ᠣᠢᠷ᠎ᠠ᠎ᠳᠤ ᠤᠯᠤᠰ᠎ᠤᠨ ᠲᠣᠭ᠎ᠠ ᠪᠦᠷᠢᠳᠬᠡᠯ᠎ᠦᠨ
ᠲᠣᠪᠴᠢᠶ᠎ᠠ᠎ᠶᠢᠨ ᠰᠦᠯᠵᠢᠶ᠎ᠡ 31 ᠮᠤᠵᠢ ᠣᠷᠣᠨ ᠤ 2026 ᠣᠨ᠎ᠤ ᠳᠡᠭᠡᠷ᠎ᠡ ᠬᠠᠭᠠᠰ ᠵᠢᠯ ᠦᠨ ᠰᠠᠭᠤᠭᠠᠯᠢ ᠠᠷᠠᠳ᠎ᠤᠨ
ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ᠎ᠶᠢᠨ ᠪᠠᠢᠳᠠᠯ᠎ᠢ ᠨᠡᠢᠲᠡᠯᠡᠪᠡ᠃
ᠳᠡᠭᠡᠷ᠎ᠡ ᠬᠠᠭᠠᠰ ᠵᠢᠯ᠎ᠳᠦ᠂ ᠪᠥᠬᠥ ᠤᠯᠤᠰ᠎ᠤᠨ
ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ 22981 ᠲᠥᠭᠥᠷᠢᠭ᠎ᠲᠦ ᠬᠦᠷᠴᠦ᠂
ᠲᠦᠷᠦᠭᠦᠦ ᠵᠢᠯ᠎ᠦᠨ ᠠᠳᠠᠯᠢ ᠬᠤᠭᠤᠴᠠᠭᠠᠨ ᠤ ᠬᠢ᠎ᠡᠴᠡ 4.2%᠎ᠢᠶᠠᠷ ᠨᠡᠮᠡᠭᠳᠡᠵᠦ᠂ ᠨᠡᠮᠡᠭᠳᠡᠯ᠎ᠦᠨ ᠬᠤᠷᠳᠤᠴᠠ
ᠨᠢ ᠨᠢᠭᠡᠳᠦᠭᠡᠷ ᠤᠯᠠᠷᠢᠯ ᠤᠨ ᠬᠢ ᠡᠴᠡ ᠵᠠᠭᠤᠨ᠎ᠤ ᠬᠠᠷᠢᠴᠠᠯ ᠵᠢᠨᠷ 0.2 ᠬᠤᠪᠢ ᠳᠡᠭᠡᠭᠰᠢᠯᠡᠵᠡᠢ᠃
ᠮᠤᠵᠢ ᠣᠷᠣᠨ ᠬᠤᠪᠢᠶᠠᠵᠤ ᠦᠵᠡᠪᠡᠯ᠂ ᠡᠨᠡ
ᠵᠢᠯ᠎ᠦᠨ ᠲᠦᠷᠦᠭᠦᠦ ᠬᠠᠭᠠᠰ ᠵᠢᠯ᠎ᠳᠦ ᠨᠡᠶ᠋ᠢᠲᠡ 13 ᠮᠤᠵᠢ ᠣᠷᠣᠨ᠎ᠤ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ
ᠡᠵᠡᠮᠳᠡᠵᠦ ᠪᠣᠯᠬᠤ ᠣᠷᠣᠯᠭ᠎ᠠ 2 ᠲᠦᠮᠡᠨ ᠲᠥᠭᠥᠷᠢᠭ᠎ᠢ ᠳᠠᠪᠠᠵᠠᠢ᠃ ᠡᠭᠦᠨ᠎ᠳᠦ᠂ ᠱᠠᠩᠬᠠᠢ ᠬᠤᠳᠠ 48791 ᠲᠥᠭᠥᠷᠢᠭ
ᠵᠢᠡᠷ ᠲᠦᠷᠦᠬᠦᠯᠡᠭᠰᠡᠨ ᠪᠤᠯ᠂ ᠪᠡᠭᠡᠵᠢᠩ ᠬᠤᠳᠠ 47290 ᠲᠥᠭᠥᠷᠢᠭ ᠵᠢᠡᠷ ᠳᠡᠳ᠋ᠯᠡᠵᠦ᠂ ᠵᠧᠵᠢᠶᠠᠩ ᠮᠤᠵᠢ 39807
ᠲᠥᠭᠥᠷᠢᠭ ᠵᠢᠡᠷ ᠭᠤᠷᠪᠠᠳᠤᠭᠠᠷ᠎ᠲᠤ ᠪᠠᠢᠷᠢᠯᠠᠪᠠ᠃
ᠥᠪᠥᠷ ᠮᠣᠩᠭᠣᠯ ᠤᠨ ᠳᠡᠭᠡᠷ᠎ᠡ ᠬᠠᠭᠠᠰ ᠵᠢᠯ᠎ᠦᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ
ᠡᠵᠡᠮᠳᠡᠵᠦ ᠪᠣᠯᠬᠤ ᠣᠷᠣᠯᠭ᠎ᠠ ᠴᠤ᠌ 2 ᠲᠦᠮᠡᠨ ᠲᠥᠭᠥᠷᠢᠭ᠎ᠢ ᠳᠠᠪᠠᠭᠰᠠᠨ ᠪᠠᠢᠨ᠎ᠠ᠃
ᠴᠦᠩᠴᠢᠩ᠂ ᠥᠪᠥᠷ ᠮᠣᠩᠭᠣᠯ᠂ ᠠᠨᠾᠦ᠋ᠢ᠂
ᠬᠤᠪᠧᠢ᠂ ᠬᠤᠨᠠᠨ᠎ᠤ ᠳᠡᠭᠡᠷ᠎ᠡ ᠬᠠᠭᠠᠰ ᠵᠢᠯ᠎ᠦᠨ ᠰᠠᠭᠤᠭᠠᠯᠢ ᠠᠷᠠᠳ ᠤᠨ ᠬᠥᠮᠥᠨ ᠳᠤᠮᠳᠠᠴᠢ᠎ᠶᠢᠨ ᠡᠵᠡᠮᠳᠡᠵᠦ
ᠪᠣᠯᠬᠤ ᠣᠷᠣᠯᠭ᠎ᠠ ᠨᠢ ᠳᠤᠮᠳᠠ ᠪᠠᠷᠠᠭᠤᠨ ᠪᠡᠶ᠎ᠡ ᠵᠢᠨ ᠭᠠᠵᠠᠷ ᠣᠷᠣᠨ ᠤ ᠳᠣᠲᠣᠷ᠎ᠠ ᠲᠡᠷᠢᠭᠦᠨ᠎ᠳᠦ ᠪᠠᠢᠷᠢᠯᠠᠪᠠ᠃
ᠡᠳᠡᠭᠡᠷ ᠮᠤᠵᠢᠨᠤᠭᠤᠳ ᠪᠣᠯ ᠪᠠᠰᠠ ᠴᠤ᠌ ᠳᠤᠮᠳᠠ ᠪᠠᠷᠠᠭᠤᠨ ᠪᠡᠶ᠎ᠡ ᠵᠢᠨ ᠭᠠᠵᠠᠷ ᠣᠷᠣᠨ᠎ᠤ ᠠᠵᠤ ᠦᠢᠯᠡᠳᠪᠦᠷᠢᠵᠢᠯᠲᠡ
ᠪᠠ ᠬᠤᠳᠠ ᠪᠠᠯᠭᠠᠰᠤᠵᠢᠯᠲᠠ ᠵᠢᠨ ᠬᠢᠷᠢ ᠬᠡᠮᠵᠢᠶ᠎ᠡ᠎ᠪᠡᠷ ᠨᠡᠯᠢᠶᠡᠳ ᠥᠨᠳᠥᠷ ᠭᠠᠵᠠᠷ ᠣᠷᠣᠨ ᠪᠣᠯᠣᠨ᠎ᠠ᠃
ᠢᠷᠡᠯᠲᠡ ᠄ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠂ ᠨᠢᠭᠡᠳᠦᠭᠡᠷ ᠡᠳ᠋᠎ᠦᠨ ᠵᠠᠰᠠᠭ ᠠᠵᠤ ᠠᠬᠤᠢ᠂ ᠵᠢᠨᠠᠨ ᠤ ᠴᠠᠭ᠎ᠤᠨ ᠰᠣᠨᠢᠨ