ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠡᠴᠡ ᠤᠢᠯᠠᠭᠠᠭᠰᠠᠨ ᠢ᠋ᠢᠡᠷ᠂ ᠣᠶ᠋ᠢᠷᠠᠳᠤ ᠥᠪᠥᠷ ᠮᠣᠩᠭᠣᠯ 《 ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠵᠠᠮ ᠬᠠᠷᠢᠯᠴᠠᠭ᠎ᠠ ᠡᠳ᠋ ᠪᠠᠷᠠᠭᠠᠨ ᠤ᠋ ᠭᠦᠢᠯᠭᠡᠭᠡᠨ ᠤ᠋ ᠲᠥᠪ ᠤ᠋ᠨ ᠪᠥᠲᠥᠭᠡᠨ ᠪᠠᠶ᠋ᠢᠭᠤᠯᠤᠯᠲᠠ ᠢ᠋ᠢᠨ ᠠᠵᠢᠯ ᠤ᠋ᠨ ᠲᠥᠰᠦᠯ (2026 — 2028 ᠣᠨ)》 (ᠲᠤᠤᠷ᠎ᠠ 《ᠲᠦᠰᠦᠯ》 ᠬᠡᠵᠤ ᠲᠤᠪᠴᠢᠯᠠᠨ᠎ᠠ) ᠢ᠋ ᠳᠠᠷᠤᠮᠠᠯᠯᠠᠨ ᠲᠠᠷᠬᠠᠭᠠᠵᠤ᠂ ᠣᠶᠤᠨᠴᠢᠯᠠᠭᠰᠠᠨ᠂ ᠪᠣᠰᠣᠭ᠎ᠠ ᠴᠣᠭᠴᠠᠲᠤ᠌᠂ ᠥᠨᠳᠥᠷ ᠪᠦᠲᠦᠮᠵᠢᠲᠡᠶ ᠪᠥᠭᠡᠳ ᠰᠠᠭᠠᠳ ᠥᠬᠡᠶ ᠨᠡᠪᠲᠡᠷᠡᠬᠦ᠌ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠡᠳ᠋ ᠪᠠᠷᠠᠭᠠᠨ ᠤ᠋ ᠭᠦᠢᠯᠭᠡᠭᠡᠨ ᠤ᠋ ᠵᠣᠬᠢᠶᠠᠨ ᠪᠠᠶ᠋ᠢᠭᠤᠯᠤᠯᠲᠠ ᠢ᠋ᠢᠨ ᠰᠢᠰᠲ᠋ᠧᠮ ᠢ᠋ᠪᠠᠶ᠋ᠢᠭᠤᠯᠬᠤ ᠪᠡᠷ ᠬᠠᠷᠠᠯᠲᠠ ᠪᠣᠯᠭᠠᠨ᠂ ᠣᠷᠣᠨ ᠪᠦᠰᠡ ᠢ᠋ᠢᠨ ᠴᠢᠨᠠᠷᠲᠠᠶ ᠣᠯᠠᠨ ᠤᠯᠤᠰ ᠤ᠋ᠨ ᠵᠠᠮ ᠬᠠᠷᠢᠯᠴᠠᠭ᠎ᠠ ᠡᠳ᠋ ᠪᠠᠷᠠᠭᠠᠨ ᠤ᠋ ᠭᠦᠢᠯᠭᠡᠭᠡᠨ ᠤ᠋ ᠲᠥᠪ ᠢ᠋ ᠬᠦᠴᠦᠯᠡᠨ ᠪᠠᠶ᠋ᠢᠭᠤᠯᠵᠤ᠂ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠴᠢᠨᠠᠷ ᠰᠠᠶ᠋ᠢᠲᠠᠶ ᠬᠥᠭᠵᠢᠯᠲᠡ ᠳ᠋ᠤ ᠬᠦᠴᠦᠨ ᠨᠡᠮᠡᠷᠢᠯᠡᠨ᠎ᠡ ᠭᠡᠵᠦ᠍ ᠲᠣᠳᠣᠷᠬᠠᠶ᠋ᠢᠯᠠᠪᠠ᠃
《ᠲᠥᠰᠦᠯ》 ᠳ᠋ᠤ᠂ ᠥᠪᠥᠷ ᠮᠣᠩᠭᠣᠯ 《ᠣᠯᠠᠨ ᠤᠯᠤᠰ + ᠤᠯᠤᠰ ᠤ᠋ᠨ ᠳᠣᠲᠣᠭᠠᠳᠤ》 ᠢ᠋ᠢᠨ ᠬᠤᠤᠰ ᠴᠢᠭᠯᠡᠯᠲᠤ ᠰᠠᠭᠠᠳ ᠥᠬᠡᠶ ᠨᠡᠪᠲᠡᠷᠡᠬᠦ᠌ ᠶᠡᠷᠦᠩᠬᠡᠶ᠋ᠢᠯᠡᠭᠰᠡᠨ ᠡᠳ᠋ ᠪᠠᠷᠠᠭᠠᠨ ᠤ᠋ ᠭᠦᠢᠯᠭᠡᠭᠡ ᠢ᠋ᠢᠨ ᠨᠡᠪᠲᠡᠷᠡᠯ ᠵᠠᠮ ᠤ᠋ᠨ ᠲᠤᠤᠷ ᠢ᠋ ᠪᠠᠶ᠋ᠢᠭᠤᠯᠵᠤ᠂ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠭᠤᠷᠪᠠᠨ ᠶᠡᠬᠡ ᠬᠡᠰᠡᠭ ᠤ᠋ᠨ ᠵᠦᠷᠢᠶᠡᠴᠢᠯᠡᠭᠰᠡᠨ᠂ ᠤᠨᠴᠠᠯᠢᠬᠵᠢᠭᠰᠠᠨ ᠬᠥᠭᠵᠢᠯᠲᠡ ᠢ᠋ᠢ ᠠᠬᠢᠭᠤᠯᠵᠤ᠂ ᠳᠣᠲᠣᠭᠠᠳᠤ ᠳᠠᠭᠠᠨ ᠬᠣᠯᠪᠣᠯᠳᠤᠨ ᠭᠠᠳᠠᠭᠰᠢ ᠨᠡᠪᠲᠡᠷᠡᠭᠰᠡᠨ᠂ ᠪᠥᠬᠥ᠌ ᠣᠷᠣᠨ ᠪᠦᠰᠡ ᠢ᠋ᠢ ᠬᠠᠮᠤᠷᠤᠭᠰᠠᠨ ᠣᠳᠣᠬᠢᠴᠢᠯᠠᠭᠰᠠᠨ ᠡᠳ᠋ ᠪᠠᠷᠠᠭᠠᠨ ᠤ᠋ ᠭᠦᠢᠯᠭᠡᠭᠡ ᠢ᠋ᠢᠨ ᠰᠢᠰᠲ᠋ᠧᠮ ᠢ᠋ ᠪᠠᠶ᠋ᠢᠭᠤᠯᠵᠤ᠂ ᠡᠯ᠎ᠡ ᠲᠥᠷᠥᠯ ᠤ᠋ᠨ ᠲᠡᠭᠡᠭᠡᠪᠦᠷᠢ ᠢ᠋ᠢᠨ ᠠᠷᠭ᠎ᠠ ᠬᠡᠯᠪᠡᠷᠢ ᠢ᠋ᠢ ᠵᠠᠪᠰᠠᠷ ᠥᠬᠡᠶ ᠵᠣᠯᠭᠠᠭᠤᠯᠵᠤ᠂ ᠡᠳ᠋ ᠪᠠᠷᠠᠭᠠᠨ ᠤ᠋ ᠭᠦᠢᠯᠭᠡᠭᠡ ᠢ᠋ᠢᠨ ᠡᠬᠢ ᠪᠠᠶᠠᠯᠢᠭ ᠢ᠋ ᠥᠨᠳᠥᠷ ᠪᠦᠲᠦᠮᠵᠢᠲᠡᠶ ᠬᠠᠮᠵᠢᠯᠴᠠᠭᠤᠯᠤᠨ᠎ᠠ; ᠪᠣᠭᠣᠮᠲᠠ ᠪᠡᠷ ᠥᠩᠭᠡᠷᠡᠬᠦᠯᠬᠦ ᠦᠢᠯᠡᠴᠢᠯᠡᠭᠡ ᠢ᠋ᠢ ᠦᠷᠭᠦᠯᠵᠢᠯᠡᠨ ᠰᠢᠯᠢᠳᠡᠭᠵᠢᠭᠦᠯᠵᠦ᠍᠂ ᠪᠣᠭᠣᠮᠲᠠ ᠪᠡᠷ ᠥᠩᠭᠡᠷᠡᠬᠦᠯᠬᠦ ᠳᠡᠰ ᠳᠠᠷᠠᠭᠠᠯᠠᠯ ᠢ᠋ ᠴᠣᠮᠬᠠᠳᠬᠠᠨ᠂ ᠪᠣᠭᠣᠮᠲᠠ ᠪᠡᠷ ᠥᠩᠭᠡᠷᠡᠬᠦ᠌ ᠭᠣᠭᠴᠣᠭ᠎ᠠ ᠢ᠋ᠢ ᠪᠠᠭᠠᠰᠬᠠᠵᠤ᠂ ᠣᠯᠠᠨ ᠤᠯᠤᠰ ᠤ᠋ᠨ ᠨᠡᠢᠳᠡᠮ ᠬᠡᠷᠡᠭᠯᠡᠬᠦ ᠪᠣᠭᠣᠮᠲᠠ ᠪᠡᠷ ᠥᠩᠭᠡᠷᠡᠬᠦᠯᠬᠦ ᠬᠢᠨᠠᠯᠲᠠ ᠬᠠᠮᠢᠶᠠᠷᠤᠯᠲᠠ ᠢ᠋ᠢᠨ ᠰᠢᠰᠲ᠋ᠧᠮ ᠢ᠋ ᠪᠠᠶ᠋ᠢᠭᠤᠯᠤᠨᠠ; ᠣᠯᠠᠨ ᠬᠡᠯᠪᠡᠷᠢ ᠢ᠋ᠢᠨ ᠬᠠᠮᠲᠤᠷᠠᠭᠰᠠᠨ ᠲᠡᠭᠡᠭᠡᠪᠦᠷᠢ ᠢ᠋ᠢᠨ 《ᠨᠢᠭᠡ ᠬᠠᠭᠤᠳᠠᠰᠤ ᠢ᠋ᠢᠨ ᠲᠦᠷᠢᠮ》᠂ 《ᠨᠢᠭᠡ ᠴᠢᠩᠬᠡᠯᠢᠭ ᠤ᠋ᠨ ᠲᠦᠷᠢᠮ》 ᠢ᠋ ᠳᠡᠯᠭᠡᠷᠡᠭᠦᠯᠵᠦ᠍᠂ ᠲᠡᠭᠡᠭᠡᠪᠦᠷᠢ ᠢ᠋ᠢᠨ ᠬᠣᠯᠪᠣᠭᠠᠯᠠᠨ ᠬᠥᠳᠡᠯᠦᠯᠴᠡᠬᠦ᠌ ᠬᠦᠴᠦᠨ ᠢ᠋ ᠳᠡᠭᠡᠭᠰᠢᠯᠡᠭᠦᠯᠦᠨ᠂ ᠬᠥᠬᠡᠬᠣᠲᠠ ᠢ᠋ᠢᠨ ᠬᠡᠰᠡᠭ ᠲᠦ᠍ ᠣᠯᠠᠨ ᠤᠯᠤᠰ ᠤ᠋ᠨ ᠰᠢᠤᠳᠠᠨ ᠤ᠋ ᠲᠦᠷᠭᠡᠨ ᠬᠦᠷᠭᠡᠯᠲᠡ ᠢ᠋ᠢᠨ ᠬᠦᠢᠰᠤ ᠢ᠋ᠢ ᠪᠦᠳᠦᠬᠡᠨ ᠪᠠᠶ᠋ᠢᠭᠤᠯᠬᠤ ᠢ᠋ᠢᠨ ᠬᠠᠮᠲᠤ᠌ ᠵᠢᠯᠣᠭᠣᠴᠢ ᠥᠬᠡᠶ ᠲᠡᠷᠭᠡᠨ ᠠᠩᠭᠢ᠂ ᠵᠢᠯᠣᠭᠣᠴᠢ ᠥᠬᠡᠶ ᠬᠥᠮᠥᠷᠭᠡ ᠵᠡᠷᠭᠡ ᠣᠶᠤᠨᠴᠢ ᠡᠳ᠋ ᠪᠠᠷᠠᠭᠠᠨ ᠤ᠋ ᠭᠦᠢᠯᠭᠡᠭᠡ ᠢ᠋ᠢᠨ ᠲᠥᠬᠥᠭᠡᠷᠦᠮᠵᠢ ᠢ᠋ᠢ ᠬᠡᠪᠴᠢᠶᠡᠵᠢᠭᠦᠯᠦᠨ ᠨᠠᠶ᠋ᠢᠳᠠᠪᠤᠷᠢᠵᠢᠭᠤᠯᠵᠤ᠂ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠤ᠋ ᠵᠠᠮ ᠬᠠᠷᠢᠯᠴᠠᠭ᠎ᠠ ᠡᠳ᠋ ᠪᠠᠷᠠᠭᠠᠨ ᠤ᠋ ᠭᠦᠢᠯᠭᠡᠭᠡ ᠢ᠋ᠢᠨ ᠬᠦᠷᠢᠶᠡᠨ ᠳ᠋ᠡᠬᠢ ᠬᠡᠷᠡᠭᠯᠡᠯᠲᠡ ᠢ᠋ᠢ ᠭᠦᠨᠵᠡᠭᠡᠶ᠋ᠢᠷᠡᠭᠦᠯᠦᠨᠡ ᠭᠡᠵᠤ ᠳᠤᠷᠠᠳᠴᠠᠢ᠃
ᠤᠢᠯᠠᠭᠠᠭᠰᠠᠨ ᠵᠢᠡᠷ᠂ ᠮᠠᠨ ᠤ᠋ ᠤᠷᠤᠨ ᠲᠡᠮᠦᠷ ᠵᠠᠮ᠂ ᠵᠠᠰᠠᠮᠠᠯ ᠵᠠᠮ᠂ ᠠᠭᠠᠷ ᠤ᠋ᠨ ᠠᠶᠠᠯᠠᠯ ᠤ᠋ᠨ ᠭᠤᠤᠯᠯᠠᠬᠤ ᠲᠤᠤᠷ ᠤ᠋ᠨ ᠪᠠᠶ᠋ᠢᠷᠢᠰᠢᠭᠤᠯᠤᠯᠲᠠ ᠢ᠋ᠢ ᠨᠢᠭᠡᠳᠦᠯᠲᠡᠶ ᠲᠦᠯᠦᠪᠵᠢᠭᠦᠯᠵᠤ᠂ ᠬᠠᠷᠢᠯᠴᠠᠨ ᠨᠥᠬᠥᠪᠥᠷᠢᠯᠡᠭᠰᠡᠨ᠂ ᠳᠣᠲᠣᠭᠠᠳᠤ ᠭᠠᠳᠠᠭᠠᠳᠤᠯᠤᠭᠠ ᠨᠡᠪᠲᠡᠷᠡᠭᠰᠡᠨ ᠶᠡᠷᠦᠩᠬᠡᠶ᠋ᠢᠯᠡᠭᠰᠡᠨ ᠲᠡᠭᠡᠭᠡᠪᠦᠷᠢ ᠢ᠋ᠢᠨ ᠰᠢᠰᠲ᠋ᠧᠮ ᠢ᠋ ᠪᠠᠶ᠋ᠢᠭᠤᠯᠤᠨᠠ᠃ ᠣᠷᠣᠨ ᠪᠠᠶ᠋ᠢᠷᠢ ᠬᠢᠭᠡᠳ ᠠᠵᠤ ᠦᠢᠯᠡᠰ ᠤ᠋ᠨ ᠳᠠᠪᠠᠭᠤᠯᠢᠭ ᠲᠤ᠌ ᠠᠩᠬᠠᠷᠤᠯ ᠢ᠋ᠢᠡᠨ ᠲᠥᠪᠯᠡᠷᠡᠭᠦᠯᠵᠦ᠍᠂ ᠬᠥᠬᠡᠬᠣᠲᠠ ᠢ᠋ᠢᠨ ᠠᠷᠠᠯᠵᠢᠶ᠎ᠠ ᠬᠤᠳᠠᠯᠳᠤᠭᠠᠨ ᠤ᠋ ᠦᠢᠯᠡᠴᠢᠯᠡᠭᠡᠨ ᠤ᠋ ᠬᠡᠯᠪᠡᠷᠢ᠂ ᠡᠬᠡ ᠬᠠᠭᠤᠷᠠᠶ ᠢ᠋ᠢᠨ ᠭᠠᠷᠠᠮ ᠤ᠋ᠨ ᠬᠡᠯᠪᠡᠷᠢ ᠵᠢᠴᠢ ᠮᠠᠨᠵᠤᠤᠷ᠂ ᠡᠷᠢᠶᠡᠨ ᠬᠣᠲᠠ ᠢ᠋ᠢᠨ ᠡᠬᠡ ᠬᠠᠭᠤᠷᠠᠶ ᠢ᠋ᠢᠨ ᠬᠢᠯᠢ ᠢ᠋ᠢᠨ ᠪᠣᠭᠣᠮᠲᠠ ᠢ᠋ᠢᠨ ᠬᠡᠯᠪᠡᠷᠢ ᠢ᠋ᠢᠨ ᠤᠯᠤᠰ ᠤ᠋ᠨ ᠡᠳ᠋ ᠪᠠᠷᠠᠭᠠᠨ ᠤ᠋ ᠭᠦᠢᠯᠭᠡᠭᠡ ᠢ᠋ᠢᠨ ᠬᠦᠢᠰᠤ ᠢ᠋ᠢ ᠭᠤᠤᠯᠳᠠᠯᠭ᠎ᠠ ᠲᠠᠶ ᠪᠦᠳᠦᠬᠡᠨ ᠪᠠᠶ᠋ᠢᠭᠤᠯᠵᠤ᠂ ᠣᠷᠣᠨ ᠪᠦᠰᠡ ᠢ᠋ᠢᠨ ᠡᠳ᠋ ᠪᠠᠷᠠᠭᠠᠨ ᠤ᠋ ᠭᠦᠢᠯᠭᠡᠭᠡᠨ ᠤ᠋ ᠬᠥᠭᠵᠢᠯᠲᠡ ᠢ᠋ᠢᠨ ᠪᠠᠶ᠋ᠢᠯᠳᠤᠬᠤ ᠪᠣᠳᠣᠯᠭ᠎ᠠ ᠢ᠋ᠢᠨ ᠲᠤᠯᠭᠠᠭᠤᠷᠢᠯᠠᠬᠤ ᠴᠡᠭ ᠢ᠋ ᠪᠡᠬᠢᠵᠢᠭᠦᠯᠦᠨ᠎ᠡ᠃ ᠪᠠᠰᠠ ᠬᠢᠯᠢ ᠵᠢᠨ ᠪᠣᠭᠣᠮᠲᠠ ᠢ᠋ᠢᠨ ᠲᠠᠰ ᠳᠡᠪᠰᠢᠬᠦ᠌ ᠢ᠋ᠢ ᠠᠬᠢᠭᠤᠯᠵᠤ᠂ ᠪᠣᠭᠣᠮᠲᠠ ᠢ᠋ᠢᠨ ᠪᠠᠶ᠋ᠢᠴᠠᠭᠠᠨ ᠰᠢᠯᠭᠠᠬᠤ ᠲᠦᠬᠦᠭᠡᠷᠦᠮᠵᠢ ᠢ᠋ᠢ ᠲᠡᠭᠦᠯᠳᠡᠷᠵᠢᠭᠦᠯᠦᠨ᠂ ᠲᠠᠰ ᠳᠡᠪᠰᠢᠭᠦᠯᠦᠨ ᠥᠭᠡᠷᠡᠴᠢᠯᠡᠬᠦ᠌ ᠬᠢᠭᠡᠳ ᠠᠵᠢᠯᠯᠠᠭᠤᠯᠵᠤ ᠬᠠᠮᠠᠭᠠᠯᠠᠬᠤ ᠠᠵᠢᠯ ᠢ᠋ ᠪᠠᠶ᠋ᠢᠩᠭᠤᠵᠢᠭᠤᠯᠤᠨ ᠥᠷᠨᠢᠭᠦᠯᠵᠦ᠍᠂ 《ᠭᠠᠳᠠᠭᠠᠳᠤ ᠳ᠋ᠠᠬᠢ ᠬᠥᠮᠥᠷᠭᠡ 2.0》 ᠤ᠋ᠨ ᠲᠥᠯᠥᠪᠯᠡᠭᠡ ᠢ᠋ᠢ ᠰᠦᠪᠡᠭᠴᠢᠯᠡᠨ ᠬᠡᠷᠡᠭᠵᠢᠭᠦᠯᠵᠦ᠍᠂ ᠬᠢᠯᠢ ᠠᠯᠤᠰᠯᠠᠭᠰᠠᠨ ᠡᠳ᠋ ᠪᠠᠷᠠᠭᠠᠨ ᠤ᠋ ᠭᠦᠢᠯᠭᠡᠭᠡ ᠢ᠋ᠢᠨ ᠳᠣᠭᠢᠷᠠᠭᠤᠯᠤᠨ ᠬᠦᠷᠭᠡᠬᠦ᠌ ᠴᠠᠭ ᠢ᠋ ᠪᠦᠲᠦᠮᠵᠢᠲᠡᠶ ᠪᠣᠭᠣᠨᠢᠰᠬᠠᠬᠤ ᠪᠤᠯᠤᠨ᠎ᠠ᠃
《ᠲᠥᠰᠦᠯ》 ᠳ᠋ᠤ᠂ ᠬᠢᠯᠢ ᠳᠠᠭᠠᠤ ᠭᠠᠵᠠᠷ ᠣᠷᠣᠨ ᠳ᠋ᠤ ᠳᠣᠭᠢᠷᠠᠭᠰᠠᠨ ᠣᠯᠠᠨ ᠬᠡᠯᠪᠡᠷᠢ ᠢ᠋ᠢᠨ ᠬᠠᠮᠲᠤᠷᠠᠭᠰᠠᠨ ᠲᠡᠭᠡᠭᠡᠪᠦᠷᠢ ᠢ᠋ᠢᠨ ᠲᠤᠬᠠᠶ᠋ᠢᠯᠠᠭᠰᠠᠨ ᠠᠵᠢᠯ ᠤ᠋ᠨ ᠵᠠᠭᠪᠤᠷ ᠪᠠ ᠪᠠᠷᠢᠮᠵᠢᠶ᠎ᠠ ᠢ᠋ᠢ ᠬᠠᠶ᠋ᠢᠨ ᠰᠦᠪᠡᠭᠴᠢᠯᠡᠵᠦ᠍᠂ 《ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ +》 ᠵᠠᠬᠢᠶᠠᠯᠠᠨ ᠦᠢᠯᠡᠳᠦᠭᠰᠡᠨ ᠭᠠᠯᠲᠤ ᠲᠡᠷᠭᠡ ᠵᠢᠴᠢ JSQ ᠬᠡᠯᠪᠡᠷᠢ ᠢ᠋ᠢᠨ ᠲᠠᠸᠠᠷ ᠤ᠋ᠨ ᠭᠠᠯᠲᠤ ᠲᠡᠷᠭᠡ ᠢ᠋ᠢ ᠨᠡᠪᠲᠡᠷᠡᠭᠦᠯᠦᠨ᠎ᠠ; ᠤᠯᠠᠨ ᠤᠯᠤᠰ ᠤ᠋ᠨ ᠠᠭᠠᠷ ᠤ᠋ᠨ ᠲᠡᠭᠡᠭᠡᠪᠦᠷᠢ ᠢ᠋ᠢᠨ ᠠᠶᠠᠯᠠᠯ ᠤ᠋ᠨ ᠱᠤᠭᠤᠮ ᠢ᠋ ᠥᠷᠭᠡᠵᠢᠭᠦᠯᠦᠨ᠂ ᠣᠨᠴᠠᠭᠠᠢ ᠪᠠᠷᠠᠭ᠎ᠠ ᠢ᠋ᠢᠨ ᠪᠣᠭᠣᠮᠲᠠ ᠪᠡᠷ ᠥᠩᠭᠡᠷᠡᠬᠦ᠌ 《ᠰᠠᠭᠠᠳ ᠥᠭᠡᠢ ᠨᠡᠪᠲᠡᠷᠡᠬᠦ᠌ ᠵᠠᠮ》 ᠢ᠋ ᠪᠠᠶ᠋ᠢᠭᠤᠯᠵᠤ᠂ ᠬᠥᠬᠡᠬᠣᠲᠠ ᠢ᠋ᠢᠨ ᠱᠧᠩ ᠯᠧ ᠤᠯᠠᠨ ᠤᠯᠤᠰ ᠤ᠋ᠨ ᠨᠢᠰᠬᠡᠯ ᠤ᠋ᠨ ᠪᠠᠭᠤᠳᠠᠯ ᠳ᠋ᠤ ᠲᠦᠰᠢᠭᠯᠡᠨ ᠠᠭᠠᠷ ᠤ᠋ᠨ ᠲᠡᠭᠡᠭᠡᠪᠦᠷᠢ ᠢ᠋ᠢᠨ ᠡᠳ᠋ ᠪᠠᠷᠠᠭᠠᠨ ᠤ᠋ ᠭᠦᠢᠯᠭᠡᠭᠡ ᠢ᠋ᠢᠨ ᠠᠵᠤ ᠦᠢᠯᠡᠰ ᠢ᠋ ᠪᠠᠶ᠋ᠢᠷᠢᠰᠢᠭᠤᠯᠬᠤ ᠢ᠋ᠢᠨ ᠬᠠᠮᠲᠤ᠌ ᠵᠠᠮ ᠬᠠᠷᠢᠯᠴᠠᠭ᠎ᠠ ᠵᠢᠭᠤᠯᠴᠢᠯᠠᠯ ᠠᠭᠤᠰᠤᠯᠴᠠᠭᠰᠠᠨ ᠳᠠᠪᠠᠭᠤᠯᠢᠭ ᠲᠤ᠌ ᠲᠦᠰᠢᠭᠯᠡᠨ ᠨᠡᠶ᠋ᠢᠭᠡᠮ ᠤ᠋ᠨ ᠬᠥᠷᠥᠨᠭᠭᠡ ᠢ᠋ᠢ ᠣᠷᠣᠭᠤᠯᠵᠤ᠂ ᠳᠤᠮᠳᠠᠳᠤ ᠮᠣᠩᠭᠣᠯ ᠤᠷᠤᠰ ᠤ᠋ᠨ ᠬᠢᠯᠢ ᠠᠯᠤᠰᠯᠠᠭᠰᠠᠨ ᠵᠢᠭᠤᠯᠴᠢᠯᠠᠯ ᠤ᠋ᠨ ᠭᠠᠯᠲᠤ᠌ ᠲᠡᠷᠭᠡ ᠶ᠋ᠢ ᠬᠠᠶ᠋ᠢᠨ ᠰᠦᠪᠡᠭᠴᠢᠯᠡᠵᠦ᠍ ᠨᠡᠪᠲᠡᠷᠡᠭᠦᠯᠬᠦ ᠪᠡᠷ ᠲᠤᠭᠳᠠᠵᠠᠢ᠃