ᠲᠦᠷᠦᠭᠦᠬᠡᠨ ᠰᠤᠷᠪᠤᠯᠵᠢᠯᠠᠭᠴᠢ ᠤᠯᠠᠭᠠᠨᠬᠠᠳᠠ ᠬᠤᠳᠠ᠎ᠶ᠋ᠢᠨ ᠯᠢᠨᠰᠢ ᠰᠢᠶᠠᠨ᠎ᠤ ᠭᠤᠷᠪᠠᠨ ᠠᠵᠤ ᠦᠢᠯᠡᠰ᠎ᠢ ᠠᠭᠤᠰᠤᠯᠴᠠᠭᠤᠯᠬᠤ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠤᠷᠢᠭ᠎ᠲᠤ᠌ ᠬᠦᠷᠬᠦ ᠳ᠋ᠤ᠂ ᠥᠪᠦᠷ ᠮᠣᠩᠭᠤᠯ᠎ᠤᠨ ᠪᠠᠢ ᠬᠤᠢ ᠱᠧᠩ ᠠᠮᠢᠳᠤ ᠪᠣᠳᠠᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ᠌ ᠺᠣᠮᠫᠠᠨᠢ᠎ᠶ᠋ᠢᠨ ᠪᠦᠬᠦ᠌ ᠠᠦ᠋ᠲ᠋ᠤᠴᠢᠯᠠᠭᠰᠠᠨ ᠡᠵᠡᠮᠳᠡᠯ᠎ᠤᠨ ᠲᠠᠰᠤᠬᠲᠤ᠌ ᠠᠵᠢᠯᠲᠠᠳ ᠳᠡᠯᠭᠡᠴᠡ᠎ᠪᠠᠷ ᠳᠠᠮᠵᠢᠨ ᠢᠰᠭᠡᠭᠴᠢ ᠵᠢᠨ ᠦᠢᠯᠡᠳᠪᠦᠷᠢᠯᠡᠯ᠎ᠤᠨ ᠱᠤᠭᠤᠮ᠎ᠤᠨ ᠡᠯ᠎ᠡ ᠭᠤᠭᠴᠤᠭᠠᠨ᠎ᠤ ᠠᠵᠢᠯᠯᠠᠭᠠᠨ ᠤ᠋ ᠪᠦᠬᠦ᠌ ᠶᠠᠪᠤᠴᠠ ᠵᠢ ᠬᠢᠨᠠᠨ ᠡᠵᠡᠮᠳᠡᠵᠦ᠍᠂ ᠳᠡᠯᠭᠡᠴᠡ ᠵᠢ ᠳᠤᠶᠢᠬᠤ᠎ᠳᠤ ᠢᠰᠭᠡᠭᠦᠷ᠎ᠤᠨ ᠳᠤᠯᠠᠭᠠᠨ᠎ᠤ ᠬᠡᠮᠵᠢᠶ᠎ᠡ᠂ ᠴᠢᠭᠢᠭ᠎ᠤᠨ ᠪᠠᠢᠳᠠᠯ ᠵᠡᠷᠭᠡ ᠡᠯ᠎ᠡ ᠵᠦᠢᠯ᠎ᠤ᠋ᠨ ᠪᠤᠯᠵᠤᠯᠳᠤ ᠳᠤᠭ᠎ᠠ ᠲᠡᠯᠭᠡᠴᠡ ᠲᠡᠬᠡᠷ᠎ᠠ ᠳᠤᠳᠤᠬᠠᠨ ᠢᠯᠠᠷᠠᠨ᠎ᠠ᠃ ᠦᠢᠯᠡᠳᠪᠦᠷᠢᠯᠡᠯ᠎ᠤᠨ ᠲᠠᠰᠤᠭ᠎ᠲᠤ᠌ ᠹᠷᠠᠨᠼᠢ᠎ᠶ᠋ᠢᠨ ᠷᠢᠷ ᠲᠡᠬᠢ ᠦᠢᠯᠡᠳᠪᠦᠷᠢ᠎ᠶ᠋ᠢᠨ ᠵᠠᠭᠤᠨ ᠵᠢᠯ᠎ᠤᠨ ᠢᠰᠬᠡᠬᠦ ᠮᠡᠷᠭᠡᠵᠢᠯ᠎ᠢ ᠠᠰᠢᠬᠯᠠᠭᠰᠠᠨ ᠢᠰᠭᠡᠭᠴᠢ ᠵᠢᠨ ᠦᠢᠯᠡᠳᠪᠦᠷᠢᠯᠡᠯ᠎ᠤᠨ ᠱᠤᠭᠤᠮᠪᠥᠬᠦ᠌ ᠬᠤᠷᠳᠤᠴᠠ᠎ᠪᠠᠷ ᠠᠵᠢᠯᠯᠠᠵᠤ᠂ ᠭᠦᠨ ᠬᠦᠷᠡᠩ ᠥᠩᠭᠡᠲᠡᠢ ᠰᠢᠬᠢᠷ᠎ᠤᠨ ᠪᠠᠯᠬᠤᠭᠤᠯᠠᠢᠪᠠᠷ ᠰᠢᠭᠤᠳ ᠦᠢᠯᠡᠳᠪᠦᠷᠢᠯᠡᠯ᠎ᠤᠨ ᠱᠤᠭᠤᠮ ᠲᠠᠮᠵᠢᠨ ᠰᠢᠬᠢᠷ ᠡᠴᠡ ᠪᠠᠨ ᠢᠰᠭᠡᠭᠴᠢ ᠪᠤᠯᠵᠤ ᠬᠤᠪᠢᠷᠠᠨ᠎ᠠ᠃
