ᠰᠢᠨ᠎ᠡ ᠰᠦᠨ ᠬᠦᠴᠢᠯ᠎ᠦᠨ ᠪᠠᠺᠲᠧᠷᠢ᠎ᠶᠢᠨ ᠲᠦᠷᠦᠯ᠎ᠢ ᠢᠯᠡᠷᠡᠭᠦᠯᠦᠨ ᠨᠡᠷᠡᠢᠳᠪᠡ
2026-07-22 17:07:59
ᠵᠣᠬᠢᠶᠠᠭ᠍ᠴᠢ᠄
ᠪᠠᠢ ᠯᠢᠶᠠᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠡᠴᠠ ᠣᠢᠯᠠᠭᠠᠭᠰᠠᠨ᠎ᠢᠶᠠᠷ᠂ ᠲᠦᠷᠦᠭᠦᠬᠡᠨ ᠲᠤᠰ ᠰᠤᠷᠭᠠᠭᠤᠯᠢ᠎ᠶᠢᠨ ᠴᠠᠭᠠᠨ ᠢᠳᠡᠭᠡᠨ᠎ᠦ ᠠᠮᠢᠳᠤ ᠪᠣᠳᠠᠰ᠎ᠤᠨ ᠮᠡᠷᠭᠡᠵᠢᠯ ᠬᠢᠭᠡᠳ ᠢᠨᠵᠧᠨᠧᠷᠢᠩ᠎ᠦᠨ ᠰᠤᠷᠭᠠᠨ ᠬᠥᠮᠦᠵᠢᠯ᠎ᠦᠨ ᠬᠡᠯᠲᠡᠰ᠎ᠤᠨ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ᠎ᠤᠨ ᠵᠠᠩ ᠾᠧ ᠫᠢᠩ ᠫᠷᠤᠹᠧᠰᠰᠤᠷ᠎ᠤᠨ ᠳᠠᠭᠠᠭᠤᠯᠤᠭᠰᠠᠨ ᠪᠦᠯᠬᠦᠮ ᠭᠢᠨᠵᠢᠯᠢᠭ ᠪᠥᠮᠪᠥᠭᠡᠨ ᠪᠠᠺᠲᠧᠷᠢ ᠎ᠶᠢᠨ ᠰᠢᠨ᠎ᠡ ᠲᠥᠷᠥᠯ᠎ᠢ ᠢᠯᠡᠷᠡᠭᠦᠯᠦᠭᠰᠡᠨ ᠪᠥᠭᠡᠳ 《ᠬᠥᠮᠥᠨ ᠎ᠤ ᠭᠡᠳᠡᠰᠦᠨ ᠵᠠᠮ᠎ᠤᠨ ᠭᠢᠨᠵᠢᠯᠢᠭ ᠪᠥᠮᠪᠥᠭᠡᠨ ᠪᠠᠺᠲᠧᠷᠢ IMAU 11619T》 ᠭᠡᠵᠦ ᠨᠡᠷᠡᠢᠳᠪᠡ᠃ ᠲᠣᠰ ᠰᠤᠳᠤᠯᠭᠠᠨ ᠎ᠤ ᠦᠷ᠎ᠡ ᠪᠦᠲᠦᠭᠡᠯ ᠨᠢ ᠣᠢᠷ᠎ᠠ᠎ᠳᠤ ᠣᠯᠠᠨ ᠤᠯᠤᠰ᠎ᠤᠨ ᠮᠢᠺᠷᠣᠪ᠎ᠤᠨ ᠬᠦᠷᠢᠶᠡᠨ᠎ᠳᠡᠬᠢ ᠨᠠᠷᠠᠲᠤ ᠰᠡᠳᠬᠦᠯ 《ᠣᠯᠠᠨ ᠤᠯᠤᠰ᠎ᠤᠨ ᠮᠢᠺᠷᠣᠪ᠎ᠤᠨ ᠰᠢᠰᠲᠧᠮ᠎ᠦᠨ ᠠᠩᠭᠢᠯᠠᠯ ᠬᠢᠭᠡᠳ   ᠬᠤᠪᠢᠰᠤᠯ》 ᠰᠡᠳᠬᠦᠯ ᠳᠡᠭᠡᠷ᠎ᠡ ᠨᠡᠢᠲᠡᠯᠡᠭᠳᠡᠪᠡ᠃

