— ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ (ᠲᠤᠯᠤᠭ᠎ᠠ)
《ᠮᠠᠨ᠎ᠤ ᠨᠠᠮ ᠲᠥᠷᠥ᠍ ᠭᠦᠷᠦᠨ ᠪᠣᠯ ᠠᠷᠠᠳ ᠲᠦᠮᠡᠨ ᠮᠦᠨ᠂ ᠠᠷᠠᠳ ᠲᠦᠮᠡᠨ ᠪᠣᠯ ᠲᠥᠷᠥ᠍ ᠭᠦᠷᠦᠨ ᠮᠦᠨ ᠭᠡᠳᠡᠭ᠎ᠢ ᠪᠠᠲᠤ᠌ ᠴᠡᠭᠡᠵᠢᠯᠡᠵᠦ᠍᠂ ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ᠎ᠤᠨ ᠲᠥᠯᠥᠭᠡ ᠲᠥᠷᠥ᠍ ᠪᠠᠷᠢᠬᠤ᠎ᠶᠢ ᠪᠠᠷᠢᠮᠲᠠᠯᠠᠨ᠂ ᠪᠥᠬᠥ᠌ ᠰᠡᠳᠬᠢᠯ ᠪᠥᠬᠥ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠶᠢ ᠤᠬᠠᠮᠰᠠᠷ᠎ᠡᠴᠡ᠎ᠪᠠᠨ ᠦᠢᠯᠡᠳᠦᠯᠭᠡᠵᠢᠭᠦᠯᠵᠦ᠍᠂ ᠡᠷᠡᠰ ᠪᠠᠳᠤ ᠪᠡᠷ ᠠᠷᠠᠳ ᠲᠦᠮᠡᠨ᠎ᠲᠡᠶ ᠵᠤᠭᠰᠤᠯᠳᠠ ᠨᠢᠭᠡᠳᠡᠢ᠂ ᠪᠤᠳᠤᠯ ᠨᠢᠭᠡᠳᠡᠢ᠂ ᠠᠵᠢᠯᠯᠠᠭ᠎ᠠ ᠨᠢᠭᠡᠳᠡᠢ ᠪᠠᠢᠵᠤ᠂ ᠶᠠᠮᠠᠷᠪᠠ ᠰᠠᠯᠬᠢ ᠳᠠᠪᠠᠯᠭᠠᠨ ᠴᠤ᠌ ᠭᠤᠶ᠋ᠢᠪᠢᠯᠵᠠᠭᠤᠯᠵᠤ ᠴᠢᠳᠠᠬᠤ ᠥᠬᠡᠶ ᠪᠠᠲᠤ᠌ ᠪᠠᠬᠢ ᠦᠨᠳᠤᠰᠤ ᠰᠠᠭᠤᠷᠢ ᠲᠠᠢ ᠪᠣᠯᠪᠠ》᠃
ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠮᠠᠨ᠎ᠤ ᠨᠠᠮ᠎ᠤᠨ 《ᠠᠷᠠᠳ ᠲᠦᠮᠡᠨ᠎ᠦ ᠳᠤᠮᠳᠠ ᠭᠦᠨ ᠦᠨᠳᠦᠰᠦᠯᠡᠵᠦ᠍᠂ ᠢᠮᠠᠭᠲᠠ ᠪᠠᠲᠤ᠌ ᠪᠡᠬᠢ ᠰᠠᠭᠤᠷᠢ᠎ᠲᠠᠶ ᠪᠠᠶ᠋ᠢᠬᠤ》 ᠡᠨᠡ ᠬᠦ᠌ ᠰᠢᠯᠢᠳᠡᠭ ᠣᠨᠴᠠᠯᠢᠭ ᠰᠢᠨᠵᠢ᠎ᠶᠢ ᠭᠦᠨᠵᠡᠭᠡᠢ ᠲᠣᠳᠣᠷᠬᠠᠶ᠋ᠢᠯᠠᠨ ᠥᠭᠦᠯᠡᠵᠦ᠍᠂ ᠵᠠᠭᠤᠨ ᠵᠢᠯ᠎ᠦᠨ ᠲᠤᠷᠰᠢᠬᠢ ᠲᠤᠮᠤ ᠨᠠᠮ᠎ᠤᠨ ᠥᠨᠢ ᠤᠳᠠᠭᠠᠨ ᠬᠥᠭᠵᠢᠨ ᠮᠠᠨᠳᠤᠬᠤ ᠬᠦᠴᠦᠨ ᠴᠢᠳᠠᠯ᠎ᠤᠨ ᠡᠬᠢ ᠪᠤᠯᠠᠭ᠎ᠢ ᠬᠠᠷᠠᠭᠤᠯᠵᠠᠢ᠃
《ᠠᠷᠠᠳ ᠲᠦᠮᠡᠨ᠎ᠦ ᠳᠤᠮᠳᠠ ᠭᠦᠨ ᠦᠨᠳᠦᠰᠦᠯᠡᠬᠦ》 ᠨᠢ ᠮᠠᠷᠺᠰ᠎ᠤᠨ ᠦᠵᠡᠯ᠎ᠦᠨ ᠲᠥᠷᠥ᠎ᠶᠢᠨ ᠨᠠᠮ᠎ᠤᠨ ᠦᠨᠳᠦᠰᠦᠨ ᠤᠯᠤᠰ ᠲᠥᠷᠥ᠎ᠶᠢᠨ ᠵᠣᠭᠰᠣᠯᠲᠠ᠎ᠶᠢ ᠢᠯᠡᠷᠡᠭᠦᠯᠦᠨ᠎ᠠ —
ᠮᠠᠷᠺᠰ᠎ᠤᠨ ᠦᠵᠡᠯ ᠪᠣᠯ ᠠᠷᠠᠳ ᠲᠦᠮᠡᠨ᠎ᠦ ᠤᠨᠤᠯ ᠮᠥᠨ᠂ ᠲᠡᠷᠡ ᠨᠢ ᠠᠷᠠᠳ ᠲᠦᠮᠡᠨ᠎ᠦ ᠲᠤᠰ ᠪᠡᠶ᠎ᠡ᠎ᠶᠢᠨ ᠴᠢᠯᠥᠭᠡᠯᠡᠯᠲᠡ᠎ᠪᠡᠨ ᠪᠡᠶᠡᠯᠡᠭᠦᠯᠬᠦ᠌ ᠦᠵᠡᠯ ᠰᠠᠨᠠᠭᠠᠨ᠎ᠤ ᠰᠢᠰᠲ᠋ᠧᠮ᠎ᠢ ᠠᠩᠬ᠎ᠠ ᠤᠳᠠᠭ᠎ᠠ ᠡᠭᠦᠳᠦᠨ ᠪᠠᠶ᠋ᠢᠭᠤᠯᠪᠠ᠃ ᠶᠡᠷᠦᠩᠬᠡᠢ ᠱᠦᠵᠢ ᠰᠢ ᠵᠢᠨ ᠫᠢᠩ᠄《ᠮᠠᠷᠺᠰ᠎ᠤᠨ ᠦᠵᠡᠯ ᠨᠢ ᠤᠯᠤᠰ ᠠᠯᠤᠰᠯᠠᠭᠰᠠᠨ᠂ ᠴᠠᠭ ᠦᠶ᠎ᠡ᠎ᠶᠢ ᠠᠯᠤᠰᠯᠠᠭᠰᠠᠨ ᠨᠥᠯᠥᠭᠡᠯᠡᠬᠦ᠌ ᠬᠦᠴᠦᠨ᠎ᠲᠡᠶ ᠪᠣᠯᠤᠭᠰᠠᠨ ᠨᠢ ᠳᠠᠷᠤᠢ ᠲᠡᠷᠡ ᠠᠷᠠᠳ ᠲᠦᠮᠡᠨ᠎ᠦ ᠳᠤᠮᠳᠠ ᠦᠨᠳᠦᠰᠦᠯᠡᠵᠦ᠍᠂ ᠠᠷᠠᠳ ᠲᠦᠮᠡᠨ᠎ᠳᠦ ᠲᠦᠰᠢᠭᠯᠡᠨ ᠲᠡᠦᠬᠡ᠎ᠶᠢ ᠲᠦᠯᠬᠢᠨ ᠤᠷᠤᠭᠰᠢᠯᠠᠭᠤᠯᠬᠤ ᠬᠥᠮᠦᠨ᠎ᠦ ᠶᠢᠷᠲᠢᠨᠴᠦ᠎ᠶᠢᠨ ᠵᠥᠪ ᠵᠠᠮ᠎ᠢ ᠵᠢᠭᠠᠵᠤ ᠥᠭᠭᠦᠭᠰᠡᠨ᠎ᠡᠴᠡ ᠪᠣᠯᠵᠠᠢ》 ᠭᠡᠵᠤ ᠵᠢᠭᠠᠵᠤ ᠭᠠᠷᠭᠠᠪᠠ᠃
ᠠᠷᠠᠳᠴᠢ ᠰᠢᠨᠵᠢ ᠪᠣᠯ ᠮᠠᠷᠺᠰ᠎ᠤᠨ ᠦᠵᠡᠯ᠎ᠦᠨ ᠬᠠᠮᠤᠭ᠎ᠤᠨ ᠢᠯᠡ ᠲᠣᠳᠣ ᠬᠡᠪ ᠴᠢᠨᠠᠷ ᠮᠥᠨ᠃ ᠢᠮᠠᠭᠲᠠ ᠠᠷᠠᠳ ᠲᠦᠮᠡᠨ᠎ᠲᠡᠶ ᠬᠠᠮᠲᠤ᠌ ᠪᠠᠶ᠋ᠢᠵᠤ᠂ ᠠᠷᠠᠳ ᠲᠦᠮᠡᠨ᠎ᠦ ᠠᠰᠢᠭ ᠲᠤᠰᠠ᠎ᠶᠢᠨ ᠲᠥᠯᠥᠭᠡ ᠲᠡᠮᠡᠴᠡᠬᠦ᠌ ᠪᠣᠯ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠪᠤᠰᠤᠳ ᠲᠦᠷᠦ᠎ᠶᠢᠨ ᠨᠠᠮ᠎ᠯᠤᠭ᠎ᠠ᠎ᠶᠢᠨ ᠦᠨᠳᠦᠰᠦᠨ ᠢᠯᠭᠠᠭ᠎ᠠ ᠮᠥᠨ᠃
ᠳᠤᠮᠳᠠᠳᠤ ᠤᠯᠤᠰ᠎ᠤᠨ ᠡᠪ ᠬᠠᠮᠲᠤ᠌ ᠨᠠᠮ ᠮᠡᠨᠳᠦᠯᠡᠮᠡᠭᠴᠡ᠎ᠪᠡᠨ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠣᠯᠭᠣᠵᠤ᠂ ᠳᠤᠮᠳᠠᠳᠤ᠎ᠶᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌᠎ᠪᠡᠷ ᠥᠪᠡᠷ᠎ᠦᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠣᠯᠭᠠᠪᠠ᠃ ᠨᠠᠮ᠎ᠤᠨ ᠳᠣᠯᠣᠳᠤᠭᠠᠷ ᠶᠡᠬᠡ ᠬᠤᠷᠠᠯ᠎ᠡᠴᠡ ᠪᠠᠲᠤᠯᠠᠭᠰᠠᠨ ᠨᠠᠮ᠎ᠤᠨ ᠲᠦᠷᠢᠮ᠎ᠳᠦ᠄《ᠳᠤᠮᠳᠠᠳᠤ ᠤᠯᠤᠰ᠎ᠤᠨ ᠡᠪ ᠬᠠᠮᠲᠤᠴᠤᠳ ᠡᠷᠬᠡᠪᠰᠢ ᠪᠦᠬᠦ᠌ ᠰᠡᠳᠬᠢᠯ ᠪᠦᠬᠦ᠌ ᠵᠣᠷᠢᠭ᠎ᠢᠶᠠᠷ᠎ᠢᠶᠠᠨ ᠳᠤᠮᠳᠠᠳᠤ ᠤᠯᠤᠰ᠎ᠤᠨ ᠠᠷᠠᠳ ᠲᠦᠮᠡᠨ᠎ᠳᠦ ᠦᠢᠯᠡᠴᠢᠯᠡᠬᠦ᠌ ᠵᠣᠷᠢᠭ ᠰᠠᠨᠠᠭ᠎ᠠ᠎ᠲᠠᠶ ᠪᠠᠶ᠋ᠢᠬᠤ ᠬᠡᠷᠡᠭᠲᠡᠶ》ᠭᠡᠵᠤ ᠲᠤᠳᠤᠷᠬᠠᠢᠯᠠᠪᠠ᠃ 105 ᠵᠢᠯ ᠡᠷᠡᠮᠡᠬᠡᠶ᠋ᠢᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠢᠮᠠᠭᠲᠠ ᠠᠷᠠᠳ ᠲᠦᠮᠡᠨ᠎ᠦ ᠵᠣᠭᠰᠣᠯᠲᠠ᠎ᠪᠠᠷ ᠦᠨᠳᠦᠰᠦᠨ ᠵᠣᠭᠰᠣᠯᠲᠠ᠎ᠪᠠᠨ ᠪᠣᠯᠭᠠᠵᠤ᠂ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠬᠦ᠌᠎ᠪᠡᠷ ᠦᠨᠳᠦᠰᠦᠨ ᠡᠭᠦᠷᠭᠡ᠎ᠪᠡᠨ ᠪᠣᠯᠭᠠᠵᠤ᠂ ᠪᠦᠬᠦ᠌ ᠰᠡᠳᠬᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠪᠠᠨ ᠪᠠᠷᠢᠮᠲᠠᠯᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠲᠡᠦᠬᠡ᠎ᠶᠢᠨ ᠰᠠᠨᠠᠭᠠᠴᠢᠯᠠᠭᠠᠲᠤ᠌ ᠵᠣᠷᠢᠭ ᠰᠠᠨᠠᠭ᠎ᠠ᠎ᠪᠠᠷ ᠲᠡᠦᠬᠡ᠎ᠶᠢᠨ ᠠᠭᠤᠤ ᠦᠢᠯᠡᠰ᠎ᠢ ᠡᠭᠦᠳᠪᠡ᠃