《2024 ᠣᠨ᠎ᠳᠤ ᠺᠣᠮᠫᠠᠨᠢ ᠵᠢ ᠯᠸᠰᠹᠤᠷᠲ ᠪᠦᠯᠦᠭᠯᠡᠯ ᠬᠤᠳᠠᠯᠳᠤᠨ ᠠᠪᠤᠭᠰᠠᠨ᠎ᠤ ᠳᠠᠷᠠᠭ᠎ᠠ ᠯᠸᠰᠹᠤᠷᠲ ᠪᠦᠯᠦᠭᠯᠡᠯ ᠤ᠋ᠨ ᠪᠦᠬᠦ᠌ ᠪᠥᠮᠪᠦᠷᠴᠡᠭᠲᠡᠬᠢ 80 ᠭᠠᠷᠤᠢ ᠦᠢᠯᠡᠳᠪᠦᠷᠢᠯᠡᠯ᠎ᠤᠨ ᠰᠠᠭᠤᠷᠢᠨ᠎ᠤ ᠨᠢᠭᠡ ᠪᠣᠯᠵᠠᠢ᠃ ᠣᠳᠤᠬᠠᠨ᠎ᠳᠤ ᠦᠢᠯᠡᠳᠪᠦᠷᠢ᠎ᠶ᠋ᠢᠨ ᠵᠢᠯ᠎ᠦᠨ ᠦᠢᠯᠡᠳᠪᠦᠷᠢᠯᠡᠯ᠎ᠤᠨ ᠴᠢᠳᠠᠪᠤᠷᠢ 15000 ᠲᠣᠨ᠎ᠳᠤ ᠬᠦᠷᠴᠦ᠍᠂ ᠮᠠᠨ᠎ᠤ ᠦᠢᠯᠡᠳᠭᠦᠨ ᠳᠤᠮᠳᠠᠳᠤ ᠤᠯᠤᠰ᠎ᠤᠨ ᠤᠮᠠᠷᠠᠳᠤ ᠣᠷᠤᠨ᠎ᠤ ᠵᠠᠬ᠎ᠠ ᠳᠡᠯᠭᠡᠭᠦᠷ ᠵᠢᠴᠢ ᠶᠠᠫᠤᠨ᠂ ᠺᠣᠷᠢᠶᠠ ᠵᠡᠷᠭᠡ ᠤᠯᠤᠰ᠎ᠤᠨ ᠳᠡᠭᠡᠳᠦ ᠲᠡᠰ᠎ᠦᠨ ᠪᠤᠤᠪᠤ ᠬᠢᠬᠦ ᠵᠠᠬ᠎ᠠ ᠳᠡᠯᠭᠡᠭᠦᠷ ᠲᠦ᠍ ᠰᠢᠭᠤᠳ ᠬᠠᠩᠭᠠᠵᠤ ᠪᠠᠢᠨ᠎ᠠ》 ᠭᠡᠵᠦ᠍ ᠥᠪᠦᠷ ᠮᠣᠩᠭᠤᠯ᠎ᠤᠨ ᠪᠠᠢ ᠬᠤᠢ ᠱᠧᠩ ᠠᠮᠢᠳᠤ ᠪᠣᠳᠠᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ᠌ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠬᠤᠸᠠᠩ ᠭᠦᠸᠧ ᠸᠧᠢ ᠲᠠᠨᠢᠯᠴᠠᠭᠤᠯᠪᠠ᠃
170 ᠭᠠᠷᠤᠢ ᠵᠢᠯ᠎ᠤᠨ ᠲᠡᠦᠬᠡ᠎ᠲᠠᠢ ᠹᠷᠠᠨᠼᠢ᠎ᠶ᠋ᠢᠨ ᠯᠸᠰᠹᠤᠷᠲ ᠪᠦᠯᠦᠭᠯᠡᠯ ᠪᠣᠯ ᠪᠦᠬᠦ᠌ ᠪᠥᠮᠪᠦᠷᠴᠡᠭ᠎ᠦᠨ ᠢᠰᠭᠡᠭᠴᠢ ᠵᠢᠨ ᠠᠵᠢᠯ ᠲᠥᠷᠦᠯ᠎ᠦᠨ ᠳᠠᠭᠠᠭᠤᠯᠤᠭᠴᠢ ᠠᠵᠤ ᠠᠬᠤᠢᠯᠠᠯ ᠪᠠᠢᠵᠤ᠂ ᠳᠡᠯᠡᠬᠡᠢ ᠳᠡᠭᠡᠷᠡᠬᠢ ᠭᠤᠷᠪᠠᠨ ᠪᠤᠤᠪᠤ ᠶ᠋ᠢᠨ ᠨᠢᠭᠡ᠎ᠨᠢ ᠯᠸᠰᠹᠤᠷᠲ᠎ᠦᠨ ᠢᠰᠭᠡᠭᠴᠢ ᠵᠢ ᠬᠡᠷᠡᠭᠯᠡᠵᠦ ᠪᠤᠢ᠃ 2020 ᠣᠨ᠎ᠳᠤ ᠯᠸᠰᠹᠤᠷᠲ ᠪᠦᠯᠦᠭᠯᠡᠯ ᠪᠠᠢ ᠬᠤᠢ ᠱᠧᠩ᠎ᠦᠨ 70% ᠵᠢᠨ ᠰᠲ᠋ᠤᠺ᠎ᠤᠨ ᠡᠷᠬᠡ᠎ᠶ᠋ᠢ ᠬᠤᠳᠠᠯᠳᠤᠨ ᠠᠪᠴᠤ᠌᠂ 2024 ᠣᠨ᠎ᠳᠤ ᠺᠤᠮᠫᠠᠨᠢ ᠵᠢ ᠬᠤᠳᠠᠯᠳᠤᠨ ᠠᠪᠴᠠᠢ᠃ ᠠᠩᠬ᠎ᠠ ᠬᠤᠳᠠᠯᠳᠤᠨ ᠠᠪᠤᠭᠰᠠᠨ᠎ᠠᠴᠠ ᠨᠠᠭᠠᠰᠢ ᠯᠸᠰᠹᠤᠷᠲ ᠪᠦᠯᠦᠭᠯᠡᠯ ᠨᠡᠶ᠋ᠢᠲᠡ 2.5 ᠳ᠋ᠦᠩᠰᠢᠭᠤᠷ ᠲᠥᠭᠦᠷᠢᠭ ᠤ᠋ᠨ ᠪᠡᠯᠡ ᠣᠷᠤᠭᠤᠯᠵᠤ᠂ ᠪᠠᠢ ᠬᠤᠢ ᠱᠧᠩ᠎ᠦᠨ ᠤᠤᠯ᠎ᠤᠨ ᠬᠠᠭᠤᠷᠠᠢ ᠢᠰᠬᠡᠭᠴᠢ ᠵᠢᠴᠢ ᠢᠰᠭᠡᠭᠴᠢ ᠡᠴᠡ ᠪᠤᠯᠪᠠᠰᠤᠷᠠᠭᠤᠯᠵᠤ ᠭᠠᠷᠭᠠᠭᠰᠠᠨ ᠪᠤᠳᠠᠰ᠎ᠤᠨ ᠦᠢᠯᠡᠳᠪᠦᠷᠢᠯᠡᠯ᠎ᠤᠨ ᠱᠤᠭᠤᠮ᠎ᠢ ᠥᠭᠡᠷᠡᠴᠢᠯᠡᠨ ᠲᠠᠰ ᠳᠡᠪᠰᠢᠭᠦᠯᠦᠭᠰᠡᠨ ᠪᠥᠭᠡᠳ ᠰᠤᠷᠭᠤᠭ ᠢᠰᠬᠡᠭᠴᠢ ᠵᠢᠨ ᠦᠢᠯᠡᠳᠪᠦᠷᠢᠯᠡᠯ᠎ᠤᠨ ᠱᠤᠭᠤᠮ ᠪᠠ ᠳᠠᠭᠠᠯᠲᠠ ᠦᠢᠯᠡᠳᠭᠦᠨ᠎ᠤ ᠦᠢᠯᠡᠳᠪᠦᠷᠢᠯᠡᠯ᠎ᠤᠨ ᠱᠤᠭᠤᠮ᠎ᠢ ᠰᠢᠨ᠎ᠡ᠎ᠪᠡᠷ ᠪᠦᠲᠦᠬᠡᠨ ᠪᠠᠶ᠋ᠢᠭᠤᠯᠵᠤ᠂ ᠰᠢᠬᠢᠷ᠎ᠦᠨ ᠠᠵᠤ ᠦᠢᠯᠡᠰ᠎ᠤᠨ ᠪᠥᠬᠦ᠌ ᠠᠵᠤ ᠦᠢᠯᠡᠰ᠎ᠤᠨ ᠬᠡᠯᠬᠢᠶᠡᠨ ᠳ᠋ᠡᠬᠢ ᠪᠢᠲᠡᠭᠦᠮᠵᠢ᠎ᠳᠤ ᠡᠷᠬᠢᠯᠲᠡ ᠵᠢ ᠪᠦᠷᠢᠯᠳᠦᠭᠦᠯᠦᠭᠰᠡᠨ ᠪᠠᠢᠨ᠎ᠠ᠃
《ᠣᠳᠤ ᠵᠢᠯ᠎ᠳᠤ 6000 ᠲᠣᠨ᠎ᠤ ᠬᠥᠯᠳᠡᠭᠡᠭᠰᠡᠨ ᠢᠰᠬᠡᠭᠴᠢ ᠵᠢᠨ ᠦᠢᠯᠡᠳᠪᠦᠷᠢᠯᠡᠯ᠎ᠤᠨ ᠱᠤᠭᠤᠮ᠎ᠤᠨ ᠪᠦᠲᠦᠭᠡᠨ ᠪᠠᠢᠭᠤᠯᠤᠯᠲᠠ ᠵᠢ ᠲᠦᠷᠭᠡᠳᠬᠡᠨ ᠠᠬᠢᠭᠤᠯᠵᠤ᠂ ᠲᠥᠬᠦᠭᠡᠷᠦᠮᠵᠢ ᠤᠭᠰᠠᠷᠠᠬᠤ ᠭᠤᠭᠴᠤᠭᠠᠨ᠎ᠳᠤ ᠤᠷᠤᠭᠠᠳ ᠪᠠᠢᠨ᠎ᠠ᠂ ᠵᠢᠱ᠌ᠢᠯᠲᠡ᠎ᠪᠠᠷ ᠡᠨᠡ ᠵᠢᠯ᠎ᠤᠨ 12 ᠰᠠᠷ᠎ᠠ᠎ᠳᠤ ᠠᠰᠢᠭᠯᠠᠯᠲᠠ᠎ᠳᠤ ᠣᠷᠤᠭᠤᠯᠤᠨ᠎ᠠ᠃ ᠪᠢᠳᠡ ᠤᠯᠠᠭᠠᠨᠬᠠᠳᠠ᠎ᠶ᠋ᠢᠨ ᠰᠠᠭᠤᠷᠢᠨ᠎ᠢ ᠯᠸᠰᠹᠤᠷᠲ ᠤ᠋ᠨ ᠠᠽᠢᠶ᠎ᠠ ᠲᠢᠪ ᠨᠣᠮᠤᠬᠠᠨ ᠳᠠᠯᠠᠢ᠎ᠶ᠋ᠢᠨ ᠣᠷᠤᠨ᠎ᠤ ᠭᠣᠤᠯ ᠦᠢᠯᠡᠳᠪᠦᠷᠢᠯᠡᠯ᠎ᠦᠨ ᠰᠠᠭᠤᠷᠢᠨ ᠪᠣᠯᠭᠠᠨ ᠪᠦᠲᠦᠬᠡᠨ ᠪᠠᠢᠭᠤᠯᠵᠤ᠂ ᠯᠸᠰᠹᠤᠷᠲ ᠤ᠋ᠨ ᠹᠷᠠᠨᠼᠢ ᠵᠢᠨ ᠷᠢᠷ ᠲᠡᠬᠢ ᠦᠢᠯᠡᠳᠪᠦᠷᠢ᠎ᠶ᠋ᠢᠨ ᠪᠦᠬᠦ᠌ ᠦᠢᠯᠡᠳᠪᠦᠷᠢᠯᠡᠯ᠎ᠤᠨ ᠴᠢᠳᠠᠪᠦᠷᠢ ᠵᠢᠠᠯᠬᠤᠮ ᠠᠯᠬᠤᠮ᠎ᠢᠶᠠᠷ ᠬᠦᠯᠢᠶᠡᠨ ᠠᠪᠬᠤ᠎ᠪᠠᠷ ᠲᠥᠯᠦᠪᠯᠡᠵᠦ᠍ ᠪᠠᠢᠨ᠎ᠠ》 ᠬᠡᠵᠤ ᠯᠸᠰᠹᠤᠷᠲ ᠪᠦᠯᠦᠭᠯᠡᠯ ᠤ᠋ᠨ ᠳᠤᠮᠳᠠᠳᠤ ᠤᠯᠤᠰ ᠲᠡᠬᠢ ᠶᠡᠷᠦᠩᠬᠡᠢ ᠵᠠᠬᠢᠷᠤᠯ ᠶᠠᠩ ᠬᠣᠩ ᠢᠯᠡᠷᠬᠡᠢᠯᠡᠪᠡ᠃
ᠯᠧᠰᠹᠤᠷᠲ ᠦᠢᠯᠡᠳᠪᠦᠷᠢᠯᠡᠯ᠎ᠦᠨ ᠱᠤᠭᠤᠮ ᠠᠯᠤᠰ ᠴᠠᠭᠠᠨᠠᠬᠢ ᠹᠷᠠᠨᠼᠢ᠎ᠶ᠋ᠢᠨ ᠷᠢᠷ ᠡᠴᠡ ᠤᠯᠠᠭᠠᠨᠬᠠᠳᠠ ᠳ᠋ᠤ 《ᠨᠤᠳᠤᠬᠰᠢᠬᠰᠠᠨ》 ᠨᠢ ᠭᠡᠨᠡᠳᠲᠡ᠎ᠶ᠋ᠢᠨ ᠶᠠᠪᠤᠳᠠᠯ ᠣᠭᠲᠤ᠌ ᠪᠢᠰᠢ᠃ ᠲᠡᠭᠡᠪᠡᠯ ᠶᠠᠭᠤᠨ᠎ᠳᠤ ᠤᠯᠠᠭᠠᠨᠬᠠᠳᠠ᠎ᠶ᠋ᠢ ᠰᠣᠩᠭᠤᠭᠰᠠᠨ ᠪᠣᠢ? ᠶᠠᠩ ᠬᠣᠩ᠄ 《ᠲᠤᠬᠠᠢ᠎ᠶ᠋ᠢᠨ ᠭᠠᠵᠠᠷ᠎ᠤᠨ ᠵᠠᠰᠠᠭ᠎ᠤᠨ ᠣᠷᠳᠤᠨ᠎ᠤ ᠰᠠᠭᠤᠷᠢ ᠲᠦᠬᠦᠭᠡᠷᠦᠮᠵᠢ ᠵᠢᠨ ᠪᠥᠲᠦᠭᠡᠨ ᠪᠠᠶ᠋ᠢᠭᠤᠯᠤᠯᠲᠠ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠢᠨ ᠲᠠᠯ᠎ᠠ᠎ᠪᠠᠷ ᠬᠢ ᠪᠥᠬᠦ᠌ ᠲᠠᠯ᠎ᠠ᠎ᠶ᠋ᠢᠨ ᠪᠠᠲᠤᠯᠠᠭ᠎ᠠ ᠪᠣᠯ ᠮᠠᠨ᠎ᠤ ᠡᠨᠳᠡ ᠨᠤᠳᠤᠭᠰᠢᠭᠰᠠᠨ ᠤ᠋ ᠦᠨᠳᠦᠰᠦᠨ ᠰᠢᠯᠲᠠᠭᠠᠨ ᠪᠤᠯᠤᠨ᠎ᠠ》 ᠬᠡᠵᠤ ᠰᠤᠷᠪᠤᠯᠵᠢᠯᠠᠭᠴᠢ᠎ᠳᠤ ᠬᠡᠯᠡᠭᠰᠡᠨ ᠪᠠᠢᠨ᠎ᠠ᠃
ᠯᠢᠨᠰᠢ ᠰᠢᠶᠠᠨ᠎ᠢ ᠢᠰᠬᠡᠬᠴᠢ ᠵᠢᠨ ᠠᠵᠤ ᠦᠢᠯᠡᠰ᠎ᠢ ᠬᠦᠭᠵᠢᠬᠦᠯᠬᠦ ᠪᠠᠢᠭᠠᠯᠢ᠎ᠶ᠋ᠢᠨ ᠦᠩ ᠰᠢᠮᠡᠯᠢᠭ ᠬᠥᠷᠦᠰᠦ ᠭᠡᠵᠦ ᠬᠡᠯᠡᠵᠦ ᠪᠣᠯᠤᠨ᠎ᠠ᠃ ᠲᠤᠬᠠᠢ᠎ᠶ᠋ᠢᠨ ᠭᠠᠵᠠᠷ᠎ᠤᠨ ᠭᠠᠩ ᠬᠠᠭᠤᠷᠠᠢ ᠪᠦᠭᠡᠳ ᠬᠦᠢᠲᠡᠨ ᠰᠡᠷᠢᠭᠦᠨ ᠥᠪᠡᠷᠮᠢᠴᠡ ᠠᠭᠤᠷ ᠠᠮᠢᠰᠭᠤᠯ᠎ᠨᠢ ᠢᠰᠭᠡᠭᠴᠢ ᠢᠰᠭᠡᠬᠦ᠌ ᠦᠢᠯᠡᠳᠪᠦᠷᠢᠯᠡᠯ᠎ᠦᠨ ᠮᠡᠷᠭᠡᠵᠢᠯ᠎ᠲᠡᠢ ᠨᠡᠢᠴᠡᠵᠦ᠍᠂ ᠦᠢᠯᠡᠳᠬᠦᠨ᠎ᠦ ᠶᠠᠰᠤ ᠴᠢᠨᠠᠷ᠎ᠢ ᠭᠦᠢᠴᠡᠳ ᠲᠣᠭᠲᠠᠪᠤᠷᠢᠵᠢᠭᠤᠯᠵᠤ ᠴᠢᠳᠠᠨ᠎ᠠ᠃ ᠡᠭᠦᠨ᠎ᠡᠴᠡ ᠭᠠᠳᠠᠨ᠎ᠠ᠂ ᠤᠯᠠᠭᠠᠨᠬᠠᠳᠠ᠎ᠠᠴᠠ ᠳᠤᠮᠳᠠᠳᠤ ᠤᠯᠤᠰ ᠤ᠋ᠨ ᠮᠦᠭᠳᠡᠨ ᠳ᠋ᠡᠬᠢ ᠲᠥᠪᠯᠡᠷᠡᠭᠰᠡᠨ ᠰᠠᠩ ᠬᠦᠷᠬᠦ ᠪᠠᠷᠠᠭᠠᠨ᠎ᠤ ᠭᠦᠢᠯᠭᠡᠭᠡ ᠵᠢᠨ ᠵᠠᠮ᠎ᠨᠢ ᠤᠢᠷ᠎ᠠ᠂ ᠥᠪᠡᠷ᠎ᠦᠨ ᠥᠷᠲᠡᠭ᠎ᠨᠢ ᠳᠣᠤᠷ᠎ᠠ ᠪᠠᠢᠵᠤ᠂ ᠠᠵᠤ ᠠᠬᠤᠢᠯᠠᠯ᠎ᠤᠨ ᠲᠡᠭᠡᠭᠡᠪᠦᠷᠢ᠎ᠶ᠋ᠢᠨ ᠵᠠᠷᠤᠳᠠᠯ᠎ᠢ ᠠᠷᠪᠢᠯᠠᠨ᠂ ᠡᠨᠡᠬᠦ᠌ ᠦᠢᠯᠡᠳᠪᠦᠷᠢᠯᠡᠯ᠎ᠦᠨ ᠱᠤᠭᠤᠮ᠎ᠤᠨ ᠤᠮᠠᠷᠠᠳᠤ ᠣᠷᠤᠨ ᠵᠢᠴᠢ ᠵᠡᠭᠦᠨ ᠠᠽᠢᠶ᠎ᠠ᠎ᠶ᠋ᠢᠨ ᠵᠠᠬ᠎ᠠ ᠳᠡᠯᠭᠡᠭᠦᠷ ᠲᠡᠬᠢ ᠥᠷᠢᠰᠦᠯᠳᠦᠬᠦ᠌ ᠬᠦᠴᠦᠨ᠎ᠢ ᠨᠡᠩ ᠨᠡᠮᠡᠭᠳᠡᠭᠦᠯᠵᠡᠢ᠃
