠨᠡᠮᠯᠡᠯ᠎ᠦᠨ ᠨᠣᠮᠧᠷ ᠪᠠ ᠨᠢᠭᠤᠴᠠ ᠨᠣᠮᠧᠷ᠎ᠢᠶᠡᠷ᠎ᠢᠶᠡᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠦ ᠰᠢᠯᠭᠠᠯᠲᠠ᠎ᠶᠢᠨ ᠰᠢᠯᠭᠠᠯᠲᠠ᠎ᠶᠢᠨ ᠬᠠᠷᠢᠶ᠎ᠠ᠎ᠶᠢᠨ ᠬᠠᠮᠢᠶᠠᠷᠤᠯᠲᠠ ᠪᠠ ᠬᠢᠴᠢᠶᠡᠯ ᠰᠣᠩᠭᠣᠬᠤ ᠨᠡᠷ᠎ᠡ ᠮᠡᠳᠡᠭᠦᠯᠬᠦ ᠰᠢᠰᠲᠧᠮ》 ︱《ᠮᠡᠳᠡᠭᠡ ᠵᠠᠩᠭᠢ᠎ᠶᠢ ᠪᠠᠢᠴᠠᠭᠠᠨ ᠯᠠᠪᠯᠠᠬᠤ》︱ 《ᠬᠢᠷᠢ ᠪᠦᠲᠦᠮᠵᠢ᠎ᠶᠢᠨ ᠮᠡᠳᠡᠭᠡ ᠵᠠᠩᠭᠢ》 ᠪᠡᠷ ᠳᠠᠮᠵᠢᠨ᠎ᠣᠷᠣᠪᠠᠯ ᠳᠠᠷᠤᠢ ᠬᠢᠷᠢ ᠪᠦᠲᠦᠮᠵᠢ᠎ᠪᠡᠨ ᠪᠠᠢᠴᠠᠭᠠᠨ ᠦᠵᠡᠵᠦ ᠪᠣᠯᠣᠨ᠎ᠠ ᠃

ᠬᠣᠶᠠᠷ ᠂ ᠬᠢᠷᠢ ᠪᠦᠲᠦᠮᠵᠢ᠎ᠶᠢ ᠳᠠᠬᠢᠨ ᠬᠢᠨᠠᠭᠤᠯᠬᠤ

ᠰᠢᠯᠭᠠᠭᠤᠯᠤᠭ᠍ᠴᠢ ᠬᠡᠷᠪᠡ ᠥᠪᠡᠷ᠎ᠦᠨ ᠬᠢᠷᠢ ᠪᠦᠲᠦᠮᠵᠢ᠎ᠳᠡᠭᠡᠨ ᠣᠨᠳᠣᠣ ᠰᠠᠨᠠᠯ᠎ᠲᠠᠢ ᠪᠠᠢᠪᠠᠯ᠂ 2026 ᠣᠨ᠎ᠤ 7 ᠰᠠᠷ᠎ᠠ᠎ᠶᠢᠨ 21᠎ᠦ ᠡᠳᠦᠷ᠎ᠦᠨ 9᠄ 00 ᠠ᠋ᠴᠠ 7 ᠰᠠᠷ᠎ᠠ᠎ᠶᠢᠨ 23᠎ᠤ ᠡᠳᠦᠷ᠎ᠦᠨ 17᠄ 00 ᠪᠣᠯᠲᠠᠯ᠎ᠠ ᠬᠢᠷᠢ ᠪᠦᠲᠦᠮᠵᠢ᠎ᠶᠢ ᠳᠠᠬᠢᠨ ᠬᠢᠨᠠᠭᠤᠯᠬᠤ᠎ᠪᠠᠷ ᠭᠤᠶᠤᠴᠢᠯᠠᠵᠤ ᠪᠣᠯᠬᠤ ᠪᠥᠭᠡᠳ ᠳᠠᠬᠢᠨ ᠬᠢᠨᠠᠭᠤᠯᠤᠭᠰᠠᠨ ᠦᠷ᠎ᠡ ᠳ᠋ᠦᠩ᠎ᠢ ᠴᠠᠭ ᠲᠤᠬᠠᠢ ᠳ᠋ᠤᠨᠢ ᠪᠠᠢᠴᠠᠭᠠᠨ ᠯᠠᠪᠯᠠᠵᠤ ᠪᠣᠯᠣᠨ᠎ᠠ᠂ ᠬᠤᠭᠤᠴᠠᠭ᠎ᠠ ᠥᠩᠭᠡᠷᠡᠪᠡᠯ ᠭᠥᠯᠢᠶᠡᠨ ᠠᠪᠴᠤ ᠰᠢᠢᠳᠪᠦᠷᠢᠯᠡᠬᠦ ᠦᠭᠡᠢ᠃ ᠰᠢᠯᠭᠠᠭᠤᠯᠤᠭ᠍ᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ︱ ᠰᠢᠯᠭᠠᠭᠤᠯᠤᠭ᠍ᠴᠢ᠎ᠶᠢᠨ ᠶᠡᠷᠦᠩᠬᠡᠢᠯᠡᠭᠰᠡᠨ ᠦᠢᠯᠡᠴᠢᠯᠡᠭᠡᠨ᠎ᠦ ᠲᠠᠪᠴᠠᠩ》᠎ᠳᠤ ᠣᠷᠣᠵᠤ᠂ 《ᠭᠤᠶᠤᠴᠢᠯᠠᠨ ᠭᠦᠢᠴᠡᠳᠬᠡᠬᠦ》︱《ᠡᠩ ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠦ ᠬᠢᠷᠢ ᠲᠡᠩᠴᠡᠬᠦ ᠴᠢᠨᠠᠷᠲᠠᠢ ᠰᠢᠯᠭᠠᠯᠲᠠ᠎ᠶᠢᠨ ᠬᠢᠷᠢ ᠪᠦᠲᠦᠮᠵᠢ᠎ᠶᠢ ᠳᠠᠬᠢᠨ ᠬᠢᠨᠠᠭᠤᠯᠬᠤ》 ︱《ᠭᠤᠶᠤᠴᠢᠯᠠᠯ ᠨᠡᠮᠡᠬᠦ》  ᠵᠡᠷᠬᠡ ᠶᠠᠪᠤᠴᠠ ᠪᠡᠷ ᠳᠠᠬᠢᠨ ᠬᠢᠨᠠᠭᠤᠯᠬᠤ ᠭᠤᠶᠤᠴᠢᠯᠠᠯ ᠳᠡᠪᠰᠢᠭᠦᠯᠵᠦ ᠪᠤᠯᠤᠨ᠎ᠠ᠃

 

   ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠳᠠ ᠵᠢᠨ ᠬᠦᠷᠢᠶᠡᠯᠡᠡᠭ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号