ᠠᠷᠠᠳ ᠲᠦᠮᠡᠨ᠎ᠢ ᠳᠡᠭᠡᠳᠦᠯᠡᠬᠦ᠌᠎ᠶᠢ ᠪᠠᠷᠢᠮᠲᠠᠯᠠᠬᠤ ᠨᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠦᠷᠳᠡᠭ᠎ᠦᠨ ᠲᠠᠪᠢᠰᠭᠡᠷ ᠦᠩᠭᠡ ᠪᠤᠯᠵᠦ᠍ ᠪᠦᠷᠢᠯᠳᠦᠵᠡᠢ᠃
ᠣᠷᠣᠨ ᠨᠤᠲᠤᠭ᠎ᠲᠤ᠌ ᠬᠦᠷᠴᠦ᠍ ᠰᠢᠨᠵᠢᠯᠡᠨ ᠪᠠᠶ᠋ᠢᠴᠠᠭᠠᠬᠤ᠎ᠳᠠᠭᠠᠨ᠂ ᠶᠡᠷᠦᠩᠬᠡᠢ ᠱᠦᠵᠢ ᠰᠢ ᠵᠢᠨ ᠫᠢᠩ ᠦᠷᠭᠦᠯᠵᠢ ᠤᠯᠠᠨ ᠲᠦᠮᠡᠨ᠎ᠦ ᠭᠡᠷ᠎ᠲᠦ᠍ ᠬᠦᠷᠴᠦ᠂ ᠭᠡᠷᠡᠭᠴᠡᠭᠡ ᠱᠠᠭᠠᠷᠳᠠᠯᠭ᠎ᠠ ᠵᠢ ᠠᠷᠠᠳ ᠡᠴᠡ ᠠᠰᠠᠭᠤᠵᠤ᠂ ᠠᠷᠭ᠎ᠠ ᠪᠤᠳᠤᠯᠭ᠎ᠠ᠎ᠶᠢ ᠠᠷᠠᠳ᠎ᠡᠴᠡ ᠠᠰᠠᠭᠤᠳᠠᠭ᠃ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ᠌ ᠶᠠᠭᠠᠷᠠᠯᠲᠠᠢ ᠡᠳᠤᠷ ᠬᠤᠨᠤᠭ ᠤ᠋ᠳ ᠲᠤ᠌᠂ ᠠᠷᠠᠳ ᠲᠦᠮᠡᠨ᠎ᠦ ᠠᠮᠢᠳᠤᠷᠠᠯ ᠤ᠋ᠨ ᠠᠮᠤᠷ ᠲᠤᠬᠳᠠᠭᠤᠨ ᠨᠢ ᠢᠮᠠᠭᠲᠠ ᠶᠡᠷᠦᠩᠬᠡᠢ ᠱᠦᠵᠢ᠎ᠶᠢᠨ ᠬᠠᠮᠤᠭ᠎ᠤᠨ ᠭᠦᠨ ᠰᠠᠨᠠᠭᠠᠰᠢᠷᠠᠯ ᠪᠣᠯᠤᠭᠰᠠᠭᠠᠷ ᠢᠷᠡᠵᠠᠢ᠃
《ᠠᠮᠢ ᠪᠡᠶ᠎ᠠ ᠪᠠᠨ ᠦᠯᠦ ᠪᠤᠳᠤᠬᠤ᠂ ᠠᠷᠠᠳ ᠲᠦᠮᠡᠨ ᠳ᠋ᠤ ᠤᠰᠤᠯᠳᠠᠬᠤ ᠦᠭᠡᠢ》᠂《ᠠᠷᠠᠳ ᠲᠦᠮᠡᠨ᠎ᠦ ᠰᠠᠢ᠌ᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠪᠣᠯ ᠳᠠᠷᠤᠢ ᠪᠢᠳᠡᠨ᠎ᠦ ᠲᠡᠮᠡᠴᠡᠬᠦ᠌ ᠬᠠᠷᠠᠯᠲᠠ ᠮᠥᠨ》᠂ 《ᠠᠷᠠᠳ ᠲᠦᠮᠡᠨ ᠪᠣᠯ ᠲᠦᠷᠦ᠍ ᠬᠦᠷᠦᠨ ᠮᠥᠨ᠂ ᠡᠪ ᠬᠠᠮᠲᠤ᠌ ᠨᠠᠮ ᠲᠦᠷᠦ᠎ᠶᠢ ᠪᠠᠶ᠋ᠢᠭᠤᠯᠵᠤ᠂ ᠲᠦᠷᠦ᠍ ᠭᠦᠷᠦᠨ᠎ᠢ ᠰᠠᠬᠢᠬᠤ ᠳ᠋ᠤ ᠰᠠᠬᠢᠵᠤ ᠪᠠᠢᠭ᠎ᠠ ᠨᠢ ᠠᠷᠠᠳ ᠲᠦᠮᠡᠨ᠎ᠦ ᠰᠡᠳᠬᠢᠯ᠎ᠢ ᠰᠠᠬᠢᠵᠤ᠂ ᠠᠷᠠᠳ ᠲᠦᠮᠡᠨ᠎ᠳ᠋ᠤ ᠰᠠᠢ᠌ᠨ ᠰᠠᠶ᠋ᠢᠬᠠᠨ ᠠᠮᠢᠳᠤᠷᠠᠯ ᠢ᠋ ᠡᠳ᠋ᠯᠡᠬᠦᠯᠬᠦ ᠵᠢᠨ ᠲᠥᠯᠥᠭᠡ ᠶᠤᠮ》 ᠁
ᠠᠷᠠᠳ ᠲᠦᠮᠡᠨ᠎ᠦ ᠤᠳᠤᠷᠢᠳᠤᠭᠴᠢ᠎ᠶᠢᠨ ᠠᠷᠠᠳ ᠲᠦᠮᠡᠨ᠎ᠳᠦ ᠬᠠᠨᠳᠤᠬᠤ ᠴᠢᠩ ᠦᠨᠡᠨᠴᠢ ᠬᠠᠶ᠋ᠢᠷ᠎ᠠ ᠰᠡᠳᠬᠢᠯᠭᠡ ᠨᠢ ᠵᠠᠭᠤᠨ ᠵᠢᠯ᠎ᠦᠨ ᠲᠡᠦᠬᠡ᠎ᠲᠡᠶ ᠲᠤᠮᠤ ᠨᠠᠮ᠎ᠤᠨ ᠦᠷᠲᠡᠭ᠎ᠦᠨ ᠵᠣᠷᠢᠯᠲᠠ᠎ᠶ᠋ᠢ ᠲᠤᠰᠬᠠᠵᠠᠢ᠃
《ᠠᠷᠠᠳ ᠲᠦᠮᠡᠨ᠎ᠦ ᠳᠤᠮᠳᠠ ᠭᠦᠨ ᠦᠨᠳᠦᠰᠦᠯᠡᠬᠦ》 ᠨᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠵᠠᠭᠤ ᠭᠠᠷᠤᠢ ᠵᠢᠯ᠎ᠦᠨ ᠲᠡᠮᠡᠴᠡᠯ᠎ᠦᠨ ᠠᠶᠠᠨ᠎ᠳᠤ ᠲᠤᠭᠤᠰᠢᠯᠠᠬᠳᠠᠨᠠ —
