ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠤᠨ 《ᠭᠠᠳᠠᠭ᠍ᠰᠢ ᠭᠠᠷᠬᠤ 》 ᠎ᠶᠢ ᠵᠣᠯᠭᠠᠭᠤᠯᠬᠤ ᠠᠵᠢᠯᠯᠠᠭ᠎ᠠ ᠬᠠᠩᠵᠧᠦ᠎ᠳᠦ ᠶᠠᠪᠤᠭᠳᠠᠪᠠ
2026-07-22 16:50:41
ᠵᠣᠬᠢᠶᠠᠭ᠍ᠴᠢ᠄
ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ《ᠥᠪᠥᠷ ᠮᠣᠩᠭᠣᠯ᠎ᠤᠨ ᠠᠷᠠᠳ᠎ᠤᠨ ᠡᠵᠡᠨᠭᠨᠡᠯᠳᠡ ᠵᠢᠨ ᠠᠵᠤ ᠠᠬᠤᠢᠯᠠᠯ ᠎ᠤᠨ 〈ᠭᠠᠳᠠᠭ᠍ᠰᠢ ᠭᠠᠷᠬᠤ〉 ︱ ᠬᠥᠬᠡᠮᠥ᠋ᠷᠡᠨ᠎ᠦ ᠭᠤᠷᠪᠠᠯᠵᠢᠨ ᠬᠣᠢᠭ᠋ (ᠬᠠᠩᠵᠧᠦ ᠬᠣᠲᠠ)᠎ᠤᠨ ᠲᠤᠰᠬᠠᠢ ᠵᠣᠯᠭᠠᠭᠤᠯᠬᠤ ᠠᠵᠢᠯᠯᠠᠭ᠎ᠠ》  ᠬᠠᠩᠵᠧᠦ ᠎ᠳᠦ ᠶᠠᠪᠤᠭᠳᠠᠪᠠ᠃ ᠲᠣᠰ ᠤᠳᠠᠭᠠᠨ᠎ᠤ ᠠᠵᠢᠯᠯᠠᠭ᠎ᠠ ᠎ᠶᠢ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠦᠪᠯᠡᠯ ᠡᠴᠡ ᠭᠤᠤᠯᠯᠠᠨ ᠡᠷᠬᠢᠯᠡᠪᠡ᠃  

ᠲᠤᠰ ᠤᠳᠠᠭ᠎ᠠ᠎ᠶᠢᠨ ᠠᠵᠢᠯᠯᠠᠭ᠎ᠠ᠎ᠳᠤ ᠥᠪᠡᠷᠲᠡᠭᠡᠨ ᠵᠠᠰᠠᠬᠤ ᠣᠷᠣᠨ᠎ᠤ 16 ᠠᠷᠠᠳ᠎ᠤᠨ ᠡᠵᠡᠨᠭᠨᠡᠯᠳᠡ ᠵᠢᠨ ᠠᠵᠤ ᠠᠬᠤᠢᠯᠠᠯ᠎ᠢ ᠵᠣᠬᠢᠶᠠᠨ ᠪᠠᠢᠭᠤᠯᠤᠨ ᠣᠷᠣᠯᠴᠠᠭᠤᠯᠵᠤ᠂ ᠪᠣᠬᠢᠷᠲᠤᠯ ᠦᠭᠡᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠰᠤᠳᠤᠯᠤᠨ ᠨᠡᠭᠡᠭᠡᠵᠦ ᠦᠢᠯᠡᠳᠪᠦᠷᠢᠯᠡᠬᠦ᠂ ᠣᠨᠴᠠᠯᠢᠭ᠍ᠲᠤ ᠢᠳᠡᠭᠡᠨ᠎ᠦ ᠮᠠᠲᠧᠷᠢᠶᠠᠯ᠎ᠤᠨ ᠬᠠᠩᠭᠠᠯᠭ᠎ᠠ᠎ᠶᠢᠨ ᠬᠡᠯᠬᠢᠶ᠎ᠡ᠂ ᠲᠠᠷᠢᠶᠠᠯᠠᠩ ᠮᠠᠯ ᠠᠵᠤ ᠠᠬᠤᠢ ᠎ᠶᠢᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ᠂ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡ ᠎ᠶᠢ ᠢᠵᠢ ᠪᠦᠷᠢᠳᠦᠭᠦᠯᠬᠦ ᠵᠡᠷᠭᠡ ᠬᠦᠷᠢᠶ᠎ᠡ᠎ᠶᠢ ᠬᠠᠮᠤᠷᠴᠠᠢ᠃ ᠵᠧᠵᠢᠶᠠᠩ ᠮᠤᠵᠢ᠎ᠶᠢᠨ ᠢᠳᠡᠭᠡᠨ ᠤᠮᠳᠠᠭᠠᠨ ᠎ᠤ ᠠᠵᠤ ᠠᠬᠤᠢᠯᠠᠯ᠂ ᠵᠣᠴᠢᠳ᠎ᠤᠨ ᠪᠠᠭᠤᠳᠠᠯ᠎ᠤᠨ ᠢᠳᠡᠭᠡᠨ ᠤᠮᠳᠠᠭᠠᠨ᠎ᠤ ᠬᠡᠯᠲᠡᠰ᠂ ᠬᠠᠮᠲᠤ᠎ᠶᠢᠨ ᠬᠣᠭᠣᠯᠠᠨ᠎ᠤ ᠬᠠᠩᠭᠠᠯᠭ᠎ᠠ᠎ᠶᠢᠨ ᠬᠡᠯᠬᠢᠶ᠎ᠡ᠎ᠶᠢᠨ ᠠᠵᠤ ᠠᠬᠤᠢᠯᠠᠯ᠂ ᠬᠡᠯᠬᠢᠶ᠎ᠡ ᠬᠡᠳᠦ ᠳᠡᠯᠭᠡᠭᠦᠷ᠂ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠬᠤᠳᠠᠯᠳᠤᠨ ᠠᠪᠬᠤ ᠲᠥᠪ ᠵᠢᠴᠢ ᠠᠵᠢᠯᠴᠢᠨ᠎ᠤ ᠡᠪᠯᠡᠯ᠎ᠦᠨ ᠰᠢᠰᠲᠧᠮ᠎ᠦᠨ ᠠᠰᠠᠷᠠᠮᠵᠢ ᠬᠤᠳᠠᠯᠳᠤᠨ ᠠᠪᠬᠤ ᠬᠠᠷᠢᠭᠤᠴᠠᠯᠭᠠᠲᠠᠨ ᠵᠡᠷᠭᠡ 30 ᠨᠢᠭᠡᠴᠢ᠎ᠶᠢᠨ ᠲᠥᠯᠥᠭᠡᠯᠡᠭᠴᠢ ᠵᠢ ᠲᠤᠬᠠᠢ᠎ᠶᠢᠨ ᠲᠠᠯᠠᠪᠤᠷ᠎ᠲᠤ ᠤᠷᠢᠨ ᠣᠷᠣᠯᠴᠠᠭᠤᠯᠵᠤ᠂ ᠬᠠᠩᠭᠠᠯᠭ᠎ᠠ ᠬᠡᠷᠡᠭᠴᠡᠭᠡ᠎ᠶᠢ ᠤᠨᠢᠨ ᠳᠡᠭᠡᠷ᠎ᠡ ᠨᠢ ᠵᠣᠬᠢᠴᠠᠭᠤᠯᠤᠭᠰᠠᠨ  ᠪᠠᠢᠨ᠎ᠠ᠃

