ᠪᠣᠷᠣᠭᠠᠨ᠎ᠤ ᠨᠥᠯᠥᠭᠡ᠎ᠪᠡᠷ ᠬᠡᠰᠡᠭ ᠭᠠᠯᠲᠤ ᠲᠡᠷᠭᠡ ᠵᠣᠭᠰᠣᠪᠠ
2026-07-22 17:13:35
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠥᠪ ᠲᠧᠯᠸᠢᠰ᠎ᠦᠨ ᠰᠣᠨᠢᠨ ᠮᠡᠳᠡᠭᠡ ᠵᠢᠨ ᠰᠤᠷᠪᠤᠯᠵᠢᠯᠠᠭ᠍ᠴᠢ ᠤᠯᠤᠰ᠎ᠤᠨ ᠲᠡᠮᠦᠷ ᠵᠠᠮ ᠎ᠤᠨ ᠪᠡᠭᠡᠵᠢᠩ᠎ᠦᠨ ᠲᠣᠪᠴᠢᠶ᠎ᠠ᠎ᠡᠴᠠ ᠣᠢᠯᠠᠭᠠᠭᠰᠠᠨ᠎ᠢᠶᠠᠷ᠂ ᠪᠡᠭᠡᠵᠢᠩ ᠲᠢᠶᠠᠨᠵᠢᠨ ᠾᠧᠪᠧᠢ᠎ᠶᠢᠨ ᠬᠡᠰᠡᠭ ᠭᠠᠵᠠᠷ ᠣᠷᠣᠨ᠎ᠳᠤ ᠰᠢᠷᠦᠭᠦᠨ ᠪᠣᠷᠣᠭᠠᠨ ᠣᠷᠣᠭᠰᠠᠨ᠎ᠤ ᠨᠥᠯᠥᠭᠡ᠎ᠪᠡᠷ᠂ ᠡᠨᠡ ᠡᠳᠦᠷ ᠲᠡᠮᠦᠷ ᠵᠠᠮ᠎ᠤᠨ ᠰᠠᠯᠠᠭ᠎ᠠ ᠮᠥᠴᠢᠷ ᠪᠡᠭᠡᠵᠢᠩ᠎ᠡᠴᠡ ᠱᠠᠨ ᠰᠢ᠎ᠶᠢᠨ ᠶᠤᠸᠠᠨ ᠫᠢᠩ᠂ ᠥᠪᠥᠷ ᠮᠣᠩᠭᠣᠯ᠎ᠤᠨ ᠲᠦᠩᠯᠢᠶᠣᠣ᠂ ᠾᠧᠪᠧᠢ᠎ᠶᠢᠨ ᠴᠧᠩᠳ᠋ᠸ ᠬᠦᠷᠬᠦ; ᠱᠠᠨ ᠰᠢ᠎ᠶᠢᠨ ᠶᠠᠩ ᠴᠢᠤᠸᠠᠨ ᠡᠴᠡ ᠾᠧᠪᠧᠢ᠎ᠶᠢᠨ ᠱᠧ ᠰᠢᠶᠠᠨ ᠬᠦᠷᠬᠦ; ᠾᠧᠪᠧᠢ᠎ᠶᠢᠨ ᠬᠠᠨᠳᠠᠨ᠎ᠠᠴᠠ ᠱᠠᠨ ᠰᠢ᠎ᠶᠢᠨ ᠴᠠᠩ ᡁᠢ ᠬᠦᠷᠬᠦ ᠵᠡᠷᠭᠡ ᠠᠭᠤᠯᠠᠷᠬᠠᠭ ᠣᠷᠣᠨ᠎ᠤ ᠡᠩ᠎ᠦᠨ ᠬᠤᠷᠳᠤᠴᠠᠲᠤ ᠲᠡᠮᠦᠷ ᠵᠠᠮ᠎ᠤᠨ ᠬᠡᠰᠡᠭ ᠠᠶᠠᠨᠴᠢᠳ᠎ᠤᠨ ᠭᠠᠯᠲᠦ ᠲᠡᠷᠭᠡ ᠵᠢᠴᠢ ᠪᠡᠭᠡᠵᠢᠩ᠎ᠤᠨ ᠬᠣᠲᠠ᠎ᠶᠢᠨ ᠲᠡᠭᠦᠷᠭᠡ ᠵᠢᠨ S2 ᠱᠤᠭᠤᠮ᠂ ᠬᠤᠸᠠᠢ ᠷᠧᠦ᠎ᠡᠴᠡ ᠮᠢ ᠶᠦᠨ ᠬᠦᠷᠬᠦ᠂ ᠲᠦᠩᠵᠸᠦ᠎ᠡᠴᠡ ᠮᠢ ᠶᠦᠨ ᠬᠦᠷᠬᠦ ᠵᠡᠷᠭᠡ ᠱᠤᠭᠤᠮ᠎ᠤᠨ ᠬᠡᠰᠡᠭ ᠠᠶᠠᠨᠴᠢᠳ᠎ᠤᠨ ᠭᠠᠯᠲᠦ ᠲᠡᠷᠭᠡ᠎ᠳᠦ ᠲᠦᠷ ᠴᠠᠭ ᠵᠦᠭᠡᠭᠡᠪᠦᠷᠢᠯᠡᠬᠦ᠎ᠪᠡᠨ ᠵᠣᠭᠰᠣᠬᠤ ᠠᠷᠭ᠎ᠠ ᠬᠡᠮᠵᠢᠶ᠎ᠡ ᠠᠪᠴᠠᠢ᠃