ᠥᠪᠡᠷᠮᠢᠴᠡ ᠡᠬᠢ ᠪᠠᠶᠠᠯᠢᠭ᠎ᠤᠨ ᠳᠠᠪᠠᠭᠤᠯᠢᠭ᠎ᠨᠢ ᠲᠥᠷᠦᠯ ᠵᠦᠢᠯ᠎ᠢ ᠨᠠᠶ᠋ᠢᠳᠠᠪᠤᠷᠢᠵᠢᠭᠤᠯᠬᠤ᠎ᠳᠤ ᠰᠠᠭᠤᠷᠢᠪᠤᠯᠵᠤ᠂ ᠴᠢᠨᠠᠷ ᠰᠠᠶ᠋ᠢᠲᠠᠢ ᠥᠨᠳᠦᠷ ᠪᠦᠲᠦᠮᠵᠢᠲᠡᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨᠢ ᠠᠵᠤ ᠠᠬᠤᠶ᠋ᠢᠯᠠᠯ᠎ᠤᠨ ᠠᠯᠤᠰ ᠬᠡᠲᠦ᠎ᠶ᠋ᠢᠨ ᠬᠥᠭᠵᠢᠯᠲᠡ᠎ᠶ᠋ᠢ ᠪᠠᠲᠤᠯᠠᠨ᠎ᠠ᠃ ᠠᠵᠤ ᠠᠬᠤᠶ᠋ᠢᠯᠠᠯ᠎ᠤᠨ ᠡᠵᠡᠩᠨᠡᠯᠲᠡ ᠬᠥᠭᠵᠢᠯᠲᠡ᠎ᠶ᠋ᠢᠨ ᠳᠤᠮᠳᠠᠬᠢ ᠡᠯ᠎ᠡ ᠵᠦᠢᠯ᠎ᠤᠨ ᠬᠦᠴᠢᠷ ᠠᠰᠠᠭᠤᠳᠠᠯ᠎ᠳᠤ ᠴᠢᠭᠯᠡᠭᠦᠯᠦᠨ᠂ ᠬᠤᠲᠠ᠂ ᠰᠢᠶᠠᠨ ᠬᠤᠶᠠᠷ ᠱᠠᠲᠤᠨ᠎ᠤ ᠵᠠᠰᠠᠭ᠎ᠤᠨ ᠣᠷᠳᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠦᠷᠭᠦᠯᠵᠢᠯᠡᠨ ᠰᠢᠯᠢᠳᠡᠭᠵᠢᠭᠦᠯᠵᠦ᠍᠂ ᠬᠦᠷᠢᠶᠡᠯᠡᠩ ᠲᠣᠭᠤᠷᠢᠭ᠎ᠤᠨ ᠢᠵᠢ ᠪᠥᠷᠢᠳᠦᠭᠦᠯᠬᠦ᠌ ᠪᠠᠲᠤᠯᠠᠭ᠎ᠠ᠎ᠶ᠋ᠢ ᠲᠡᠭᠦᠯᠳᠡᠷᠵᠢᠭᠦᠯᠪᠠ᠃
ᠯᠸᠰᠹᠤᠷᠲ ᠤ᠋ᠨ 2.6 ᠲᠦᠮᠡᠨ ᠲᠣᠨ᠎ᠤ ᠰᠣᠷᠭᠤᠭ ᠢᠰᠬᠡᠭᠴᠢ ᠵᠢᠨ ᠲᠥᠷᠦᠯ ᠵᠦᠢᠯ᠎ᠢ ᠠᠬᠢᠭᠤᠯᠬᠤ ᠬᠤᠭᠤᠴᠠᠭᠠᠨ᠎ᠳᠤ ᠡᠯ᠎ᠡ ᠰᠠᠯᠠᠭ᠎ᠠ ᠮᠥᠴᠢᠷ ᠬᠠᠮᠵᠢᠯᠴᠠᠨ᠂ ᠬᠤᠯᠪᠤᠭᠠᠯᠠᠨ ᠬᠥᠳᠡᠯᠦᠯᠴᠡᠵᠦ᠍᠂ ᠬᠢᠨᠠᠨ ᠵᠥᠪᠰᠢᠶᠡᠷᠡᠬᠦ᠌ ᠪᠣᠭᠤᠮᠢ᠎ᠶ᠋ᠢ ᠡᠪᠳᠡᠨ᠂ ᠲᠥᠷᠦᠯ ᠵᠦᠢᠯ᠎ᠢ ᠲᠣᠰ ᠵᠢᠯ᠎ᠳᠤᠨᠢ ᠬᠢᠨᠠᠨ ᠵᠥᠪᠰᠢᠶᠡᠷᠡᠬᠦ᠂ ᠲᠣᠰ ᠵᠢᠯ᠎ᠳᠤᠨᠢ ᠠᠰᠢᠭᠯᠠᠯᠲᠠ᠎ᠳᠤ ᠣᠷᠤᠭᠤᠯᠬᠤ᠎ᠶ᠋ᠢ ᠪᠡᠶᠡᠯᠡᠭᠦᠯᠵᠡᠢ᠃ ᠬᠦᠷᠢᠶᠡᠯᠡᠩ ᠲᠣᠭᠤᠷᠢᠭ᠎ᠲᠦ 5G ᠵᠢ ᠪᠦᠷᠭᠦᠭᠦᠯᠦᠨ᠂ 10 ᠺᠢᠯᠤᠸᠠᠲ᠎ᠤᠨ ᠬᠤᠤᠰ ᠬᠡᠯᠬᠢᠶ᠎ᠡ ᠴᠠᠬᠢᠯᠭᠠᠨ ᠬᠠᠩᠭᠠᠬᠤ ᠰᠢᠰᠲᠧᠮ᠎ᠤᠨ ᠲᠠᠰ ᠳᠡᠪᠰᠢᠬᠦ᠎ᠶ᠋ᠢ ᠪᠡᠶᠡᠯᠡᠭᠦᠯᠵᠦ᠍᠂ ᠴᠠᠬᠢᠯᠭᠠᠨ ᠬᠠᠩᠭᠠᠯᠭ᠎ᠠ ᠲᠣᠭᠲᠠᠭᠤᠨ ᠪᠤᠰᠤ᠂ ᠳᠣᠬᠢᠶ᠎ᠠ ᠪᠠᠭᠤᠷᠠᠢ ᠵᠡᠷᠭᠡ ᠦᠢᠯᠡᠳᠪᠦᠷᠢᠯᠡᠯ᠎ᠤᠨ ᠬᠦᠴᠢᠷ ᠠᠰᠠᠭᠤᠳᠠᠯ᠎ᠢ ᠲᠦᠢᠯᠪᠤᠷᠢᠲᠠᠢ ᠰᠢᠢᠳᠪᠦᠷᠢᠯᠡᠵᠦ ᠦᠭᠪᠡ᠃ ᠪᠠᠰᠠ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ᠌ ᠡᠯ᠎ᠠ ᠵᠦᠢᠯ ᠤ᠋ᠨ ᠲᠦᠷᠦ᠎ᠶ᠋ᠢᠨ ᠪᠤᠳᠤᠯᠭ᠎ᠠ᠎ᠶ᠋ᠢ ᠤᠨᠢᠨ ᠳᠡᠭᠡᠷ᠎ᠡ᠎ᠨᠢ ᠨᠠᠶ᠋ᠢᠳᠠᠪᠤᠷᠢᠵᠢᠭᠤᠯᠵᠤ᠂ ᠤᠢᠷ᠎ᠠ᠎ᠶ᠋ᠢᠨ ᠲᠠᠪᠤᠨ ᠵᠢᠯ᠎ᠳᠤ ᠪᠠᠢ ᠬᠤᠢ ᠱᠧᠩ᠎ᠳᠤ ᠡᠯ᠎ᠡ ᠵᠦᠢᠯ᠎ᠤᠨ ᠲᠦᠷᠦᠯ ᠵᠦᠢᠯ᠎ᠤᠨ ᠳᠡᠮᠵᠢᠯᠭᠡ᠎ᠶ᠋ᠢᠨ ᠪᠡᠯᠡ ᠮᠥᠩᠭᠦ᠎ᠶ᠋ᠢ 700 ᠲᠦᠮᠡᠨ ᠲᠥᠭᠦᠷᠢᠭ᠎ᠡᠴᠡ ᠳᠡᠭᠡᠭᠰᠢ ᠤᠯᠵᠤ ᠦᠭᠴᠡᠢ᠃
ᠤᠯᠤᠰ ᠠᠯᠤᠰᠯᠠᠭᠰᠠᠨ ᠦᠢᠯᠡᠳᠪᠦᠷᠢᠯᠡᠯ᠎ᠤᠨ ᠱᠤᠭᠤᠮᠨᠢᠭᠡ ᠬᠤᠳᠠ᠎ᠶ᠋ᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ᠎ᠤᠨ ᠬᠤᠪᠢᠷᠠᠯᠲᠠ᠎ᠶ᠋ᠢ ᠭᠡᠷᠡᠴᠢᠯᠡᠪᠡ᠃ ᠣᠶ᠋ᠢᠷ᠎ᠠ᠎ᠶ᠋ᠢᠨ ᠵᠢᠯ᠎ᠤᠨ ᠲᠤᠷᠰᠢ᠂ ᠤᠯᠠᠭᠠᠨᠬᠠᠳᠠ ᠬᠤᠲᠠ 《ᠳᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠰᠢᠨ᠎ᠡ᠎ᠶ᠋ᠢ ᠡᠭᠦᠳᠬᠦ᠂ ᠬᠤᠷᠳᠤᠴᠠ᠎ᠶ᠋ᠢ ᠲᠦᠷᠭᠡᠳᠬᠡᠨ ᠦᠷ᠎ᠡ ᠪᠦᠲᠦᠮᠵᠢ᠎ᠶ᠋ᠢ ᠳᠡᠭᠡᠭᠰᠢᠯᠡᠭᠦᠯᠬᠦ ᠵᠢ ᠲᠠᠰᠤᠷᠠᠯᠲᠠ ᠦᠭᠡᠢ ᠠᠬᠢᠭᠤᠯᠤᠨ᠂ ᠬᠦᠴᠦᠨ ᠵᠦᠢᠯ᠎ᠤᠨ ᠪᠠᠲᠤᠯᠠᠭ᠎ᠠ ᠣᠨᠤᠪᠴᠢᠲᠠᠢ ᠪᠥᠭᠡᠳ ᠬᠦᠴᠦᠲᠡᠢ᠂ ᠬᠠᠤᠯᠢ ᠪᠡᠷ ᠵᠠᠰᠠᠬᠤ ᠬᠢᠨᠠᠯᠲᠠ ᠬᠠᠮᠢᠶᠠᠷᠤᠯᠲᠠ ᠡᠷᠬᠡ ᠲᠡᠭᠰᠢ ᠲᠥᠪ ᠭᠤᠤᠯᠴᠢ ᠪᠠᠶ᠋ᠢᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠡᠷ ᠵᠠᠰᠠᠬᠰᠠᠨ᠂ ᠳᠡᠯᠡᠬᠡᠶ᠋ᠢᠴᠢᠯᠡᠭᠰᠡᠨ ᠲᠡᠷᠢᠭᠦᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠢ ᠪᠥᠬᠦ᠌ ᠬᠦᠴᠦᠨ᠎ᠢᠶᠠᠷ ᠪᠦᠷᠢᠯᠳᠦᠭᠦᠯᠦᠭᠰᠡᠨ ᠪᠠᠢᠨ᠎ᠠ᠃