ᠵᠠᠭᠤ ᠭᠠᠷᠤᠢ ᠵᠢᠯ᠎ᠦᠨ ᠰᠦᠷ ᠳᠠᠯᠠᠶ᠋ᠢᠴᠠᠲᠠᠢ ᠠᠶᠠᠨ ᠳ᠋ᠤ᠂ ᠮᠠᠨ᠎ᠤ ᠨᠠᠮ ᠰᠠᠯᠬᠢ ᠪᠣᠷᠣᠭᠠᠨ᠎ᠢ ᠰᠦᠷᠦᠨ ᠤᠷᠤᠬᠰᠢᠯᠠᠵᠤ᠂ ᠳᠠᠪᠲᠠᠭᠳᠠᠨ ᠪᠣᠯᠪᠠᠰᠤᠷᠠᠭᠠᠳ ᠪᠤᠯᠤᠳ ᠮᠠᠳᠤ ᠬᠠᠳᠠᠨ ᠪᠠᠳᠤ ᠪᠣᠯᠤᠭᠰᠠᠨ ᠶᠤᠮ᠂ ᠬᠠᠨᠳᠤᠭᠰᠠᠨ ᠵᠦᠭᠲᠦ᠍ ᠢᠯᠠᠭᠳᠠᠰᠢ ᠦᠭᠡᠢ ᠪᠠᠶ᠋ᠢᠳᠠᠭ᠎ᠤᠨ ᠤᠴᠢᠷ ᠨᠢ ᠢᠮᠠᠭᠲᠠ ᠠᠷᠠᠳ ᠲᠦᠮᠡᠨ᠎ᠢ 《ᠡᠬᠢ》 ᠪᠠ 《ᠦᠨᠳᠦᠰᠦ》 ᠪᠣᠯᠭᠠᠵᠤ᠂ ᠠᠷᠠᠳ ᠲᠦᠮᠡᠨ᠎ᠦ ᠳᠤᠮᠳᠠ ᠭᠦᠨ ᠦᠨᠳᠦᠰᠦᠯᠡᠭᠰᠡᠨ᠎ᠳᠦ ᠣᠷᠣᠰᠢᠨ᠎ᠠ᠃
ᠠᠷᠠᠳ ᠲᠦᠮᠡᠨ᠎ᠦ ᠬᠦᠴᠦᠨ ᠴᠢᠳᠠᠯ᠎ᠢ ᠨᠢᠭᠲᠠᠷᠠᠭᠤᠯᠪᠠᠯ ᠭᠠᠯᠪᠠ ᠶᠢᠷᠳᠢᠨᠴᠦ᠎ᠶᠢ ᠰᠢᠨᠡᠳᠭᠡᠬᠦ ᠠᠤᠭ᠎ᠠ ᠬᠦᠴᠦᠨ᠎ᠲᠡᠶ ᠪᠣᠯᠤᠨ᠎ᠠ᠃
ᠣᠳᠣᠬᠠᠨ᠎ᠤ ᠳᠡᠯᠡᠬᠡᠶ ᠶᠢᠷᠲᠢᠨᠴᠦ᠎ᠳᠦ᠂ ᠵᠠᠷᠢᠮ ᠤᠯᠤᠰ᠎ᠤᠨ ᠲᠥᠷᠥ᠎ᠶᠢᠨ ᠨᠠᠮ ᠠᠷᠠᠳ ᠲᠦᠮᠡᠨ᠎ᠢ ᠰᠣᠩᠭᠣᠭᠤᠯᠢ᠎ᠶᠢᠨ ᠪᠠᠭᠠᠵᠢ ᠪᠠ ᠤᠯᠤᠰ ᠲᠥᠷᠥ᠎ᠶᠢᠨ ᠦᠵᠡᠯᠴᠡᠭᠡᠨ᠎ᠦ ᠪᠠᠭᠠᠵᠢ᠎ᠪᠠᠷ ᠦᠵᠡᠵᠦ᠍ ᠪᠠᠶ᠋ᠢᠭ᠎ᠠ ᠦᠶ᠎ᠡ᠎ᠳᠦ᠂《ᠠᠷᠠᠳ ᠣᠯᠠᠨ ᠪᠣᠯ ᠮᠠᠨ᠎ᠤ ᠬᠦᠴᠦᠨ ᠴᠢᠳᠠᠯ᠎ᠤᠨ ᠡᠬᠢ ᠪᠤᠯᠠᠭ ᠮᠥᠨ》᠂ 《ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠎ᠳᠤ ᠠᠷᠠᠳ ᠲᠦᠮᠡᠨ ᠪᠣᠯ ᠰᠢ᠌ᠳᠪᠦᠷᠢᠯᠡᠭᠴᠢ ᠴᠢᠨᠠᠷᠲᠠᠢ ᠬᠦᠴᠦᠨ ᠮᠥᠨ》 ᠭᠡᠳᠡᠭ ᠢ᠋ ᠢᠮᠠᠬᠳᠠ ᠪᠠᠳᠤ ᠴᠡᠭᠡᠵᠢᠯᠡᠭᠰᠡᠭᠡᠷ ᠢᠷᠠᠪᠠ᠃
ᠪᠧᠩᠭᠠᠯ ᠤᠯᠤᠰ᠎ᠤᠨ《ᠰᠢᠨ᠎ᠡ ᠤᠯᠤᠰ ᠰᠣᠨᠢᠨ》ᠲᠦᠷᠦᠭᠦᠬᠡᠨ ᠵᠣᠬᠢᠶᠠᠯ ᠨᠡᠶ᠋ᠢᠲᠡᠯᠡᠵᠦ᠍᠂ ᠨᠢᠭᠡ ᠲᠥᠷᠥ᠎ᠶᠢᠨ ᠨᠠᠮ᠎ᠨᠢ ᠨᠢᠭᠡᠨ ᠣᠷᠭᠠᠨᠢᠭ ᠴᠣᠭᠴᠠ ᠮᠡᠲᠦ᠍ ᠪᠠᠶ᠋ᠢᠵᠤ᠂ ᠲᠡᠭᠦᠨ᠎ᠦ ᠠᠮᠢᠵᠢᠷᠠᠯ᠎ᠤᠨ ᠬᠦᠴᠦᠨ᠎ᠨᠢ ᠠᠷᠠᠳ ᠲᠦᠮᠡᠨ᠎ᠦ ᠰᠢᠮ᠎ᠡ ᠲᠡᠵᠢᠭᠡᠯ᠎ᠡᠴᠡ ᠢᠷᠡᠯᠲᠡ᠎ᠲᠡᠶ ᠶᠤᠮ᠃ ᠲᠡᠦᠬᠡᠨ ᠳᠡᠭᠡᠷ᠎ᠡ᠂ ᠠᠷᠠᠳ ᠲᠦᠮᠡᠨ᠎ᠡᠴᠡ ᠬᠥᠨᠳᠡᠶ᠋ᠢᠷᠡᠭᠰᠡᠨ ᠲᠦᠷᠦ᠎ᠶᠢᠨ ᠨᠠᠮ᠎ᠤᠳ ᠡᠴᠦᠰ᠎ᠲᠡᠬᠡᠨ ᠮᠥᠬᠥᠬᠦ᠌ ᠵᠦᠭᠲᠡᠬᠡᠨ ᠶᠠᠪᠤᠭᠰᠠᠨ ᠶᠤᠮ; ᠭᠡᠲᠡᠯ᠎ᠡ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠦᠯᠢᠭᠡᠷ ᠪᠣᠯ ᠦᠰᠦᠳ ᠥᠭᠡᠷ᠎ᠡ ᠶᠤᠮ — ᠨᠠᠮ ᠪᠠᠶ᠋ᠢᠭᠤᠯᠤᠭᠳᠠᠭᠰᠠᠨ 105 ᠵᠢᠯ᠎ᠦᠨ ᠲᠤᠷᠰᠢ᠂ ᠲᠡᠷᠡ ᠮᠥᠨ ᠬᠦ᠌ ᠠᠷᠠᠳ ᠲᠦᠮᠡᠨ᠎ᠦ ᠳᠤᠮᠳᠠ᠎ᠡᠴᠡ ᠲᠠᠰᠤᠷᠠᠯᠲᠠ ᠦᠭᠡᠶ ᠬᠦᠴᠦᠨ ᠴᠢᠳᠠᠯ ᠣᠯᠵᠠᠢ᠃
