ᠥᠪᠥᠷ ᠮᠣᠩᠭᠣᠯ᠎ᠢ ᠤᠢᠯᠠᠭᠠᠬᠤ ᠰᠦᠯᠵᠢᠶᠡᠨ᠎ᠦ ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ ᠡᠬᠢᠯᠡᠪᠡ
2026-07-22 17:00:45
ᠵᠣᠬᠢᠶᠠᠭ᠍ᠴᠢ᠄
ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 21᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ ᠭᠣᠣᠯᠯᠠᠨ ᠡᠷᠬᠢᠯᠡᠵᠦ᠂ ᠳᠤᠮᠳᠠᠳᠤ ᠤᠯᠤᠰ᠎ᠤᠨ ᠢᠨᠲᠧᠷ ᠰᠦᠯᠵᠢᠶᠡᠨ᠎ᠦ ᠬᠥᠭᠵᠢᠯᠲᠡ᠎ᠶᠢᠨ ᠰᠠᠭᠤᠷᠢ ᠮᠥᠩᠭᠥᠨ᠎ᠦ ᠨᠡᠢᠭᠡᠮᠯᠢᠭ ᠳᠡᠮᠵᠢᠵᠦ᠂ ᠭᠤᠸᠠᠩ ᠮᠢᠩ ᠰᠦᠯᠵᠢᠶ᠎ᠡ᠎ᠳᠠᠭᠠᠭᠠᠴᠢᠯᠠᠨ ᠡᠷᠬᠢᠯᠡᠭᠰᠡᠨ《ᠪᠤᠬᠢᠷᠳᠤᠯ ᠦᠭᠡᠢ ᠬᠦᠭᠵᠢᠯᠲᠡ ᠎ᠶᠢ ᠲᠣᠭᠠᠴᠢᠯᠠᠯᠲᠠ ᠪᠡᠷ ᠬᠠᠷᠠᠭᠤᠯᠵᠤ ᠤᠶᠤᠨᠴᠢ ᠮᠡᠷᠭᠡᠵᠢᠯ᠎ᠢᠶᠡᠷ ᠬᠥᠭᠵᠢᠯᠲᠡ᠎ᠶᠢ ᠬᠦᠲᠦᠯᠬᠦᠢ》 ᠥᠪᠥᠷ ᠮᠣᠩᠭᠣᠯ ᠎ᠢ ᠤᠢᠯᠠᠭᠠᠬᠤ ᠰᠦᠯᠵᠢᠶᠡᠨ᠎ᠦ ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ ᠬᠥᠬᠡᠬᠣᠲᠠ᠎ᠳᠤ ᠡᠬᠢᠯᠡᠪᠡ᠃

ᠲᠣᠰ ᠤᠳᠠᠭᠠᠨ᠎ᠤ ᠠᠵᠢᠯᠯᠠᠭ᠎ᠠ ᠨᠢ ᠥᠪᠥᠷ ᠮᠣᠩᠭᠣᠯ᠎ᠤᠨ ᠲᠣᠭᠠᠴᠢᠯᠠᠭᠰᠠᠨ ᠮᠡᠷᠭᠡᠵᠢᠯ᠎ᠢᠶᠡᠷ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠢᠰᠢ ᠬᠡᠯᠪᠡᠷᠢ ᠪᠠᠨ ᠬᠤᠪᠢᠷᠠᠭᠤᠯᠬᠤ᠎ᠶᠢ ᠠᠬᠢᠭᠤᠯᠬᠤ ᠭᠣᠣᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠲᠤᠰᠬᠠᠢ ᠮᠡᠷᠭᠡᠵᠢᠯᠲᠡᠨ ᠡᠷᠳᠡᠮᠲᠡᠨ᠂ ᠰᠢᠭᠦᠮᠵᠢᠯᠡᠭᠴᠢ᠂ ᠲᠥᠪ᠎ᠤᠨ ᠵᠢᠴᠢ ᠣᠷᠣᠨ ᠨᠤᠲᠤᠭ᠎ᠤᠨ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠵᠡᠷᠭᠡ 30 ᠭᠠᠷᠤᠢ ᠬᠥᠮᠥᠨ ᠎ᠤ ᠰᠤᠷᠪᠤᠯᠵᠢᠯᠠᠨ ᠪᠠᠢᠴᠠᠭᠠᠬᠤ ᠪᠦᠯᠬᠦᠮ ᠪᠠᠢᠭᠤᠯᠵᠦ᠂ ᠬᠥᠬᠡᠬᠣᠲᠠ᠂ ᠪᠤᠭᠤᠲᠤ᠂ ᠤᠯᠠᠭᠠᠨᠴᠠᠪ᠎ᠤᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠂ ᠳᠠᠭᠤᠷᠢᠶᠠᠯ ᠠᠵᠤ ᠠᠬᠤᠢᠯᠠᠯ ᠵᠡᠷᠭᠡ᠎ᠳᠦ ᠭᠦᠨᠵᠡᠭᠡᠢᠷᠡᠵᠦ᠂ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠡᠨᠧᠷᠭᠢ ᠣᠯᠭᠣᠬᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢ ᠵᠦᠭ ᠬᠡᠯᠪᠡᠷᠢ ᠪᠠᠨ ᠬᠤᠪᠢᠷᠠᠭᠤᠯᠬᠤ᠂ ᠠᠮᠢ ᠠᠬᠤᠢ᠎ᠶᠢᠨ ᠣᠷᠣᠰᠢᠨ ᠰᠠᠭᠤᠬᠤ ᠎ᠳᠤ ᠲᠣᠬᠢᠷᠠᠮᠵᠢᠲᠠᠢ ᠪᠦᠲᠦᠭᠡᠨ ᠪᠠᠢᠭᠤᠯᠤᠯᠲᠠ ᠵᠡᠷᠭᠡ᠎ᠶᠢᠨ ᠲᠣᠭᠣᠷᠢᠨ ᠎ᠳᠤ ᠲᠤᠬᠠᠢ ᠎ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠥᠷᠨᠢᠭᠦᠯᠵᠦ᠂ ᠨᠢᠭᠡ ᠪᠦᠯᠦᠭ ᠬᠠᠮ ᠵᠠᠭᠤᠴᠢᠯᠠᠭᠤᠷ᠎ᠤᠨ ᠰᠣᠳᠣᠨ ᠪᠦᠲᠦᠭᠡᠯ᠎ᠢ ᠤᠬᠠᠭᠠᠯᠠᠨ ᠦᠢᠯᠡᠳᠴᠦ᠂ ᠥᠪᠥᠷ ᠮᠣᠩᠭᠣᠯ ᠎ᠤᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠂ ᠲᠣᠭᠠᠴᠢᠯᠠᠯᠲᠠ ᠪᠤᠯᠤᠨ ᠪᠣᠬᠢᠷᠲᠤᠯ ᠦᠭᠡᠢ ᠬᠥᠭᠵᠢᠯᠲᠡ᠎ᠶᠢ ᠬᠠᠮᠵᠢᠯᠴᠠᠭᠤᠯᠤᠨ ᠬᠥᠭᠵᠢᠭᠦᠯᠦᠭᠰᠡᠨ ᠦᠢᠯᠡᠳᠦᠯᠭᠡ᠎ᠶᠢᠨ ᠦᠷ᠎ᠡ ᠪᠦᠲᠦᠭᠡᠯ ᠪᠣᠯᠣᠨ ᠰᠢᠨ᠎ᠡ᠎ᠶᠢ ᠡᠭᠦᠳᠦᠭᠰᠡᠨ ᠲᠤᠷᠰᠢᠯᠭ᠎ᠠ᠎ᠶᠢ ᠪᠥᠬᠥ ᠲᠠᠯ᠎ᠠ ᠪᠡᠷ᠂ ᠣᠯᠠᠨ ᠬᠠᠷᠠᠭᠠᠰᠤ᠎ᠠᠴᠠ ᠳᠡᠯᠭᠡᠨ ᠦᠵᠡᠭᠦᠯᠵᠦ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠠᠮᠢ ᠠᠬᠤᠢ᠎ᠶᠢᠨ ᠬᠠᠮᠠᠭᠠᠯᠠᠯᠲᠠ᠂ ᠠᠵᠤ ᠦᠢᠯᠡᠰ᠎ᠤᠨ ᠲᠠᠰ ᠳᠡᠪᠰᠢᠯᠲᠡ᠂ ᠠᠷᠠᠳ᠎ᠤᠨ ᠠᠮᠢᠳᠤᠷᠠᠯ ᠎ᠤᠨ ᠰᠠᠢᠵᠢᠷᠠᠭᠤᠯᠤᠯᠲᠠ᠎ᠵᠢᠨ ᠴᠢᠨᠠᠷ ᠰᠠᠢᠲᠠᠢ ᠬᠥᠭᠵᠢᠯᠲᠡ᠎ᠶᠢᠨ ᠥᠯᠢᠭᠡᠷ ᠎ᠢ ᠠᠮᠢᠳᠤᠯᠢᠭ᠋᠎ᠢᠶᠠᠷ ᠰᠠᠢᠲᠤᠷ ᠶᠠᠷᠢᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠰᠠᠢᠨ ᠰᠠᠢᠬᠠᠨ ᠰᠦᠯᠵᠢᠶᠡᠨ᠎ᠦ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠣᠶ ᠪᠣᠯᠭᠠᠨ᠎ᠠ᠃

ᠪᠡᠭᠡᠵᠢᠩ᠎ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠣᠷᠴᠢᠨ ᠲᠣᠭᠣᠷᠢᠨ᠎ᠤ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠱᠦᠵᠢ ᠰᠢᠦᠢ ᠯᠢᠨ ᠢᠦᠢ ᠡᠬᠢᠯᠡᠯᠲᠡ᠎ᠶᠢᠨ ᠶᠣᠰᠣᠯᠠᠯ ᠳᠡᠭᠡᠷ᠎ᠡ᠄《ᠪᠢ ᠥᠪᠥᠷ ᠮᠣᠩᠭᠣᠯ᠎ᠳᠤ ᠪᠠᠢᠴᠠᠭᠠᠨ ᠰᠤᠳᠤᠯᠤᠯᠲᠠ ᠬᠢᠵᠦ ᠴᠤᠭᠯᠠᠭᠤᠯᠤᠭᠰᠠᠨ ᠰᠢᠨ᠎ᠡ᠎ᠶᠢ ᠡᠭᠦᠳᠦᠭᠰᠡᠨ ᠦᠢᠯᠡᠳᠦᠯᠭᠡ᠎ᠶᠢᠨ ᠲᠤᠷᠰᠢᠯᠭ᠎ᠠ᠎ᠵᠢ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠢᠴᠢᠶᠡᠯ ᠎ᠦᠨ ᠲᠠᠩᠬᠢᠮ ᠎ᠳᠤ ᠠᠪᠠᠴᠢᠵᠤ᠂ ᠮᠠᠨ᠎ᠤ ᠪᠦᠯᠬᠦᠮ᠎ᠦᠨ ᠠᠮᠢ ᠠᠬᠤᠢ᠎ᠶᠢᠨ ᠳᠠᠭᠤᠷᠢᠶᠠᠮᠠᠭ᠂ ᠣᠷᠣᠨ ᠪᠦᠰᠡ᠎ᠶᠢᠨ ᠣᠷᠴᠢᠨ ᠲᠣᠭᠣᠷᠢᠨ᠎ᠤ ᠲᠥᠯᠦᠪᠵᠢᠭᠦᠯᠭᠡ ᠵᠡᠷᠭᠡ ᠲᠠᠯ᠎ᠠ᠎ᠶᠢᠨ ᠰᠤᠳᠤᠯᠭᠠᠨ᠎ᠤ ᠬᠤᠷᠠᠮᠳᠤᠭᠤᠯᠤᠯ᠎ᠲᠠᠢ ᠪᠠᠨ ᠤᠶᠠᠯᠳᠤᠭᠤᠯᠤᠨ᠂ ᠥᠪᠥᠷ ᠮᠣᠩᠭᠣᠯ᠎ᠤᠨ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠢᠲᠠᠢ ᠬᠥᠭᠵᠢᠯᠲᠡ᠎ᠳᠦ ᠦᠷᠭᠦᠯᠵᠢᠯᠡᠨ ᠡᠷᠳᠡᠮ ᠰᠢᠨᠵᠢᠯᠡᠭᠡᠨ᠎ᠦ ᠲᠤᠯᠭᠠᠭᠤᠷᠢᠯᠠᠯ ᠬᠠᠩᠭᠠᠨ᠎ᠠ》 ᠭᠡᠵᠦ ᠢᠯᠡᠳᠬᠡᠪᠡ᠃

ᠰᠤᠷᠪᠤᠯᠵᠢᠯᠠᠬᠤ ᠪᠦᠯᠬᠦᠮ᠎ᠤᠨ ᠬᠢᠨ ᠲᠤᠬᠠᠢ᠎ᠶᠢᠨ ᠡᠳᠦᠷ ᠪᠠᠰᠠ ᠰᠦᠨ᠎ᠤ ᠦᠢᠯᠡᠰ᠎ᠤᠨ ᠤᠯᠤᠰ᠎ᠤᠨ ᠰᠢᠨᠵᠢᠯᠡᠭᠡ ᠮᠡᠷᠭᠡᠵᠢᠯ᠎ᠤᠨ ᠰᠢᠨ᠎ᠡ ᠵᠢ ᠡᠭᠦᠳᠬᠦ ᠲᠦᠪ᠂ ᠢᠯᠢ ᠵᠢᠨ ᠤᠳᠤ ᠦᠶ᠎ᠡ ᠵᠢᠨ ᠤᠶᠤᠨᠴᠢ ᠡᠷᠡᠭᠦᠯ ᠮᠡᠨᠳᠦ ᠵᠢᠨ ᠬᠦᠨᠳᠡᠢ᠂ ᠴᠡᠯᠡᠭᠡᠷ ᠲᠠᠯ᠎ᠠ ᠠᠮᠢ ᠠᠬᠤᠢ ᠵᠢᠨ ᠦᠢᠯᠡᠳᠦᠯᠭᠡ ᠵᠢᠨ ᠰᠠᠭᠤᠷᠢᠨ ᠵᠡᠷᠭᠡ᠎ᠳᠤ ᠬᠦᠷᠴᠦ ᠰᠤᠷᠪᠤᠯᠵᠢᠯᠠᠭ᠎ᠠ ᠰᠤᠳᠤᠯᠭᠠᠨ ᠦᠷᠨᠢᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号