《ᠬᠥᠮᠥᠨ ᠎ᠦ ᠭᠡᠳᠡᠰᠦᠨ ᠵᠠᠮ ᠎ᠤᠨ ᠭᠢᠨᠵᠢᠯᠢᠭ ᠪᠥᠮᠪᠥᠭᠡᠨ ᠪᠠᠺᠲᠧᠷᠢ IMAU11619T》 ᠪᠣᠯ ᠬᠥᠬᠡᠬᠣᠲᠠ᠎ᠶᠢᠨ ᠰᠠᠭᠤᠭᠠᠯᠢ ᠠᠷᠠᠳ᠎ᠤᠨ ᠭᠡᠳᠡᠰᠦᠨ ᠡᠴᠠ ᠢᠯᠡᠷᠡᠭᠦᠯᠦᠭᠰᠡᠨ ᠰᠦᠨ ᠬᠦᠴᠢᠯ ᠎ᠦᠨ ᠪᠠᠺᠲᠧᠷᠢ᠎ᠶᠢᠨ ᠰᠢᠨ᠎ᠡ ᠲᠥᠷᠥᠯ ᠪᠣᠯᠣᠨ᠎ᠠ᠂ ᠲᠣᠰ ᠪᠠᠺᠲᠧᠷᠢ ᠵᠢ 2023 ᠣᠨ᠎ᠳᠤ ᠬᠠᠮᠤᠭ᠎ᠤᠨ ᠠᠩᠬ᠎ᠠ ᠰᠠᠯᠭᠠᠨ ᠠᠪᠴᠤ᠂ ᠰᠤᠳᠤᠯᠭᠠᠨ᠎ᠤ ᠪᠦᠯᠬᠦᠮ ᠨᠢ 2 ᠵᠢᠯ ᠭᠠᠷᠤᠢ᠎ᠶᠢᠨ ᠬᠤᠭᠤᠴᠠᠭᠠᠨ᠎ᠳᠤ ᠹᠢᠽᠢᠣᠯᠣᠭᠢ ᠪᠢᠣᠬᠢᠮᠢ᠂ ᠰᠢᠬᠢᠷ᠎ᠦᠨ ᠲᠥᠷᠥᠯ᠎ᠢ ᠢᠰᠬᠡᠬᠦ ᠣᠨᠴᠠᠯᠢᠭ᠋ ᠪᠠ ᠭᠧᠨ᠎ᠦ ᠪᠦᠯᠦᠭ᠎ᠢ ᠬᠠᠷᠢᠴᠠᠭᠤᠯᠬᠤ᠂ ᠴᠢᠳᠠᠮᠵᠢᠲᠤ ᠭᠧᠨ᠎ᠦ ᠪᠦᠯᠦᠭ᠎ᠢ ᠲᠠᠢᠯᠪᠤᠷᠢᠯᠠᠬᠤ ᠵᠡᠷᠭᠡ ᠣᠯᠠᠨ ᠲᠠᠯ᠎ᠠ᠎ᠠᠴᠠ ᠲᠣᠰ ᠪᠠᠺᠲᠧᠷᠢ᠎ᠳᠤ ᠰᠢᠰᠲᠧᠮ ᠲᠠᠢ ᠰᠤᠳᠤᠯᠭᠠᠨ ᠬᠢᠵᠡᠢ᠃ ᠲᠡᠭᠦᠨ᠎ᠦ ᠣᠢᠷ᠎ᠠ ᠡᠭᠦᠰᠦᠯᠳᠦ ᠳᠦᠷᠰᠦ᠎ᠲᠠᠢ ᠠᠳᠠᠯᠢᠳᠬᠠᠪᠠᠯ᠂ ᠲᠤᠰ ᠪᠠᠺᠲᠧᠷᠢ ᠨᠢ ᠨᠡᠭᠦᠷᠡᠰᠦ ᠤᠰᠤᠨ᠎ᠤ ᠨᠢᠭᠡᠳᠪᠦᠷᠢ ᠎ᠶᠢ ᠠᠰᠢᠭ᠍ᠯᠠᠬᠤ ᠥᠪᠡᠷᠮᠢᠴᠡ ᠴᠢᠳᠠᠪᠤᠷᠢ (ᠵᠢᠱ᠌ᠢᠶᠡᠯᠡᠪᠡᠯ ᠭᠯᠢᠼᠧᠷᠢᠨ᠂ ᠤᠯᠠᠭᠠᠨ ᠬᠥᠪᠳᠥ ᠎ᠶᠢᠨ ᠰᠢᠬᠢᠷ᠎ᠦᠨ ᠠᠯᠺᠣᠣᠯ᠂ ᠰᠠᠯᠢᠼᠢᠯ ᠭᠯᠢᠺᠣᠰᠢᠳ᠋ ᠵᠡᠷᠭᠡ )᠎ᠲᠠᠢ᠂ ᠭᠧᠨ ᠎ᠦ ᠪᠦᠯᠦᠭ ᠎ᠦᠨ ᠰᠤᠳᠤᠯᠭᠠᠨ᠎ᠳᠤ ᠪᠠᠰᠠ ᠨᠠᠭᠠᠯᠳᠤᠬᠤ ᠪᠠ ᠡᠰ᠎ᠦᠨ ᠬᠠᠨ᠎ᠠ᠎ᠲᠠᠢ ᠨᠡᠢᠯᠡᠯᠳᠦᠬᠦ ᠎ᠲᠠᠢ ᠬᠣᠯᠪᠣᠭᠳᠠᠯ ᠪᠦᠬᠦᠢ ᠴᠢᠬᠤᠯᠠ ᠴᠢᠳᠠᠮᠵᠢᠲᠤ ᠭᠧᠨ᠎ᠢ ᠢᠯᠡᠷᠡᠭᠦᠯᠪᠡ᠃

ᠡᠨᠡ ᠪᠣᠯ ᠲᠣᠰ ᠪᠦᠯᠬᠦᠮ᠎ᠦᠨ ᠢᠯᠡᠷᠡᠭᠦᠯᠦᠭᠰᠡᠨ ᠵᠢᠷᠭᠤᠳᠠᠬᠢ ᠰᠦᠨ ᠬᠦᠴᠢᠯ᠎ᠦᠨ ᠪᠠᠺᠲᠧᠷᠢ᠎ᠶᠢᠨ ᠰᠢᠨ᠎ᠡ ᠲᠥᠷᠥᠯ ᠪᠣᠯᠣᠨ᠎ᠠ᠃ ᠡᠭᠦᠨ᠎ᠡᠴᠡ ᠡᠮᠦᠨ᠎ᠡ᠂ ᠲᠤᠰ ᠪᠦᠯᠬᠦᠮ᠎ᠦᠨ ᠬᠢᠨ ᠪᠠᠰᠠ 《ᠬᠥᠬᠡᠬᠣᠲᠠ᠎ᠶᠢᠨ ᠭᠢᠨᠵᠢᠯᠢᠭ ᠪᠥᠮᠪᠥᠭᠡᠨ ᠪᠠᠺᠲᠧᠷᠢ》ᠵᠡᠷᠭᠡ ᠰᠢᠨ᠎ᠡ ᠲᠥᠷᠥᠯ᠎ᠦᠨ ᠪᠠᠺᠲᠧᠷᠢ ᠵᠢ ᠢᠯᠡᠷᠡᠭᠦᠯᠦᠭᠰᠡᠨ ᠪᠠ ᠨᠡᠷᠡᠢᠳᠴᠤ ᠦᠩᠭᠡᠷᠡᠵᠡᠢ᠃ 6 ᠲᠦᠷᠦᠯ᠎ᠤᠨ ᠰᠦᠨ ᠬᠦᠴᠢᠯ᠎ᠦᠨ ᠪᠠᠺᠲᠧᠷᠢ ᠵᠢᠨ ᠵᠠᠷᠢᠮ ᠨᠢ ᠨᠡᠭᠦᠷᠡᠰᠦᠲᠥ᠋ᠷᠥᠭᠴᠢ᠎ᠶᠢ ᠠᠰᠢᠭ᠍ᠯᠠᠬᠤ ᠣᠨᠴᠠ ᠴᠢᠨᠠᠷ᠎ᠲᠠᠢ᠂ ᠵᠠᠷᠢᠮ ᠨᠢ ᠢᠳᠡᠭᠡᠨ᠎ᠦ ᠠᠮᠤᠷ ᠲᠦᠪᠰᠢᠨ᠎ᠤ ᠴᠢᠨᠠᠷᠲᠠᠢ ᠪᠠᠢᠵᠤ᠂ ᠴᠠᠭᠠᠨ ᠢᠳᠡᠭᠡ ᠢᠰᠬᠡᠬᠦ᠂ ᠳᠠᠷᠤᠰᠢᠭᠤᠯᠤᠭᠰᠠᠨ ᠲᠡᠵᠢᠭᠡᠯ ᠪᠣᠷᠳᠣᠭ᠎ᠠ ᠢᠰᠬᠡᠬᠦ ᠪᠠ ᠮᠢᠺᠷᠣᠪ᠎ᠢᠶᠠᠷ ᠡᠮ ᠨᠠᠢᠷᠠᠭᠤᠯᠬᠤ ᠵᠡᠷᠭᠡ ᠲᠠᠯ᠎ᠠ᠎ᠪᠠᠷ ᠥᠷᠭᠡᠨ ᠳᠡᠯᠭᠡᠷ ᠨᠡᠭᠡᠭᠡᠨ ᠠᠰᠢᠭ᠍ᠯᠠᠬᠤ ᠳᠠᠯᠳᠠ ᠬᠦᠴᠦᠨ ᠪᠠ ᠬᠡᠲᠦ᠎ᠶᠢᠨ ᠲᠥᠯᠥᠪ᠎ᠲᠠᠢ ᠪᠠᠢᠵᠤ᠂ ᠰᠦ ᠎ᠶᠢᠨ ᠦᠢᠯᠡᠰ ᠵᠢᠴᠢ ᠡᠷᠡᠭᠦᠯ ᠮᠡᠨᠳᠦ᠎ᠶᠢᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠠᠲᠠᠭᠤ ᠬᠥᠳᠡᠯᠭᠡᠬᠦ ᠬᠦᠴᠦᠨ ᠨᠡᠮᠡᠷᠢᠯᠡᠪᠡ᠃

ᠣᠢᠯᠠᠭᠠᠭᠰᠠᠨ᠎ᠢᠶᠠᠷ᠂ ᠵᠠᠩ ᠾᠧ ᠫᠢᠩ ᠫᠷᠤᠹᠧᠰᠰᠤᠷ᠎ᠤᠨ ᠪᠦᠯᠬᠦᠮ 37 ᠵᠢᠯ ᠰᠦᠨ ᠬᠦᠴᠢᠯ᠎ᠦᠨ ᠪᠠᠺᠲᠧᠷᠢ᠎ᠶᠢᠨ ᠡᠬᠢ ᠪᠠᠶᠠᠯᠢᠭ᠋᠎ᠢ ᠬᠠᠮᠠᠭᠠᠯᠠᠬᠤ ᠪᠠ ᠠᠭᠤᠳᠠᠯᠵᠤ᠂ ᠪᠥᠬᠥ ᠪᠥᠮᠪᠥᠷᠴᠡᠭ᠎ᠦᠨ ᠵᠢᠷᠭᠤᠭᠠᠨ ᠶᠡᠬᠡ ᠲᠢᠪ ᠎ᠦᠨ 48 ᠤᠯᠤᠰ᠎ᠡᠴᠠ ᠪᠠᠢᠭᠠᠯᠢᠯᠢᠭ ᠢᠰᠬᠡᠭᠰᠡᠨ ᠴᠠᠭᠠᠨ ᠢᠳᠡᠭᠡᠨ᠂ ᠤᠯᠠᠮᠵᠢᠯᠠᠯᠲᠤ ᠢᠰᠬᠡᠭᠰᠡᠨ ᠢᠳᠡᠭᠡᠨ ᠵᠡᠷᠭᠡ ᠵᠢᠨ 6702 ᠬᠤᠪᠢ ᠥᠯᠢᠭᠡᠷ ᠡᠳ᠋ ᠴᠤᠭᠯᠠᠭᠤᠯᠵᠤ᠂ 57484 ᠰᠢᠷᠬᠡᠭ ᠰᠦᠨ ᠬᠦᠴᠢᠯ᠎ᠦᠨ ᠪᠠᠺᠲᠧᠷᠢ᠎ᠶᠢ ᠰᠠᠯᠭᠠᠨ ᠬᠠᠳᠠᠭᠠᠯᠠᠵᠤ᠂ ᠪᠥᠬᠥ ᠪᠥᠮᠪᠥᠷᠴᠡᠭ ᠎ᠦᠨ ᠬᠠᠮᠤᠭ᠎ᠤᠨ ᠶᠡᠬᠡ ᠰᠦᠨ ᠬᠦᠴᠢᠯ᠎ᠦᠨ ᠪᠠᠺᠲᠧᠷᠢ᠎ᠶᠢᠨ ᠲᠦᠷᠦᠯ᠎ᠦᠨ ᠡᠬᠢ ᠪᠠᠶᠠᠯᠢᠭ᠋ ᠎ᠤᠨ ᠬᠥᠮᠥᠷᠭᠡ᠎ᠶᠢ ᠪᠠᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号