ᠠᠶᠠᠨᠴᠢᠳ ᠪᠣᠳᠠᠲᠠᠢ ᠮᠡᠳᠡᠭᠡ ᠵᠠᠩᠭᠢ᠎ᠶᠢ ᠲᠡᠮᠦᠷ ᠵᠠᠮ ᠎ᠤᠨ 12306 ᠰᠦᠯᠵᠢᠶ᠎ᠡ ᠪᠠ ᠰᠢᠯᠵᠢᠶ᠎ᠡ᠎ᠡᠴᠡ ᠠᠰᠠᠭᠤᠨ ᠯᠠᠪᠯᠠᠬᠤ ᠪᠤᠶᠤ ᠭᠠᠯᠲᠤ ᠲᠡᠷᠭᠡᠨ ᠥᠷᠲᠡᠭᠡᠨ᠎ᠦ ᠠᠯᠪᠠᠨ ᠵᠠᠷᠯᠠᠯ ᠎ᠢ ᠠᠩᠬᠠᠷᠴᠤ ᠪᠣᠯᠣᠨ᠎ᠠ᠃ ᠵᠦᠭᠡᠭᠡᠪᠦᠷᠢᠯᠡᠬᠦ᠎ᠪᠡᠨ ᠵᠣᠭᠰᠣᠭᠰᠠᠨ ᠭᠠᠯᠲᠤ ᠲᠡᠷᠭᠡᠨ᠎ᠦ ᠪᠢᠯᠧᠲ᠎ᠢ ᠨᠢᠭᠡᠨᠲᠡ ᠬᠤᠳᠠᠯᠳᠤᠨ ᠠᠪᠤᠭᠰᠠᠨ ᠠᠶᠠᠨᠴᠢᠳ ᠲᠡᠷᠭᠡᠨ ᠪᠢᠯᠧᠲ᠎ᠲᠡᠭᠡᠷᠡᠬᠢ ᠥᠷᠲᠡᠭᠡᠨ᠎ᠡᠴᠡ ᠬᠦᠳᠡᠯᠬᠦ ᠡᠳᠦᠷ᠎ᠡᠴᠡ ᠡᠬᠢᠯᠡᠨ 30 ᠡᠳᠦᠷ᠎ᠦᠨ ᠳᠣᠲᠣᠷ᠎ᠠ ᠰᠦᠢᠳᠬᠡᠯ ᠬᠤᠷᠢᠶᠠᠬᠤ ᠦᠭᠡᠢ᠎ᠪᠡᠷ ᠪᠢᠯᠧᠲ ᠪᠤᠴᠠᠭᠠᠬᠤ ᠭᠠᠷᠳᠠᠮ ᠭᠦᠢᠴᠡᠳᠬᠡᠵᠦ ᠪᠣᠯᠣᠨ᠎ᠠ᠃


ᠢᠷᠡᠯᠲᠡ᠄  ᠦᠪᠦᠷ ᠮᠤᠨᠭᠭᠤᠯ᠎ᠤᠨ ᠡᠳᠦᠷ᠎ᠤᠨ ᠰᠤᠨᠢᠨ᠎ᠤ ᠵᠢᠷᠬᠢᠶ᠎ᠡ

 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号