2026 ᠣᠨ᠎ᠤ 1 — 5 ᠰᠠᠷ᠎ᠠ᠎ᠳᠤ᠂ ᠤᠯᠠᠭᠠᠨᠬᠠᠳᠠ ᠬᠤᠲᠠ ᠤᠯᠤᠰ᠎ᠤᠨ ᠳᠣᠲᠤᠭᠠᠳᠤ ᠵᠢᠨ ᠣᠷᠤᠨ᠎ᠤ ᠭᠠᠳᠠᠨᠠᠬᠢ ᠪᠡᠯᠡ ᠮᠥᠩᠭᠦ᠎ᠶ᠋ᠢ 183.1 ᠳ᠋ᠦᠩᠰᠢᠭᠤᠷ ᠲᠥᠭᠦᠷᠢᠭ ᠣᠷᠤᠭᠤᠯᠤᠨ ᠠᠪᠴᠢᠷᠠᠵᠤ᠂ ᠣᠨ᠎ᠤ ᠬᠠᠷᠠᠯᠲᠠ᠎ᠶ᠋ᠢᠨ ᠵᠢᠡᠨ 27.6% ᠵᠢ ᠪᠡᠶᠡᠯᠡᠬᠦᠯᠵᠦ᠂ᠰᠢᠨ᠎ᠡ᠎ᠪᠠᠷ ᠵᠦᠪᠯᠡᠯᠴᠡᠭᠡᠷ ᠲᠣᠭᠲᠠᠭᠰᠠᠨ ᠲᠦᠷᠦᠯ ᠵᠦᠢᠯ 53 ᠪᠤᠯᠵᠤ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠲᠡᠷᠢᠭᠦᠨ᠎ᠳᠤ ᠣᠷᠤᠵᠠᠢ᠃
ᠤᠶᠠᠩᠭᠠᠲᠤ᠌ ᠮᠣᠳᠤ ᠲᠠᠷᠢᠵᠤ᠂ ᠭᠠᠷᠤᠳᠢ ᠰᠠᠭᠤᠬᠤ ᠵᠢ ᠬᠦᠯᠢᠶᠠᠨᠠᠮ᠃ ᠤᠯᠠᠭᠠᠨᠬᠠᠳᠠ ᠬᠤᠳᠠ ᠴᠢᠩ ᠰᠡᠳᠬᠢᠯ ᠵᠢᠡᠷ ᠦᠢᠯᠡᠴᠢᠯᠡᠵᠦ᠂ ᠬᠥᠭᠵᠢᠯᠲᠡ᠎ᠶ᠋ᠢ ᠠᠬᠢᠭᠤᠯᠤᠨ᠂ ᠠᠵᠤ ᠠᠬᠤᠶ᠋ᠢᠯᠠᠯ᠎ᠤᠨ ᠳᠤᠷᠠᠲᠠᠶ᠎ᠠ ᠨᠤᠳᠤᠬᠰᠢᠨ᠂ ᠰᠠᠨᠠᠭ᠎ᠠ ᠠᠮᠤᠷ ᠬᠥᠭᠵᠢᠬᠦ ᠵᠢ ᠠᠬᠢᠭᠤᠯᠵᠤ᠂ ᠬᠦᠴᠦᠨ᠎ᠢᠶᠠᠨ ᠲᠥᠪᠯᠡᠷᠡᠭᠦᠯᠦᠨ᠂ ᠴᠢᠨᠠᠷ ᠰᠠᠶ᠋ᠢᠲᠠᠢ ᠬᠥᠭᠵᠢᠯᠲᠡ᠎ᠶ᠋ᠢᠨ ᠴᠣ ᠰᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭᠯᠡᠵᠦ ᠪᠤᠢ᠃
[ᠰᠤᠷᠪᠤᠯᠵᠢᠯᠠᠭᠴᠢ᠎ᠶ᠋ᠢᠨ ᠡᠪᠦᠷ ᠲᠡᠮᠳᠡᠭᠯᠡᠯ]
ᠹᠷᠠᠨᠼᠢ᠎ᠶ᠋ᠢᠨ ᠷᠢᠷ ᠡᠴᠡ ᠳᠤᠮᠳᠠᠳᠤ ᠤᠯᠤᠰ᠎ᠤᠨ ᠤᠯᠠᠭᠠᠨᠬᠠᠳᠠ ᠬᠦᠷᠲᠡᠯ᠎ᠡ᠂ ᠵᠠᠭᠤᠨ ᠵᠢᠯ᠎ᠦᠨ ᠲᠡᠦᠬᠡ ᠲᠠᠢ ᠢᠰᠭᠡᠭᠴᠢ ᠵᠢᠨ ᠳᠤᠮᠤ ᠠᠵᠤ ᠠᠬᠤᠢᠯᠠᠯ ᠶᠠᠭᠤᠨ᠎ᠳᠤ ᠠᠽᠢᠶ᠎ᠠ ᠲᠢᠪ ᠨᠣᠮᠤᠬᠠᠨ ᠳᠠᠯᠠᠢ᠎ᠶ᠋ᠢᠨ ᠣᠷᠤᠨ᠎ᠤ ᠭᠣᠤᠯ ᠰᠠᠭᠤᠷᠢᠨ ᠵᠢᠡᠨ ᠪᠣᠭᠤᠮᠲᠠ᠎ᠶ᠋ᠢᠨ ᠭᠠᠳᠠᠨᠠᠬᠢ ᠵᠢᠵᠢᠭ ᠬᠣᠲᠠ᠎ᠳᠤ ᠨᠡᠭᠦᠯᠭᠡᠭᠰᠡᠨ ᠪᠤᠢ? ᠭᠡᠵᠦ ᠰᠤᠷᠪᠤᠯᠵᠢᠯᠠᠭᠴᠢ ᠰᠤᠷᠪᠤᠯᠵᠢᠯᠠᠭ᠎ᠠ ᠵᠢᠨ ᠶᠠᠪᠤᠴᠠ᠎ᠳᠤ ᠰᠤᠨᠢᠭᠤᠴᠢᠯᠠᠨ ᠠᠶᠤᠤᠯᠢᠬᠠᠢ ᠴᠡᠭᠡᠵᠢᠨ ᠳ᠋ᠡᠭᠡᠨ ᠠᠰᠠᠭᠤᠯᠲᠠ ᠲᠠᠯᠪᠢᠭᠰᠨᠨ ᠪᠢᠯᠡ᠃