《ᠠᠷᠠᠳ ᠲᠦᠮᠡᠨ᠎ᠦ ᠳᠤᠮᠳᠠ ᠭᠦᠨ ᠦᠨᠳᠦᠰᠦᠯᠡᠭᠰᠡᠨ》᠎ᠨᠢ《ᠠᠷᠠᠳ ᠲᠦᠮᠡᠨ᠎ᠲᠡᠶ ᠡᠷᠡᠰ᠎ᠢᠶᠡᠷ ᠵᠤᠭᠰᠤᠯᠳᠠ ᠨᠢᠭᠡᠳᠡᠢ᠂ ᠪᠤᠳᠤᠯ ᠨᠢᠭᠡᠳᠡᠢ᠂ ᠠᠵᠢᠯᠯᠠᠭ᠎ᠠ ᠨᠢᠭᠡᠳᠡᠢ》ᠠᠭᠤᠤ ᠶᠡᠬᠡ ᠦᠢᠯᠡᠳᠦᠯᠭᠡ ᠳᠤᠮᠳᠠ ᠢᠯᠡᠷᠡᠨ᠎ᠡ —
7 ᠰᠠᠷ᠎ᠠ᠎ᠶᠢᠨ 1 ᠤ᠋ ᠦᠳᠡ᠎ᠶᠢᠨ ᠡᠮᠦᠨ᠎ᠡ᠂ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ᠂ ᠶᠡᠷᠦᠩᠬᠡᠢ ᠱᠦᠵᠢ ᠰᠢ ᠵᠢᠨ ᠫᠢᠩ 《7·1 ᠤ᠋ ᠭᠠᠪᠢᠶᠠᠨ ᠲᠡᠮᠳᠡᠭ》 ᠬᠦᠷᠳᠡᠭᠰᠡᠳᠲᠦ᠍ ᠭᠠᠪᠢᠶᠠᠨ ᠲᠡᠮᠳᠡᠭ ᠣᠯᠭᠣᠪᠠ᠃
《7·1 ᠤ᠋ ᠭᠠᠪᠢᠶᠠᠨ ᠲᠡᠮᠳᠡᠭ》 ᠬᠦᠷᠲᠡᠭᠴᠢ᠂ ᠨᠠᠮ ᠪᠣᠯᠤᠨ ᠠᠷᠠᠳ ᠲᠦᠮᠡᠨ᠎ᠦ ᠦᠢᠯᠡᠰ᠎ᠦᠨ ᠲᠥᠯᠥᠭᠡ ᠥᠪᠡᠷ᠎ᠦᠨ ᠠᠯᠢᠪᠠ᠎ᠪᠠᠨ ᠵᠣᠷᠢᠭᠤᠯᠵᠤ᠂ ᠠᠷᠠᠳ ᠲᠦᠮᠡᠨ᠎ᠦ ᠠᠰᠢᠭ ᠲᠤᠰᠠ᠎ᠶᠢᠨ ᠲᠥᠯᠥᠭᠡ ᠴᠥᠬᠥᠷᠡᠰᠢ ᠥᠬᠡᠶ ᠲᠡᠮᠡᠴᠡᠵᠦ᠍᠂ ᠪᠣᠳᠠᠲᠠᠶ ᠠᠵᠢᠯᠯᠠᠵᠤ ᠰᠢᠷᠭᠠᠭᠤ ᠬᠠᠲᠠᠭᠤᠵᠢᠯᠲᠠᠶ ᠠᠵᠢᠯᠯᠠᠬᠤ᠎ᠪᠠᠷ ᠡᠪ ᠬᠠᠮᠲᠤᠴᠤᠳ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶᠢ ᠲᠠᠶ᠋ᠢᠯᠪᠤᠷᠢᠯᠠᠵᠤ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠠᠯᠢᠪᠠ ᠪᠦᠬᠦᠨ᠎ᠳᠦ ᠠᠷᠠᠳ ᠲᠦᠮᠡᠨ᠎ᠦ ᠲᠥᠯᠥᠭᠡ ᠪᠠᠶ᠋ᠢᠬᠤ᠂ ᠠᠯᠢᠪᠠ ᠪᠦᠬᠦᠨ᠎ᠳᠦ ᠠᠷᠠᠳ ᠲᠦᠮᠡᠨ᠎ᠳᠦ ᠲᠦᠰᠢᠭᠯᠡᠬᠦ᠌ᠶᠢ ᠪᠠᠷᠢᠮᠲᠠᠯᠠᠬᠤ ᠢᠯᠡ ᠲᠣᠳᠣ ᠮᠥᠨ ᠴᠢᠨᠠᠷ᠎ᠢ ᠠᠮᠢᠳᠤᠯᠢᠭ᠎ᠢᠶᠠᠷ ᠢᠯᠡᠷᠡᠭᠦᠯᠪᠡ᠃
ᠨᠠᠮ᠎ᠤᠨ ᠦᠨᠳᠦᠰᠦ ᠰᠠᠭᠤᠷᠢ ᠠᠷᠠᠳ ᠲᠦᠮᠡᠨ᠎ᠳᠦ ᠪᠤᠢ᠂ ᠠᠮᠢᠨ ᠰᠤᠳᠠᠰᠤ ᠠᠷᠠᠳ ᠲᠦᠮᠡᠨ᠎ᠳᠦ ᠪᠤᠢ᠂ ᠬᠦᠴᠦᠨ ᠴᠢᠳᠠᠯ ᠠᠷᠠᠳ ᠲᠦᠮᠡᠨ᠎ᠳᠦ ᠪᠤᠢ᠃
105 ᠵᠢᠯ᠎ᠦᠨ ᠬᠠᠲᠠᠭᠤ ᠪᠡᠷᠬᠡ ᠲᠡᠮᠡᠴᠡᠯ ᠭᠡᠷᠡᠯ ᠰᠠᠴᠤᠷᠠᠩᠭᠤᠢ ᠠᠮᠵᠢᠯᠲᠠ ᠣᠯᠵᠤ᠂ ᠮᠠᠨ᠎ᠤ ᠨᠠᠮ ᠠᠷᠠᠳ ᠲᠦᠮᠡᠨ᠎ᠳᠦ ᠴᠢᠩᠭ᠎ᠠ ᠲᠦᠰᠢᠭᠯᠡᠨ ᠠᠯᠢ ᠤᠯᠠᠨ ᠬᠦᠴᠢᠷ ᠪᠡᠷᠬᠡᠰᠢᠶᠡᠯ᠎ᠢ ᠢᠯᠡᠨ ᠳᠠᠪᠠᠵᠤ᠂ ᠠᠯᠢ ᠤᠯᠠᠨ ᠢᠯᠠᠯᠲᠠ᠎ᠶᠢ ᠣᠯᠵᠠᠢ᠃ ᠳᠤᠮᠳᠠᠳᠤ᠎ᠶᠢᠨ ᠦᠨᠳᠦᠰᠦᠲᠡᠨ ᠪᠣᠰᠴᠤ᠌ ᠵᠣᠭᠰᠣᠭᠰᠠᠨ ᠪᠠ ᠪᠠᠶᠠᠵᠢᠭᠰᠠᠨᠡᠴᠡᠪᠠᠨ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ᠎ᠶᠢ ᠨᠠᠮ ᠪᠣᠯᠤᠨ ᠠᠷᠠᠳ ᠲᠦᠮᠡᠨ ᠬᠠᠮᠲᠤ᠎ᠪᠠᠷ ᠴᠢᠷᠮᠠᠢᠨ ᠲᠡᠮᠡᠴᠡᠵᠦ᠍ ᠪᠠᠶ᠋ᠢᠭᠠᠳ ᠣᠯᠤᠭᠰᠠᠨ ᠶᠤᠮ᠃
ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠠᠷᠠᠳ ᠲᠦᠮᠡᠨ᠎ᠢ ᠳᠡᠭᠡᠳᠦᠯᠡᠬᠦ᠌᠎ᠶᠢ ᠪᠠᠷᠢᠮᠲᠠᠯᠠᠵᠤ᠂ ᠠᠷᠠᠳ ᠲᠦᠮᠡᠨ᠎ᠳᠦ ᠵᠣᠯ ᠵᠢᠷᠭᠠᠯ ᠣᠯᠭᠣᠵᠤ᠂ ᠠᠷᠠᠳ ᠲᠦᠮᠡᠨ᠎ᠳᠦ ᠲᠦᠰᠢᠭᠯᠡᠨ ᠲᠡᠦᠬᠡ᠎ᠶᠢᠨ ᠠᠭᠤᠤ ᠦᠢᠯᠡᠰ᠎ᠢ ᠡᠭᠦᠳᠪᠡ᠃
《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶᠢᠨ ᠬᠦᠳᠤᠯᠪᠤᠷᠢ ᠵᠢ ᠦᠵᠡᠪᠡᠯ᠂ 20 ᠵᠦᠢᠯ᠎ᠦᠨ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠭᠤᠤᠯ ᠭᠦᠢᠴᠡᠳᠬᠡᠯ ᠲᠣᠭ᠎ᠠ᠎ᠶᠢᠨ ᠳᠣᠲᠣᠷ᠎ᠠ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠤᠨ ᠲᠥᠷᠥᠯ᠎ᠦᠨ ᠡᠵᠡᠯᠡᠬᠦ᠌ ᠬᠠᠷᠢᠴᠠᠯ ᠭᠤᠷᠪᠠᠨ᠎ᠤ ᠨᠢᠭᠡ ᠬᠤᠪᠢ᠎ᠶᠢ ᠳᠠᠪᠠᠵᠤ᠂ 109 ᠵᠦᠢᠯ᠎ᠦᠨ ᠴᠢᠬᠤᠯᠠ ᠶᠡᠬᠡ ᠢᠨᠵᠧᠨᠧᠷᠢᠩ᠎ᠦᠨ ᠵᠦᠢᠯ᠎ᠦᠨ ᠳᠣᠲᠣᠷ᠎ᠠ ᠠᠷᠠᠳ᠎ᠤᠨ ᠠᠮᠢᠳᠤᠷᠠᠯ᠎ᠤᠨ ᠢᠨᠵᠧᠨᠧᠷᠢᠩ 25 ᠵᠦᠢᠯ ᠪᠣᠯᠵᠠᠶ᠃ ᠢᠷᠡᠭᠡᠳᠦᠢ᠎ᠶᠢᠨ ᠲᠠᠪᠤᠨ ᠵᠢᠯ᠎ᠦᠨ ᠠᠤᠭ᠎ᠠ ᠠᠯᠤᠰ᠎ᠤᠨ ᠲᠥᠰᠦᠪᠲᠡᠬᠢ 《ᠠᠷᠠᠳ ᠲᠦᠮᠡᠨ》 ᠭᠡᠬᠦ᠌ ᠬᠣᠶᠠᠷ ᠦᠭᠡ ᠮᠠᠰᠢ ᠬᠦᠨᠳᠦ ᠶᠤᠮ᠃
ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ᠌ ᠪᠦᠬᠦ᠌ ᠶᠠᠪᠤᠴᠠ᠎ᠳᠤ ᠢᠮᠠᠭᠲᠠ ᠲᠤᠭᠤᠰᠢᠯᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠄《ᠠᠷᠠᠳ ᠲᠦᠮᠡᠨ᠎ᠳᠦ ᠪᠤᠶᠠᠨ ᠦᠢᠯᠡᠳᠬᠦ᠌ ᠪᠣᠯ ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠵᠤ᠂ ᠠᠷᠠᠳ᠎ᠤᠨ ᠲᠥᠯᠥᠭᠡ ᠲᠦᠷᠦ᠍ ᠪᠠᠷᠢᠬᠤ᠎ᠶᠢᠨ ᠮᠥᠨ ᠴᠢᠨᠠᠷ᠎ᠤᠨ ᠱᠠᠭᠠᠷᠳᠠᠯᠭ᠎ᠠ ᠮᠥᠨ》ᠭᠡᠵᠤ ᠵᠢᠭᠠᠵᠤ ᠭᠠᠷᠭᠠᠪᠠ᠃ ᠳᠤᠮᠳᠠᠳᠤ ᠤᠯᠤᠰ᠎ᠤᠨ ᠡᠪ ᠬᠠᠮᠲᠤ᠌ ᠨᠠᠮ ᠠᠷᠠᠳ ᠲᠦᠮᠡᠨ᠎ᠢ ᠳᠡᠭᠡᠳᠦᠯᠡᠬᠦ᠌ ᠪᠣᠯ ᠨᠠᠮ᠎ᠤᠨ ᠦᠨᠳᠦᠰᠦᠨ ᠤᠯᠤᠰ ᠲᠥᠷᠥ᠎ᠶᠢᠨ ᠵᠣᠭᠰᠣᠯᠲᠠ ᠮᠥᠨ᠂ ᠮᠠᠨ᠎ᠤ ᠤᠯᠤᠰ᠎ᠤᠨ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠦᠨᠳᠦᠰᠦᠨ ᠥᠷᠲᠡᠭ᠎ᠦᠨ ᠬᠠᠨᠳᠤᠰᠢ ᠮᠥᠨ ᠭᠡᠳᠡᠭ᠎ᠢ ᠢᠮᠠᠭᠲᠠ ᠪᠠᠷᠢᠮᠲᠠᠯᠠᠵᠤ᠂ ᠬᠥᠭᠵᠢᠭᠦᠯᠬᠦ᠌ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ᠎ᠶᠢ ᠴᠢᠬᠤᠯᠠᠴᠢᠯᠠᠨ᠂ ᠠᠷᠠᠳ᠎ᠤᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ ᠳᠤᠮᠳᠠ ᠬᠥᠭᠵᠢᠯᠲᠡ᠎ᠶᠢᠨ ᠣᠷᠣᠨ ᠵᠠᠶ᠎ᠶᠢ ᠥᠷᠭᠡᠳᠬᠡᠵᠦ᠍᠂ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ᠎ᠶᠢᠨ ᠦᠷ᠎ᠡ ᠪᠦᠲᠦᠭᠡᠯ᠎ᠢ ᠪᠥᠬᠥ᠌ ᠠᠷᠠᠳ ᠲᠦᠮᠡᠨ᠎ᠳᠦ ᠨᠠᠩ ᠣᠯᠠᠨ ᠨᠠᠩ ᠭᠤᠤᠯᠴᠢ᠎ᠪᠠᠷ ᠬᠦᠷᠲᠡᠭᠡᠪᠡ᠃
