ᠡᠳᠡᠭᠡᠷ ᠬᠦᠮᠦᠰ᠎ᠢ ᠡᠯᠰᠡᠨ ᠬᠡᠷᠡᠭᠯᠡᠬᠦ ᠪᠡᠷ ᠪᠤᠢ
2026-07-22 17:10:05
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ  ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ ᠎ᠤᠨ ᠬᠡᠯᠲᠡᠰ 7 ᠰᠠᠷ᠎ᠠ᠎ᠶᠢᠨ 21᠎ᠦ ᠡᠳᠦᠷ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠬᠠᠷᠢᠶ᠎ᠠ ᠠᠵᠢᠯ ᠦᠢᠯᠡᠰ᠎ᠦᠨ ᠨᠢᠭᠡᠴᠢ ᠵᠢᠴᠢ ᠣᠷᠣᠯᠠᠨ ᠬᠠᠮᠢᠶᠠᠷᠴᠤ ᠪᠠᠢᠭ᠎ᠠ ᠠᠵᠢᠯ ᠦᠢᠯᠡᠰ᠎ᠦᠨ ᠨᠢᠭᠡᠴᠢ᠎ᠶᠢᠨ 2026 ᠣᠨ ᠎ᠤ ᠢᠯᠡ ᠎ᠪᠡᠷ ᠡᠯᠰᠡᠨ ᠬᠡᠷᠡᠭᠯᠡᠬᠦ᠎ᠪᠡᠷ ᠪᠠᠢᠭ᠎ᠠ ᠬᠥᠮᠥᠰ᠎ᠢ ᠢᠯᠡ ᠨᠡᠢᠲᠡᠯᠡᠬᠦ ᠲᠤᠬᠠᠢ ᠠᠯᠪᠠᠨ ᠵᠠᠷᠯᠠᠯ》ᠨᠡᠢᠲᠡᠯᠡᠪᠡ᠃ ᠲᠤᠰ ᠠᠯᠪᠠᠨ ᠵᠠᠷᠯᠠᠯ᠎ᠤᠨ ᠭᠤᠤᠯ ᠠᠭᠤᠯᠭ᠎ᠠ ᠨᠢ ᠲᠤᠤᠷᠠᠬᠢ ᠮᠡᠳᠦ᠄


QQ20260722-171149.png

《2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠦᠢᠯᠡᠰ᠎ᠦᠨ ᠨᠢᠭᠡᠴᠢ᠎ᠶᠢᠨ ᠢᠯᠡ᠎ᠪᠡᠷ ᠠᠵᠢᠯᠲᠠᠨ ᠡᠯᠰᠡᠬᠦ ᠠᠯᠪᠠᠨ ᠵᠠᠷᠯᠠᠯ》 ᠤ᠋ᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠬᠢᠷᠢ ᠬᠡᠮ᠎ᠦᠨ ᠠᠩᠬᠠᠨ᠎ᠤ ᠬᠢᠨᠠᠯᠲᠠ᠂ ᠪᠢᠴᠢᠭ᠎ᠦᠨ ᠰᠢᠯᠭᠠᠯᠲᠠ᠂ ᠬᠢᠷᠢ ᠬᠡᠮ᠎ᠦᠨ ᠳᠠᠬᠢᠨ ᠬᠢᠨᠠᠯᠲᠠ᠂ ᠨᠢᠭᠤᠷᠲᠠᠨ ᠰᠢᠯᠭᠠᠯᠲᠠ᠂ ᠪᠡᠶ᠎ᠡ᠎ᠶᠢᠨ ᠪᠠᠢᠴᠠᠭᠠᠯᠲᠠ ᠪᠠ ᠬᠢᠨᠠᠨ ᠪᠠᠢᠴᠠᠭᠠᠯᠲᠠ ᠵᠡᠷᠭᠡ ᠭᠣᠭᠴᠣᠭ᠎ᠠ᠎ᠪᠠᠷ ᠳᠡᠮᠵᠢᠨ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠬᠠᠷᠢᠶ᠎ᠠ ᠠᠵᠢᠯ ᠦᠢᠯᠡᠰ᠎ᠦᠨ ᠨᠢᠭᠡᠴᠢ ᠵᠢᠴᠢ ᠣᠷᠣᠯᠠᠨ ᠬᠠᠮᠢᠶᠠᠷᠴᠤ ᠪᠠᠢᠭ᠎ᠠ ᠠᠵᠢᠯ ᠦᠢᠯᠡᠰ ᠎ᠦᠨ ᠨᠢᠭᠡᠴᠢ᠎ᠶᠢᠨ 2026 ᠣᠨ᠎ᠤ ᠢᠯᠡ᠎ᠪᠡᠷ ᠡᠯᠰᠡᠨ ᠬᠡᠷᠡᠭᠯᠡᠬᠦ᠎ᠪᠡᠷ ᠪᠠᠢᠭ᠎ᠠ ᠬᠥᠮᠥᠰ ᠎ᠢ ᠢᠯᠡ ᠨᠡᠢᠲᠡᠯᠡᠪᠡ᠃

ᠨᠢᠭᠡ᠂ ᠡᠯᠰᠡᠨ ᠬᠡᠷᠡᠭᠯᠡᠬᠦ ᠬᠥᠮᠥᠰ᠎ᠦᠨ ᠨᠡᠷᠡᠰ  (ᠨᠡᠶ᠋ᠢᠲᠡ 16 ᠬᠥᠮᠥᠨ)