ᠲᠤᠰ ᠤᠳᠠᠭ᠎ᠠ᠎ᠶᠢᠨ ᠠᠵᠢᠯᠯᠠᠭ᠎ᠠ ᠨᠢ ᠤᠯᠠᠮᠵᠢᠯᠠᠯᠲᠤ ᠲᠠᠨᠢᠯᠴᠠᠭᠤᠯᠭ᠎ᠠ᠎ᠶᠢᠨ ᠵᠠᠭᠪᠤᠷ᠎ᠢ ᠡᠪᠳᠡᠵᠦ᠂《ᠠᠮᠲᠠᠯᠠᠬᠤ + ᠲᠠᠨᠢᠯᠴᠠᠭᠤᠯᠬᠤ + ᠵᠣᠯᠭᠠᠭᠤᠯᠬᠤ》 ᠪᠣᠰᠣᠭ᠎ᠠ ᠴᠣᠭᠴᠠᠲᠤ ᠬᠡᠯᠪᠡᠷᠢ᠎ᠶᠢ ᠠᠪᠴᠤ᠂ ᠵᠧᠵᠢᠶᠠᠩ᠎ᠤᠨ ᠲᠤᠬᠠᠢ ᠎ᠶᠢᠨ ᠭᠠᠵᠠᠷ᠎ᠤᠨ ᠲᠣᠭᠣᠭᠠᠴᠢ᠎ᠶᠢᠨ ᠪᠦᠯᠬᠦᠮ᠎ᠢ ᠤᠷᠢᠵᠤ ᠬᠠᠩ ᠪᠠᠩ ᠨᠣᠭᠣᠭ᠎ᠠ᠎ᠶᠢᠨ ᠤᠷ᠎ᠠ ᠮᠡᠷᠭᠡᠵᠢᠯ ᠎ᠵᠢᠡᠷ ᠥᠪᠥᠷ ᠮᠣᠩᠭᠣᠯ᠎ᠤᠨ ᠢᠳᠡᠭᠡᠨ᠎ᠦ ᠮᠠᠲᠧᠷᠢᠶᠠᠯ᠎ᠢ ᠬᠡᠷᠡᠭᠯᠡᠨ ᠲᠤᠬᠠᠢ᠎ᠶᠢᠨ ᠲᠠᠯᠠᠪᠤᠷ ᠎ᠲᠤ ᠠᠭᠤᠰᠤᠯᠴᠠᠭᠰᠠᠨ ᠨᠣᠭᠣᠭ᠎ᠠ ᠵᠠᠭᠤᠰᠢ ᠬᠢᠵᠦ᠂ ᠬᠤᠷᠠᠯ᠎ᠳᠤ ᠣᠷᠣᠯᠴᠠᠭᠰᠠᠨ 9 ᠠᠵᠤ ᠠᠬᠤᠢᠯᠠᠯ ᠎ᠤᠨ ᠲᠥᠯᠥᠭᠡᠯᠡᠭᠴᠢ᠎ᠶᠢ ᠲᠠᠢᠰᠠᠨ᠎ᠳᠤ ᠭᠠᠷᠭᠠᠨ ᠲᠠᠨᠢᠯᠴᠠᠭᠤᠯᠵᠤ᠂ 《ᠨᠢᠭᠡ ᠨᠣᠭᠣᠭ᠎ᠠ ᠪᠠᠷ ᠨᠢᠭᠡ ᠠᠵᠤ ᠠᠬᠤᠢᠯᠠᠯ᠎ᠢ ᠲᠠᠨᠢᠯᠴᠠᠭᠤᠯᠵᠤ᠂ ᠠᠮᠲᠠᠯᠠᠭᠤᠯᠬᠤ ᠵᠢᠨ ᠵᠡᠷᠬᠡᠪᠡᠷ  ᠵᠣᠯᠭᠠᠯᠴᠠᠭ᠎ᠠ᠎ᠶᠢ ᠠᠬᠢᠭᠤᠯᠬᠤ》ᠶ᠋ᠢ ᠪᠡᠶᠡᠯᠡᠭᠦᠯᠵᠡᠢ᠃ ᠬᠤᠷᠠᠯ᠎ᠳᠤ ᠣᠷᠣᠯᠴᠠᠭᠰᠠᠨ ᠵᠧᠵᠢᠶᠠᠩ᠎ᠤᠨ ᠬᠤᠳᠠᠯᠳᠤᠭᠠᠴᠢᠳ᠎ᠤᠨ ᠬᠡᠯᠡᠬᠦ᠎ᠪᠡᠷ᠂ ᠡᠢᠮᠦᠷᠬᠦ 《ᠤᠷᠢᠳᠠᠪᠠᠷ ᠠᠮᠲᠠᠯᠠᠵᠤ ᠳᠠᠷᠠᠭ᠎ᠠ ᠨᠢ ᠶᠠᠷᠢᠯᠴᠠᠬᠤ》 ᠠᠷᠭ᠎ᠠ ᠮᠠᠶᠢᠭ᠋ ᠨᠢ ᠰᠢᠭᠤᠳ ᠪᠥᠭᠡᠳ ᠪᠣᠳᠠᠲᠠᠢ᠎ᠶᠢ ᠡᠷᠬᠢᠮᠯᠡᠵᠦ᠂ ᠢᠳᠡᠭᠡᠨ᠎ᠦ ᠮᠠᠲᠧᠷᠢᠶᠠᠯ᠎ᠤᠨ ᠬᠡᠷᠡᠭᠯᠡᠭᠡᠨ᠎ᠦ ᠥᠷᠲᠡᠭ᠎ᠢ ᠨᠢᠳᠦᠨ᠎ᠳᠦ ᠦᠵᠡᠭᠳᠡᠳᠡᠯ᠎ᠠ ᠢᠯᠡᠷᠡᠬᠦᠯᠵᠦ᠂ ᠪᠦᠲᠦᠭᠡᠭᠳᠡᠬᠦᠨ᠎ᠢ ᠰᠣᠩᠭᠣᠬᠤ ᠶᠠᠪᠤᠴᠠ ᠎ᠳᠡᠬᠢ ᠦᠪᠡᠷ ᠎ᠤᠨ ᠥᠷᠲᠡᠭ᠎ᠢ ᠶᠡᠬᠡ᠎ᠪᠡᠷ ᠪᠠᠭᠤᠷᠠᠭᠤᠯᠪᠠ᠃

ᠴᠢᠯᠦᠭᠡᠲᠦ ᠵᠤᠯᠭᠠᠯᠴᠠᠭ᠎ᠠ ᠵᠢᠨ ᠠᠬᠤᠢ ᠳᠠᠯᠠᠪᠠᠢ ᠎ᠳᠦ  ᠬᠦᠷ ᠬᠥᠭᠵᠢᠶᠡᠨᠲᠡᠢ ᠪᠠᠢᠵᠤ᠂ ᠤᠯᠠᠨ ᠠᠵᠤ ᠠᠬᠤᠢᠯᠠᠯ ᠵᠧᠵᠢᠶᠠᠩ ᠎ᠤᠨ  ᠬᠤᠳᠠᠯᠳᠤᠭᠠᠴᠢᠨ ᠎ᠲᠠᠢ ᠠᠩᠬ᠎ᠠ ᠠᠯᠬᠤᠮ᠎ᠤᠨ ᠬᠠᠮᠲᠤᠷᠠᠯᠴᠠᠭᠠᠨ᠎ᠤ ᠰᠠᠨᠠᠮᠵᠢ ᠳᠤᠭᠳᠠᠵᠦ᠂ ᠵᠠᠯᠭᠠᠭᠠᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠬᠥᠬᠡᠮᠥ᠋ᠷᠡᠨ᠎ᠦ ᠭᠤᠷᠪᠠᠯᠵᠢᠨ ᠬᠣᠢᠭ᠋(ᠬᠠᠩᠵᠧᠦ ᠬᠤᠲᠠ)᠎ᠤᠨ ᠦᠢᠯᠡᠴᠢᠯᠡᠭᠡᠨ᠎ᠦ ᠠᠵᠢᠯ᠎ᠤᠨ ᠦᠷᠲᠡᠭᠡ᠎ᠡᠴᠡ ᠦᠷᠭᠦᠯᠵᠢᠯᠡᠨ ᠮᠥᠷᠳᠡᠨ ᠠᠬᠢᠭᠤᠯᠬᠤ ᠪᠣᠯᠣᠨ᠎ᠠ᠃    

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号