ᠠᠷᠠᠳ ᠲᠦᠮᠡᠨ᠎ᠦ ᠭᠤᠤᠯ ᠴᠣᠭᠴᠠ᠎ᠶᠢᠨ ᠪᠠᠶ᠋ᠢᠷᠢ ᠰᠠᠭᠤᠷᠢ᠎ᠶᠢ ᠢᠮᠠᠭᠲᠠ ᠪᠠᠷᠢᠮᠲᠠᠯᠠᠪᠠ᠃ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠠᠯᠢᠪᠠ ᠲᠦᠷᠦ᠍ ᠪᠠᠷᠢᠬᠤ ᠠᠵᠢᠯᠯᠠᠭ᠎ᠠ᠂ ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠢᠪᠠ ᠵᠠᠰᠠᠯᠲᠠ ᠵᠢᠨ ᠠᠵᠢᠯᠯᠠᠭ᠎ᠠ ᠨᠢ ᠴᠥᠮ ᠠᠷᠠᠳ ᠲᠦᠮᠡᠨ᠎ᠦ ᠭᠤᠤᠯ ᠴᠣᠭᠴᠠ᠎ᠶᠢᠨ ᠪᠠᠶ᠋ᠢᠷᠢ ᠰᠠᠭᠤᠷᠢ᠎ᠶᠢ ᠬᠦᠨᠳᠦᠳᠬᠡᠵᠦ᠍᠂ ᠠᠷᠠᠳ ᠲᠦᠮᠡᠨ᠎ᠦ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶᠢ ᠬᠦᠨᠳᠦᠳᠬᠡᠵᠦ᠍᠂ ᠥᠷᠭᠡᠨ ᠤᠯᠠᠨ ᠠᠷᠠᠳ ᠲᠦᠮᠡᠨ᠎ᠦ ᠢᠳᠡᠪᠬᠢᠵᠢᠯ᠂ ᠰᠠᠨᠠᠭᠠᠴᠢᠯᠠᠭᠠᠲᠤ᠌ ᠴᠢᠨᠠᠷ᠂ ᠪᠦᠲᠦᠭᠡᠯᠴᠢ ᠴᠢᠨᠠᠷ᠎ᠢ ᠭᠦᠢᠴᠡᠳ ᠪᠠᠳᠠᠷᠠᠭᠤᠯᠵᠤ᠂《ᠤᠯᠤᠰ ᠲᠦᠷᠦ᠎ᠶᠢᠨ ᠤᠶᠤᠨ ᠤᠬᠠᠭᠠᠨ᠎ᠢᠶᠠᠨ ᠨᠡᠮᠡᠭᠳᠡᠭᠦᠯᠬᠦ᠌᠂ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ᠌ ᠴᠢᠳᠠᠪᠤᠷᠢ᠎ᠪᠠᠨ ᠴᠢᠩᠭᠠᠷᠠᠭᠤᠯᠬᠤ᠎ᠶᠢ ᠠᠷᠠᠳ ᠲᠦᠮᠡᠨ᠎ᠦ ᠪᠦᠲᠦᠭᠡᠯᠴᠢ ᠴᠢᠨᠠᠷᠲᠠᠢ ᠦᠢᠯᠡᠳᠦᠯᠭᠡ᠎ᠶᠢᠨ ᠳᠤᠮᠳᠠ ᠭᠦᠨ ᠦᠨᠳᠦᠰᠦᠯᠡᠭᠦᠯᠦᠭᠰᠡᠨ ᠶᠤᠮ》᠃
ᠠᠷᠠᠳ ᠲᠦᠮᠡᠨᠬᠦᠷᠢᠶᠡᠯᠡᠬᠦ᠌ ᠡᠰᠡᠬᠦ᠌᠂ ᠰᠠᠢᠰᠢᠶᠠᠬᠤ ᠡᠰᠡᠬᠦ᠌᠂ ᠪᠠᠶᠠᠷᠯᠠᠬᠤ ᠡᠰᠡᠬᠦ᠌᠂ ᠵᠦᠪᠰᠢᠶᠡᠷᠡᠬᠦ ᠡᠰᠡᠬᠦ᠌᠎ᠪᠡᠷ ᠠᠯᠢᠪᠠ ᠠᠵᠢᠯ᠎ᠤᠨ ᠣᠯᠵᠤ ᠠᠯᠳᠠᠬᠤ᠎ᠶᠢ ᠬᠡᠮᠵᠢᠬᠦ᠌ ᠦᠨᠳᠦᠰᠦᠨ ᠪᠠᠷᠢᠮᠵᠢᠶ᠎ᠠ ᠪᠣᠯᠭᠠᠬᠤ᠎ᠶᠢ ᠢᠮᠠᠭᠲᠠ ᠪᠠᠷᠢᠮᠲᠠᠯᠠᠪᠠ᠃ ᠠᠷᠠᠳ ᠲᠦᠮᠡᠨ᠎ᠦ ᠰᠠᠢ᠌ᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢᠶᠡᠷ ᠢᠮᠠᠭᠲᠠ ᠬᠤᠪᠢᠷᠠᠰᠢ ᠦᠭᠡᠢ ᠲᠡᠮᠡᠴᠡᠬᠦ᠌ ᠬᠠᠷᠠᠯᠲᠠ᠎ᠪᠠᠨ ᠪᠣᠯᠭᠠᠵᠤ᠂ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠍᠂ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠳᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠳᠦᠮᠵᠢ ᠭᠠᠷᠭᠠᠬᠤ᠎ᠶᠢ ᠪᠠᠷᠢᠮᠲᠠᠯᠠᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠳᠡᠶ᠋ᠢᠯᠬᠦ᠌ ᠪᠣᠳᠠᠲᠤ᠌ ᠠᠮᠵᠢᠯᠲᠠ᠎ᠶᠢ ᠴᠢᠷᠮᠠᠶ᠋ᠢᠨ ᠡᠭᠦᠳᠪᠠ᠃