ᠲᠡᠭᠡᠭᠡᠳ ᠯᠢᠨᠰᠢ ᠰᠢᠶᠠᠨ᠎ᠳᠤ ᠬᠦᠷᠦᠭᠡᠳ ᠰᠠᠶᠢ ᠳᠡᠭᠡᠷᠡᠬᠢ ᠠᠰᠠᠭᠤᠯᠲᠠ ᠵᠢᠨ ᠬᠠᠷᠢᠭᠤᠯᠲᠠ᠎ᠵᠢ ᠨᠢ ᠤᠯᠪᠠ᠃ ᠡᠨᠳᠡᠬᠢ ᠬᠠᠭᠤᠷᠠᠢ ᠬᠦᠢᠲᠡᠨ ᠠᠭᠤᠷ ᠠᠮᠢᠰᠭᠤᠯ ᠢᠰᠭᠡᠭᠴᠢ ᠵᠢᠨ ᠪᠠᠢᠭᠠᠯᠢ᠎ᠶ᠋ᠢᠨ 《ᠥᠯᠦᠭᠡᠢ》 ᠪᠠᠢᠵᠤ᠂ ᠳᠥᠭᠦᠮ ᠳᠥᠲᠡ ᠰᠠᠭᠠᠳ᠎ᠦᠭᠡᠢ ᠪᠠᠷᠠᠭᠠᠨ᠎ᠤ ᠭᠦᠢᠯᠭᠡᠭᠡ ᠵᠢᠨ ᠲᠣᠤᠷ ᠪᠣᠯ ᠠᠵᠤ ᠠᠬᠤᠢᠯᠠᠯ᠎ᠤᠨ ᠵᠠᠬ᠎ᠠ ᠳᠡᠯᠭᠡᠭᠦᠷ ᠵᠢᠡᠨ ᠨᠡᠭᠡᠭᠡᠬᠦ᠌ ᠪᠠᠲᠤ᠌ ᠰᠠᠭᠤᠷᠢ ᠪᠤᠯᠤᠨ᠎ᠠ᠃
ᠭᠡᠪᠡᠴᠦ᠍ ᠰᠡᠳᠬᠢᠯ᠎ᠢ ᠳᠣᠭᠳᠤᠯᠤᠭᠤᠯᠤᠭᠰᠠᠨ ᠨᠢ ᠨᠢᠳᠦᠨ ᠳ᠋ᠤ ᠦᠯᠦ ᠦᠵᠡᠭᠳᠡᠮ᠎ᠠ 《ᠵᠥᠭᠡᠯᠡᠨ ᠣᠷᠴᠢᠨ ᠲᠣᠭᠤᠷᠢᠨ》 — ᠲᠤᠬᠠᠢ᠎ᠶ᠋ᠢᠨ ᠵᠢᠯ᠎ᠳᠤᠨᠢ ᠬᠢᠨᠠᠨ ᠵᠥᠪᠰᠢᠶᠡᠷᠡᠭᠡᠳ ᠲᠤᠬᠠᠢ᠎ᠶ᠋ᠢᠨ ᠵᠢᠯ᠎ᠳᠤᠨᠢ ᠠᠰᠢᠭᠯᠠᠯᠲᠠ᠎ᠳᠤ ᠤᠷᠤᠭᠤᠯᠤᠭᠰᠠᠨ 《ᠤᠯᠠᠭᠠᠨᠬᠠᠳᠠ᠎ᠶ᠋ᠢᠨ ᠬᠤᠷᠳᠤᠴᠠ》᠂ ᠰᠡᠳᠬᠢᠯ ᠬᠠᠨᠤᠮᠵᠢᠲᠠᠢ ᠲᠠᠰ ᠲᠡᠪᠰᠢᠬᠦᠯᠦᠭᠰᠡᠨ ᠬᠤᠶᠠᠷ ᠬᠡᠯᠬᠢᠶ᠎ᠡ ᠴᠠᠬᠢᠯᠭᠠᠨ ᠬᠠᠩᠭᠠᠯᠭ᠎ᠠ᠂ ᠦᠢᠯᠡᠳᠪᠦᠷᠢᠯᠡᠯ ᠤ᠋ᠨ ᠤᠷᠤᠭᠰᠢᠳᠠᠢ ᠠᠵᠢᠯᠯᠠᠬᠤ ᠵᠢ ᠪᠠᠳᠤᠯᠠᠭᠰᠠᠨ 5G ᠳᠤᠬᠢᠶ᠎ᠠ᠂ 700 ᠭᠠᠷᠤᠢ ᠲᠦᠮᠡᠨ ᠲᠥᠭᠦᠷᠢᠭ᠎ᠤᠨ ᠬᠠᠯᠠᠭᠤᠨ ᠳᠡᠮᠵᠢᠯᠭᠡ ᠵᠢᠨ ᠪᠠᠯᠠ ᠮᠥᠩᠭᠦ ᠪᠤᠯᠬᠤ ᠶᠤᠮ᠃ ᠦᠢᠯᠡᠳᠪᠦᠷᠢᠯᠡᠯ᠎ᠦᠨ ᠱᠤᠭᠤᠮ᠎ᠤᠨ ᠠᠯᠤᠰ ᠲᠠᠯᠠᠢ ᠵᠢ ᠭᠠᠳᠤᠯᠤᠨ ᠨᠤᠳᠤᠬᠰᠢᠬᠰᠠᠨᠤ ᠠᠷᠤ ᠳ᠋ᠤ ᠨᠢᠭᠡ ᠬᠣᠲᠠ᠎ᠶ᠋ᠢᠨ 《ᠳᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡᠬᠠᠷᠠᠭᠳᠠᠨᠠ᠃
ᠰᠤᠷᠪᠤᠯᠵᠢᠯᠠᠭ᠎ᠠ ᠦᠨᠳᠦᠷᠯᠡᠬᠦᠦᠶᠡᠰ ᠡᠨᠡᠬᠦ ᠨᠡᠭᠦᠳᠡᠯ ᠦᠢᠯᠡᠳᠪᠦᠷᠢᠯᠡᠯ᠎ᠤᠨ ᠴᠢᠳᠠᠪᠤᠷᠢ᠎ᠶ᠋ᠢᠨ ᠳᠥᠭᠦᠮ ᠰᠢᠯᠵᠢᠯᠲᠡ ᠪᠢᠰᠢ᠂ ᠬᠠᠷᠢᠨ ᠡᠬᠢ ᠪᠠᠶᠠᠯᠢᠭ᠎ᠤᠨ ᠳᠠᠪᠠᠭᠤᠯᠢᠭ ᠪᠠ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠡᠴᠡ ᠪᠤᠯᠵᠤ᠂ ᠳᠡᠯᠡᠬᠡᠢ᠎ᠶ᠋ᠢᠨ ᠢᠰᠬᠡᠭᠴᠢ ᠵᠢᠨ ᠳᠤᠮᠤ ᠠᠵᠤ ᠠᠬᠤᠢᠯᠠᠯ ᠡᠨᠳᠡ ᠦᠨᠳᠦᠰᠤ ᠬᠠᠳᠭᠤᠨ ᠨᠤᠳᠤᠭᠰᠢᠯ᠎ᠠ ᠭᠡᠳᠡᠭ ᠲᠦᠷᠦᠭᠳᠡᠯ ᠤᠷᠤᠭᠰᠠᠨ ᠪᠠᠢᠨ᠎ᠠ᠃