ᠰᠢ ᠵᠢᠨ ᠫᠢᠩ ᠰᠠᠭᠤᠷᠢ ᠰᠤᠷᠭᠠᠨ ᠬᠥᠮᠦᠵᠢᠯ᠎ᠦᠨ ᠠᠵᠢᠯ᠎ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠨᠠᠮ᠎ᠤᠨ ᠰᠤᠷᠭᠠᠨ ᠬᠥᠮᠦᠵᠢᠯ᠎ᠦᠨ ᠴᠢᠭᠯᠡᠯᠲᠡ᠎ᠶᠢ ᠪᠥᠬᠥ ᠲᠠᠯ᠎ᠠ᠎ᠪᠠᠷ ᠲᠤᠭᠤᠰᠢᠯᠠᠭᠤᠯᠵᠤ ᠶᠣᠰᠣ᠌ ᠰᠤᠷᠲᠠᠬᠤᠨ᠎ᠢᠶᠠᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠵᠤ ᠰᠠᠭᠤᠷᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ ᠬᠡᠷᠡᠭᠲᠡᠢ
2026-07-23 09:09:01
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳ᠋ᠢᠩ ᠰᠢᠤᠸᠠᠢ ᠰᠢᠶᠠᠩ ᠪᠦᠬᠦ ᠤᠯᠤᠰ᠎ᠤᠨ ᠰᠠᠭᠤᠷᠢ ᠰᠤᠷᠭᠠᠨ ᠬᠥᠮᠦᠵᠢᠯ᠎ᠦᠨ ᠠᠵᠢᠯ᠎ᠤᠨ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ


ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭᠴᠢ ᠰᠢ ᠵᠢᠨ ᠫᠢᠩ ᠣᠢᠷ᠎ᠠ᠎ᠳᠤ ᠰᠠᠭᠤᠷᠢ ᠰᠤᠷᠭᠠᠨ ᠬᠥᠮᠦᠵᠢᠯ᠎ᠦᠨ ᠠᠵᠢᠯ᠎ᠳᠤ ᠴᠢᠬᠤᠯᠠ ᠵᠢᠭᠠᠪᠤᠷᠢ ᠥᠭᠴᠦ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠰᠠᠭᠤᠷᠢ ᠰᠤᠷᠭᠠᠨ ᠬᠥᠮᠦᠵᠢᠯ᠎ᠢ ᠰᠠᠭᠤᠷᠢ ᠴᠢᠨᠠᠷᠲᠠᠢ᠂ ᠤᠳᠤᠷᠢᠳᠤᠮᠵᠢ᠎ᠶᠢᠨ ᠴᠢᠨᠠᠷᠲᠠᠢ ᠠᠵᠢᠯ ᠪᠣᠯᠭᠠᠨ ᠠᠳᠬᠤᠵᠤ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠰᠠᠭᠤᠷᠢ ᠰᠤᠷᠭᠠᠨ ᠬᠥᠮᠦᠵᠢᠯ᠎ᠦᠨ ᠲᠦᠷᠭᠡᠨ ᠬᠥᠭᠵᠢᠯᠲᠡ᠎ᠶᠢ ᠪᠡᠶᠡᠯᠡᠭᠦᠯᠬᠦ᠎ᠶᠢ ᠠᠬᠢᠭᠤᠯᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠵᠠᠢ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠰᠢᠨ᠎ᠡ ᠠᠶᠠᠨ᠎ᠳᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠰᠤᠷᠭᠠᠨ ᠬᠥᠮᠦᠵᠢᠯ᠎ᠦᠨ ᠴᠢᠭᠯᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ᠌ ᠰᠤᠷᠲᠠᠬᠤᠨ᠎ᠢᠶᠠᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠵᠤ᠂ ᠨᠠᠮ᠎ᠤᠨ ᠰᠢᠨ᠎ᠡ ᠡᠭᠦᠳᠦᠯᠳᠡ᠎ᠶᠢᠨ ᠤᠨᠤᠯ᠎ᠢᠶᠠᠷ ᠰᠦᠭ ᠰᠦᠨᠡᠰᠦ᠎ᠶᠢ ᠱᠤᠭᠤᠵᠤ ᠬᠥᠮᠥᠨ᠎ᠢ ᠬᠥᠮᠥᠵᠢᠭᠦᠯᠬᠦ᠎ᠶᠢ ᠴᠥᠬᠥᠷᠡᠰᠢ ᠦᠭᠡᠢ ᠪᠠᠷᠢᠮᠲᠠᠯᠠᠵᠤ᠂ ᠶᠣᠰᠣ᠌ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ ᠪᠦᠬᠦ ᠲᠠᠯ᠎ᠠ᠎ᠪᠠᠷ ᠬᠥᠭᠵᠢᠭᠰᠡᠨ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶᠢ ᠬᠥᠮᠥᠵᠢᠭᠦᠯᠬᠦ ᠬᠡᠷᠡᠭᠲᠡᠢ᠃ ᠰᠤᠷᠭᠠᠨ ᠬᠥᠮᠦᠵᠢᠯ᠎ᠦᠨ ᠵᠢᠮ᠎ᠡ ᠶᠣᠰᠣ᠌᠎ᠶᠢ ᠵᠢᠷᠤᠮᠯᠠᠵᠤ᠂ ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ ᠰᠤᠷᠭᠠᠨ ᠬᠥᠮᠦᠵᠢᠯ᠎ᠦᠨ ᠣᠢᠯᠠᠭᠠᠭᠳᠠᠬᠤᠨ᠎ᠢ ᠨᠠᠢᠳᠠᠪᠤᠷᠢᠵᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠥᠷᠭᠡᠨ ᠣᠯᠠᠨ ᠰᠤᠷᠤᠭ᠍ᠴᠢᠳ᠎ᠤᠨ ᠪᠡᠶ᠎ᠡ ᠰᠡᠳᠬᠢᠯ᠎ᠦᠨ ᠡᠷᠡᠭᠦᠯ ᠮᠡᠨᠳᠦ᠂ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠶᠢ ᠠᠬᠢᠭᠤᠯᠬᠤ ᠬᠡᠷᠡᠭᠲᠡᠢ᠃ ᠠᠷᠠᠳ ᠤᠯᠠᠨ᠎ᠤ ᠰᠢᠨ᠎ᠡ ᠬᠦᠰᠡᠯ ᠡᠷᠡᠮᠡᠯᠵᠡᠯ᠎ᠳᠦ ᠵᠣᠬᠢᠴᠠᠭᠤᠯᠤᠨ᠂ ᠰᠠᠭᠤᠷᠢ ᠰᠤᠷᠭᠠᠨ ᠬᠥᠮᠦᠵᠢᠯ᠎ᠦᠨ ᠰᠢᠯᠢᠳᠡᠭ᠎ᠢ ᠥᠷᠭᠡᠳᠬᠡᠨ ᠴᠢᠨᠠᠷ᠎ᠢ ᠳᠡᠭᠡᠭᠰᠢᠯᠡᠭᠦᠯᠬᠦ᠎ᠶᠢ ᠠᠬᠢᠭᠤᠯᠵᠤ᠂ ᠰᠤᠷᠭᠠᠨ ᠬᠥᠮᠦᠵᠢᠯ᠎ᠦᠨ ᠲᠥᠪ ᠭᠣᠣᠯᠴᠢ ᠪᠠᠢᠬᠤ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠰᠤᠷᠭᠠᠨ ᠬᠥᠮᠥᠵᠢᠯᠲᠡᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠪᠠᠭ᠍ᠰᠢ᠎ᠶᠢᠨ ᠮᠣᠷᠠᠯ ᠪᠠᠭ᠍ᠰᠢ᠎ᠶᠢᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ᠎ᠲᠠᠢ ᠲᠤᠰᠬᠠᠢᠵᠢᠭ᠍ᠰᠠᠨ ᠪᠠᠭ᠍ᠰᠢ᠎ᠶᠢᠨ ᠡᠩᠨᠡᠭᠡ᠎ᠶᠢ ᠬᠥᠮᠥᠵᠢᠭᠦᠯᠦᠨ ᠪᠣᠢᠵᠢᠭᠤᠯᠬᠤ ᠬᠡᠷᠡᠭᠲᠡᠢ ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠤᠯᠤᠰ ᠲᠥᠷᠥ᠎ᠶᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠰᠤᠷᠭᠠᠭᠤᠯᠢ ᠡᠷᠭᠢᠯᠡᠬᠦ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠦᠨ᠂ ᠰᠤᠷᠭᠠᠨ ᠬᠥᠮᠦᠵᠢᠯ᠎ᠦᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠰᠤᠷᠭᠠᠭᠤᠯᠢ᠂ ᠭᠡᠷ ᠪᠦᠯᠢ᠂ ᠨᠡᠢᠭᠡᠮ᠎ᠦᠨ ᠠᠳᠠᠯᠢ ᠴᠢᠭᠯᠡᠯ᠎ᠢᠶᠡᠷ ᠬᠦᠴᠦᠯᠡᠬᠦ᠎ᠶᠢ ᠠᠬᠢᠭᠤᠯᠤᠨ᠂ ᠰᠠᠭᠤᠷᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃

ᠪᠦᠬᠦ ᠤᠯᠤᠰ᠎ᠤᠨ ᠰᠠᠭᠤᠷᠢ ᠰᠤᠷᠭᠠᠨ ᠬᠥᠮᠦᠵᠢᠯ᠎ᠦᠨ ᠠᠵᠢᠯ᠎ᠤᠨ ᠬᠤᠷᠠᠯ 7 ᠰᠠᠷ᠎ᠠ᠎ᠶᠢᠨ 22 ᠎ᠤ᠋ᠨ ᠡᠳᠦᠷ ᠪᠡᠭᠡᠵᠢᠩ᠎ᠳᠦ ᠬᠤᠷᠠᠯᠳᠤᠪᠠ᠃ ᠬᠤᠷᠠᠯ ᠳᠡᠭᠡᠷ᠎ᠡ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢ ᠤᠯᠠᠮᠵᠢᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠨ᠂ ᠲᠦᠷᠦ᠎ᠶᠢᠨ ᠶᠠᠪᠤᠳᠠᠯ᠎ᠤᠨ ᠬᠤᠷᠢᠶ᠎ᠠ᠎ᠶᠢᠨ ᠳᠡᠳ᠋ ᠶᠡᠷᠦᠩᠬᠡᠢ ᠰᠠᠢᠳ ᠳ᠋ᠢᠩ ᠰᠢᠤᠸᠠᠢ ᠰᠢᠶᠠᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃

ᠳ᠋ᠢᠩ ᠰᠢᠤᠸᠠᠢ ᠰᠢᠶᠠᠩ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠣᠳᠬᠤ ᠴᠢᠨᠠᠷ᠎ᠲᠠᠢ ᠪᠠᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠤ᠋ ᠰᠠᠭᠤᠷᠢ ᠰᠤᠷᠭᠠᠨ ᠬᠥᠮᠦᠵᠢᠯ᠎ᠦᠨ ᠠᠵᠢᠯ᠎ᠢ ᠰᠠᠢᠲᠤᠷ ᠬᠢᠬᠦ᠎ᠳᠦ ᠴᠢᠭᠯᠡᠯ᠎ᠢ ᠲᠣᠳᠣᠷᠬᠠᠢ ᠵᠢᠭᠠᠵᠤ ᠥᠭᠴᠡᠢ᠃ ᠪᠢᠳᠡ ᠭᠦᠨᠵᠡᠭᠡᠢ ᠰᠤᠷᠤᠯᠴᠠᠨ ᠣᠢᠯᠠᠭᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠳ᠋ᠢᠩ ᠰᠢᠤᠸᠠᠢ ᠰᠢᠶᠠᠩ᠂ ᠰᠢᠨ᠎ᠡ ᠴᠠᠭ ᠦᠶ᠎ᠡ᠎ᠶᠢᠨ ᠰᠠᠭᠤᠷᠢ ᠰᠤᠷᠭᠠᠨ ᠬᠥᠮᠦᠵᠢᠯ᠎ᠦᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠪᠠᠢᠷᠢᠰᠢᠯ᠎ᠤᠨ ᠴᠢᠨᠠᠷᠲᠠᠢ ᠬᠤᠪᠢᠷᠠᠯᠲᠠ ᠭᠠᠷᠴᠠᠢ᠂ 《ᠬᠣᠶᠠᠷ᠎ᠢ ᠲᠤᠭᠳᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ ᠬᠡᠷᠡᠭᠲᠡᠢ᠃ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠰᠤᠷᠭᠠᠨ ᠬᠥᠮᠦᠵᠢᠯ᠎ᠦᠨ ᠤᠯᠤᠰ ᠲᠥᠷᠥ᠎ᠶᠢᠨ ᠰᠢᠨᠵᠢ ᠴᠢᠨᠠᠷ᠂ ᠠᠷᠠᠳᠴᠢ ᠰᠢᠨᠵᠢ ᠴᠢᠨᠠᠷ᠂ ᠪᠠᠢᠯᠳᠤᠬᠤ ᠪᠣᠳᠣᠯᠭ᠎ᠠ᠎ᠶᠢᠨ ᠰᠢᠨᠵᠢ ᠴᠢᠨᠠᠷ᠎ᠢ ᠭᠦᠨᠵᠡᠭᠡᠢ ᠡᠵᠡᠮᠳᠡᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠰᠢᠨ᠎ᠡ ᠪᠠᠢᠳᠠᠯ ᠪᠣᠯᠣᠨ ᠠᠷᠠᠳ ᠣᠯᠠᠨ᠎ᠤ ᠰᠢᠨ᠎ᠡ ᠬᠦᠰᠡᠯ ᠡᠷᠡᠮᠡᠯᠵᠡᠯ᠎ᠳᠦ ᠵᠣᠬᠢᠴᠠᠭᠤᠯᠤᠨ᠂ ᠰᠠᠭᠤᠷᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠳ᠋ᠢᠩ ᠰᠢᠤᠸᠠᠢ ᠰᠢᠶᠠᠩ᠂ ᠨᠠᠮ᠎ᠤᠨ ᠰᠤᠷᠭᠠᠨ ᠬᠥᠮᠦᠵᠢᠯ᠎ᠦᠨ ᠴᠢᠭᠯᠡᠯᠲᠡ᠎ᠶᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠰᠢᠨ᠎ᠡ᠎ᠡᠭᠦᠳᠦᠯᠲᠡ ᠵᠢᠨ ᠤᠨᠤᠯ᠎ᠢᠶᠠᠷ ᠰᠦᠭ ᠰᠦᠨᠡᠰᠦ᠎ᠶᠢ ᠱᠤᠭᠤᠵᠤ ᠬᠥᠮᠥᠨ᠎ᠢ ᠬᠥᠮᠥᠵᠢᠭᠦᠯᠬᠦ᠎ᠶᠢ ᠪᠠᠷᠢᠮᠲᠠᠯᠠᠵᠤ᠂ ᠲᠠᠪᠤᠨ ᠬᠥᠮᠦᠵᠢᠯ᠎ᠢ ᠵᠡᠷᠭᠡ ᠪᠡᠷ ᠠᠳᠬᠤᠬᠤ᠂ ᠲᠠᠪᠤᠨ ᠬᠥᠮᠦᠵᠢᠯ᠎ᠢ ᠠᠭᠤᠰᠤᠯᠴᠠᠭᠤᠯᠬᠤ᠎ᠶᠢ ᠪᠠᠷᠢᠮᠲᠠᠯᠠᠵᠤ᠂ ᠰᠤᠷᠤᠬ᠍ᠴᠢᠳ᠎ᠤᠨ ᠡᠷᠡᠭᠦᠯ᠎ᠢᠶᠡᠷ ᠦᠰᠦᠨ ᠪᠣᠢᠵᠢᠬᠤ᠂ ᠪᠦᠭᠦ ᠲᠠᠯ᠎ᠠ᠎ᠪᠠᠷ ᠬᠥᠭᠵᠢᠬᠦ᠎ᠶᠢ ᠠᠬᠢᠭᠤᠯᠬᠤ ᠬᠡᠷᠡᠭᠲᠡᠢ᠃ ᠰᠣᠷᠣᠬ᠍ᠴᠢ ᠡᠯᠰᠡᠬᠦ ᠪᠠ ᠰᠤᠷᠭᠠᠭᠤᠯᠢ᠎ᠳᠤ ᠣᠷᠣᠬᠤ ᠬᠠᠮᠢᠶᠠᠷᠤᠯᠲᠠ᠎ᠶᠢ ᠴᠢᠩᠳᠠᠯᠠᠵᠤ᠂ ᠬᠥᠳᠡᠭᠡ ᠲᠣᠰᠬᠣᠨ᠎ᠤ ᠭᠡᠷ ᠲᠡᠭᠡᠨ ᠬᠣᠴᠣᠷᠤᠭᠰᠠᠨ ᠬᠡᠦᠬᠡᠳ᠂ ᠬᠣᠲᠠ ᠣᠷᠣᠵᠤ ᠬᠦᠴᠦ ᠶᠠᠪᠤᠵᠦ ᠪᠠᠢᠭ᠎ᠠ ᠬᠥᠮᠥᠰ᠎ᠦᠨ ᠦᠷ᠎ᠡ ᠬᠡᠦᠬᠡᠳ᠎ᠢ ᠬᠠᠯᠠᠮᠵᠢᠯᠠᠨ ᠬᠠᠢᠷᠠᠯᠠᠬᠤ᠎ᠶᠢ ᠴᠢᠩᠭᠠᠳᠬᠠᠨ᠂ ᠰᠤᠷᠭᠠᠨ ᠬᠥᠮᠦᠵᠢᠯ᠎ᠦᠨ ᠭᠣᠥᠯᠴᠢ ᠪᠠᠢᠬᠤ ᠬᠤᠷᠢᠭ᠎ᠠ ᠱᠤᠭᠤᠮ᠎ᠢ ᠪᠠᠲᠤ ᠰᠠᠬᠢᠵᠤ᠂ ᠰᠠᠭᠤᠷᠢ ᠰᠤᠷᠭᠠᠨ ᠬᠥᠮᠦᠵᠢᠯ᠎ᠦᠨ ᠲᠡᠩᠴᠡᠭᠦᠷᠢᠲᠡᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠬᠥᠮᠥᠨ ᠠᠮᠠ᠎ᠶᠢᠨ ᠬᠤᠪᠢᠷᠠᠯᠲᠠ᠎ᠳᠤ ᠵᠣᠬᠢᠴᠠᠭᠤᠯᠤᠨ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ᠂ ᠵᠠᠷᠤᠳᠠᠯ᠎ᠤᠨ ᠪᠠᠲᠤᠯᠠᠭ᠎ᠠ᠂ ᠰᠤᠷᠭᠠᠭᠤᠯᠢ᠎ᠶᠢᠨ ᠪᠠᠢᠷᠢᠰᠢᠭᠤᠯᠤᠯᠲᠠ᠂ ᠡᠷᠳᠡᠮ᠎ᠦᠨ ᠴᠣᠯᠠ᠎ᠶᠢᠨ ᠬᠠᠩᠭᠠᠯᠭ᠎ᠠ᠂ ᠪᠠᠭ᠍ᠰᠢ᠎ᠶᠢᠨ ᠲᠣᠬᠢᠷᠠᠭᠤᠯᠤᠯᠲᠠ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠬᠦ ᠬᠡᠷᠡᠭᠲᠡᠢ᠃ ᠰᠤᠷᠤᠬ᠍ᠴᠢᠳ᠎ᠤᠨ ᠦᠰᠦᠨ ᠪᠤᠶ᠋ᠢᠵᠢᠯᠲᠠ᠎ᠪᠠᠷ ᠭᠣᠣᠯ ᠪᠣᠯᠭᠠᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠲᠥᠪ ᠶᠤᠰᠤ ᠵᠢ ᠪᠠᠷᠢᠮᠳᠠᠯᠠᠨ ᠰᠢᠨ᠎ᠡ᠎ᠶᠢ ᠡᠭᠦᠳᠴᠦ ᠰᠠᠭᠤᠷᠢ ᠰᠤᠷᠭᠠᠨ ᠬᠥᠮᠦᠵᠢᠯ᠎ᠦᠨ ᠰᠢᠨ᠎ᠡ ᠳᠠᠪᠠᠭᠤᠯᠢᠭ᠋᠎ᠢ ᠪᠤᠢ ᠪᠤᠯᠭᠠᠬᠤ ᠬᠡᠷᠡᠭᠲᠡᠢ᠃ ᠬᠠᠮᠵᠢᠯᠴᠠᠨ ᠬᠠᠮᠲᠤ ᠪᠠᠷ ᠬᠦᠮᠦᠵᠢᠬᠦᠯᠬᠦ᠎ᠶᠢ ᠴᠢᠨᠠᠭᠰᠢᠳᠠ ᠴᠢᠩᠭᠠᠳᠬᠠᠵᠤ᠂ ᠡᠯ᠎ᠡ ᠲᠠᠯ᠎ᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠰᠤᠷᠭᠠᠭᠤᠯᠢ᠂ ᠭᠡᠷ ᠪᠦᠯᠢ᠂ ᠨᠡᠢᠭᠡᠮ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠥᠮᠥᠨ᠎ᠢ ᠬᠥᠮᠥᠵᠢᠭᠦᠯᠬᠦ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠰᠤᠷᠭᠠᠨ ᠬᠥᠮᠦᠵᠢᠯᠲᠡᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠪᠠᠭ᠍ᠰᠢ᠎ᠶᠢᠨ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠪᠠᠭ᠍ᠰᠢ᠎ᠶᠢᠨ ᠬᠠᠷᠠᠭᠠᠯᠵᠠᠯ᠎ᠤᠨ ᠪᠠᠲᠤᠯᠠᠭ᠎ᠠ᠎ᠶᠢ ᠴᠢᠩᠭᠠᠳᠬᠠᠵᠤ᠂ ᠨᠡᠩ ᠤᠯᠠᠨ ᠰᠢᠯᠢᠳᠡᠭ ᠴᠢᠳᠠᠪᠤᠷᠢᠲᠠᠨ᠎ᠢ ᠲᠠᠲᠠᠵᠤ ᠰᠠᠨᠠᠭ᠎ᠠ ᠠᠮᠤᠷ ᠪᠠᠭᠰᠢᠯᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠰᠤᠷᠭᠠᠭᠤᠯᠢ ᠵᠢᠨ ᠬᠢᠨ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ᠎ᠪᠠᠨ ᠴᠢᠩᠭᠠᠳᠬᠠᠵᠤ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠨᠠᠮ᠎ᠤᠨ ᠲᠥᠪ ᠬᠣᠷᠢᠶ᠎ᠠ ᠪᠠ ᠲᠦᠷᠦ᠎ᠶᠢᠨ ᠶᠠᠪᠤᠳᠠᠯ᠎ᠤᠨ ᠬᠤᠷᠢᠶ᠎ᠠ ᠵᠢᠨ ᠬᠣᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠰᠤᠷᠭᠠᠨ ᠬᠥᠮᠦᠵᠢᠯ᠎ᠦᠨ ᠶᠠᠮᠤᠨ᠂ ᠲᠥᠪ᠎ᠦᠨ ᠪᠠᠢᠭᠤᠯᠤᠮᠵᠢ ᠵᠢᠨ ᠣᠷᠣᠨ ᠲᠣᠭ᠎ᠠ᠎ᠶᠢᠨ ᠬᠤᠷᠢᠶ᠎ᠠ ᠵᠢᠨ ᠠᠯᠪᠠᠨ ᠭᠡᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ᠂ ᠪᠡᠭᠡᠵᠢᠩ ᠬᠣᠲᠠ᠂ ᠬᠤᠪᠧᠢ ᠮᠤᠵᠢ᠂ ᠭᠠᠨᠰᠤ ᠮᠤᠵᠢ᠂ ᠪᠡᠭᠡᠵᠢᠩ᠎ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠬᠠᠷᠢᠭᠤᠴᠠᠯᠭᠠᠲᠠᠨ ᠨᠥᠬᠥᠳ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃

ᠱᠢ᠎ᠲᠠᠢ ᠹᠧᠩ᠂ ᠯᠢ ᠱᠦ᠍ ᠯᠧᠢ᠂ ᠸᠠᠩ ᠰᠢᠶᠣᠣ ᠬᠣᠩ᠂ ᠦ᠋ ᠵᠧᠩ ᠯᠦᠩ ᠬᠤᠷᠠᠯ᠎ᠳᠤ ᠣᠷᠣᠯᠴᠠᠪᠠ᠃

ᠡᠯ᠎ᠡ ᠮᠤᠵᠢ ᠣᠷᠣᠨ ᠬᠤᠳᠠ ᠪᠣᠯᠣᠨ ᠲᠦᠯᠦᠪᠯᠡᠬᠡ ᠳ᠋ᠤ ᠲᠤᠰᠠᠭᠠᠷ ᠵᠢᠬᠰᠠᠭᠠᠭᠰᠠᠨ ᠬᠤᠳᠠ᠂ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠂ ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠠᠷᠠᠳ᠎ᠤᠨ ᠪᠦᠯᠭᠦᠮ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠪᠠᠢᠭᠤᠯᠭ᠎ᠠ᠎ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠷᠭᠠᠨ ᠬᠥᠮᠦᠵᠢᠯ᠎ᠦᠨ ᠶᠠᠮᠤᠨ᠎ᠤ ᠰᠢᠭᠤᠳ ᠬᠠᠷᠢᠶ᠎ᠠ ᠪᠠᠭ᠍ᠰᠢ᠎ᠶᠢᠨ ᠶᠡᠬᠡ ᠰᠤᠷᠭᠠᠭᠤᠯᠢ ᠪᠣᠯᠣᠨ 《ᠤᠯᠤᠰ᠎ᠤᠨ ᠲᠤᠮᠳᠠᠳᠤ ᠪᠠᠭ᠎ᠠ ᠰᠤᠷᠭᠠᠭᠤᠯᠢ ᠵᠢᠨ ᠰᠢᠯᠢᠳᠡᠭ ᠪᠠᠭᠰᠢ ᠵᠢ ᠬᠦᠮᠦᠵᠢᠭᠦᠯᠬᠦ ᠲᠥᠯᠥᠪᠯᠡᠭᠡ》 ᠶ᠋ᠢ ᠬᠡᠷᠡᠭᠵᠢᠭᠦᠯᠬᠦ ᠶᠡᠬᠡ ᠳᠡᠭᠡᠳᠦ ᠰᠤᠷᠭᠠᠭᠤᠯᠢ᠎ᠶᠢᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠪᠠ᠃

(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 7 ᠰᠠᠷ᠎ᠠ᠎ᠶᠢᠨ 22 ᠎ᠤ᠋ᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号