《ᠠᠷᠠᠳ ᠲᠦᠮᠡᠨ ᠪᠣᠯ ᠲᠡᠦᠬᠡ᠎ᠶᠢᠨ ᠡᠭᠦᠳᠦᠨ ᠪᠦᠲᠦᠭᠡᠭᠴᠢ᠂ ᠵᠢᠩᠬᠢᠨᠢ ᠪᠠᠭᠠᠲᠤᠷ ᠮᠥᠨ》᠃
ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷ᠎ᠡ᠂ ᠠᠷᠠᠳ ᠲᠦᠮᠡᠨ᠎ᠦ ᠤᠳᠤᠷᠢᠳᠤᠭᠴᠢ᠎ᠶᠢᠨ ᠠᠷᠠᠳ ᠲᠦᠮᠡᠨ᠎ᠳᠡᠬᠢ ᠭᠦᠨ ᠵᠤᠵᠠᠭᠠᠨ ᠮᠠᠭᠲᠠᠭᠠᠯ ᠰᠠᠶ᠋ᠢᠰᠢᠶᠠᠯ ᠨᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠢᠮᠠᠭᠲᠠ ᠬᠤᠪᠢᠷᠠᠰᠢ ᠦᠭᠡᠢ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠶᠢ ᠬᠠᠷᠠᠭᠤᠯᠪᠠ᠃
《ᠠᠷᠠᠳ ᠲᠦᠮᠡᠨ᠎ᠦ ᠳᠤᠮᠳᠠ ᠭᠦᠨ ᠦᠨᠳᠦᠰᠦᠯᠡᠵᠦ᠍᠂ ᠢᠮᠠᠭᠲᠠ ᠪᠠᠲᠤ᠌ ᠪᠡᠬᠢ ᠰᠠᠭᠤᠷᠢ᠎ᠲᠠᠶ ᠪᠠᠶ᠋ᠢᠬᠤ》 ᠪᠣᠯ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠵᠠᠭᠤ ᠭᠠᠷᠤᠢ ᠵᠢᠯ᠎ᠦᠨ ᠰᠠᠯᠬᠢ ᠪᠣᠷᠣᠭᠠᠨ᠎ᠢ ᠰᠦᠷᠦᠨ ᠤᠷᠤᠭᠰᠢᠯᠠᠭᠰᠠᠨ ᠭᠦᠨᠵᠡᠭᠡᠢ ᠰᠡᠩᠬᠡᠷᠡᠭᠦᠯᠦᠯ ᠮᠥᠨ᠂ ᠨᠡᠩ ᠴᠤ᠌ ᠨᠠᠮ᠎ᠡᠴᠡ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠢᠷᠡᠭᠡᠳᠦᠢ ᠵᠦᠭ ᠤᠷᠤᠭᠰᠢᠯᠠᠬᠤ ᠦᠨᠳᠦᠰᠦᠨ ᠵᠢᠷᠤᠮᠯᠠᠯ ᠮᠥᠨ᠃ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠢᠨ᠎ᠡ ᠠᠶᠠᠨ᠎ᠳᠤ᠂ ᠮᠠᠨ᠎ᠤ ᠨᠠᠮ ᠢᠮᠠᠭᠲᠠ ᠠᠷᠠᠳ ᠤᠯᠠᠨ᠎ᠯᠤᠭ᠎ᠠ᠎ᠶᠢᠨ ᠴᠢᠰᠤ ᠮᠢᠬᠠᠨ᠎ᠤ ᠬᠠᠷᠢᠴᠠᠭ᠎ᠠ᠎ᠪᠠᠨ ᠪᠠᠲᠤᠯᠠᠵᠤ᠂ ᠠᠷᠠᠳ ᠲᠦᠮᠡᠨ᠎ᠲᠡᠶ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠠᠷᠠᠳ ᠲᠦᠮᠡᠨ᠎ᠲᠡᠶ ᠰᠡᠳᠬᠢᠯ ᠵᠢᠷᠦᠬᠡ᠎ᠪᠡᠨ ᠬᠣᠯᠪᠣᠪᠠᠯ᠂ ᠨᠠᠮ ᠪᠣᠯᠤᠨ ᠠᠷᠠᠳ ᠲᠦᠮᠡᠨ᠎ᠦ ᠦᠢᠯᠡᠰ ᠲᠠᠳᠠᠭᠤᠷᠠᠰᠢ ᠦᠭᠡᠢ ᠬᠦᠴᠦᠨ ᠴᠢᠳᠠᠯ᠎ᠤᠨ ᠡᠬᠢ ᠪᠤᠯᠠᠭ᠎ᠲᠠᠶ ᠪᠣᠯᠬᠤ ᠨᠢ ᠯᠠᠪᠲᠠᠢ ᠶᠤᠮ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ ᠴᠠᠬᠢᠯᠭᠠᠨ ᠮᠡᠳᠡᠭᠡ ᠡᠴᠡ)