ᠬᠣᠶᠠᠷ᠂ ᠢᠯᠡ ᠨᠡᠢᠲᠡᠯᠡᠬᠦ ᠴᠠᠭ

 2026 ᠣᠨ᠎ᠤ 7 ᠰᠠᠷ᠎ᠠ᠎ᠶᠢᠨ 22᠎ᠤᠨ ᠡᠳᠦᠷ᠎ᠡᠴᠡ 7 ᠰᠠᠷ᠎ᠠ᠎ᠶᠢᠨ 28 ᠎ᠤ ᠡᠳᠦᠷ ᠪᠤᠯᠲᠠᠯ᠎ᠠ (5 ᠠᠵᠢᠯᠯᠠᠬᠤ ᠡᠳᠦᠷ)᠃

ᠭᠤᠷᠪᠠ᠂  ᠭᠥᠯᠢᠶᠡᠨ ᠠᠪᠴᠤ ᠰᠢᠢᠳᠪᠦᠷᠢᠯᠡᠬᠦ ᠠᠷᠭ᠎ᠠ

ᠨᠢᠭᠡᠴᠢ ᠪᠠ ᠬᠤᠪᠢ ᠬᠥᠮᠥᠨ ᠰᠤᠷᠪᠤᠯᠵᠢᠯᠠᠬᠤ᠂ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ᠎ᠪᠡᠷ ᠳᠡᠭᠡᠷᠡᠬᠢ ᠢᠯᠡ ᠨᠡᠢᠲᠡᠯᠡᠭᠰᠡᠨ ᠡᠲᠡᠭᠡᠳ᠎ᠦᠨ ᠬᠣᠯᠪᠣᠭᠳᠠᠯ ᠪᠦᠬᠦᠢ ᠪᠠᠢᠳᠠᠯ ᠪᠠ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ᠎ᠢ ᠪᠠᠢᠴᠠᠭᠠᠨ ᠬᠠᠷᠭᠤᠭᠤᠯᠬᠤ᠎ᠳᠤ ᠲᠥᠬᠥᠮ ᠪᠣᠯᠭᠠᠬᠤ ᠵᠢᠨ ᠲᠥᠯᠥᠭᠡ᠂ ᠠᠰᠠᠭᠤᠳᠠᠯ᠎ᠢ ᠲᠤᠰᠬᠠᠬᠤ᠎ᠳᠤ ᠬᠠᠮᠢᠶ᠎ᠠ ᠪᠦᠬᠦᠢ ᠰᠦᠪᠡᠭᠴᠢ ᠵᠢᠴᠢ ᠲᠣᠰ ᠬᠥᠮᠥᠨ ᠎ᠦ ᠦᠨᠡᠨ ᠨᠡᠷ᠎ᠡ᠂ ᠬᠠᠷᠢᠯᠴᠠᠬᠤ ᠠᠷᠭ᠎ᠠ ᠪᠤᠶᠤ ᠠᠵᠢᠯᠯᠠᠵᠤ ᠪᠠᠢᠭ᠎ᠠ ᠨᠢᠭᠡᠴᠢ ᠵᠡᠷᠭᠡ᠎ᠶᠢᠨ ᠮᠡᠳᠡᠭᠡ ᠵᠠᠩᠭᠢ᠎ᠶᠢ ᠬᠠᠩᠭᠠᠭᠠᠷᠠᠢ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠠᠰᠠᠭᠤᠳᠠᠯ᠎ᠢ ᠲᠤᠰᠬᠠᠬᠤ᠎ᠳᠤ ᠨᠢᠭᠤᠴᠠ ᠵᠢ ᠬᠠᠮᠠᠭᠠᠯᠠᠵᠤ᠂ ᠴᠠᠭ ᠲᠤᠬᠠᠢ ᠳ᠋ᠤᠨᠢ ᠬᠢᠨᠠᠨ ᠪᠠᠢᠴᠠᠭᠠᠭᠰᠠᠨ ᠦᠷ᠎ᠡ ᠳ᠋ᠦᠩ᠎ᠦᠨ ᠲᠤᠬᠠᠢ ᠬᠠᠷᠢᠭᠤ ᠲᠤᠰᠬᠠᠨ᠎ᠠ᠃

ᠢᠯᠡ ᠨᠡᠢᠲᠡᠯᠡᠬᠦ ᠠᠯᠪᠠᠨ ᠭᠡᠷ ᠎ᠢ  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠺᠠᠳ᠋ᠷ᠎ᠤᠨ ᠭᠠᠵᠠᠷ᠎ᠤᠨ 802 ᠳ᠋ᠤᠭᠠᠷ ᠲᠠᠰᠤᠭ᠎ᠲᠤ ᠲᠣᠬᠢᠷᠠᠭᠤᠯᠪᠠ᠃


ᠭᠥᠯᠢᠶᠡᠨ ᠠᠪᠬᠤ ᠴᠠᠭ᠄ ᠠᠵᠢᠯᠯᠠᠬᠤ ᠡᠳᠦᠷ᠎ᠦᠨ ᠦᠳᠡ᠎ᠶᠢᠨ ᠡᠮᠦᠨᠡᠬᠢ 09:00 —12:00᠂ ᠦᠳᠡ᠎ᠶᠢᠨ ᠬᠣᠢᠨᠠᠬᠢ 14:30 —17:30

ᠬᠥᠯᠢᠶᠡᠨ ᠠᠪᠴᠤ ᠰᠢᠢᠳᠪᠦᠷᠢᠯᠡᠬᠦ ᠤᠲᠠᠰᠤ᠄

0471- 4868104  0471- 4866931


ᠢᠷᠡᠯᠲᠡ᠄   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠬᠦᠷᠢᠶᠡᠯᠡᠩ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号