ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭᠯᠡᠯ ᠦᠶᠡᠷ ᠤ᠋ᠨ ᠬᠤᠭᠤᠴᠠᠭᠠᠨ ᠳ᠋ᠡᠬᠢ ᠪᠠᠴᠢᠮ ᠪᠠᠶ᠋ᠢᠳᠠᠯ ᠢ᠋ ᠠᠷᠭᠠᠴᠠᠭᠠᠬᠤ ᠠᠵᠢᠯ ᠢ᠋ ᠴᠢᠩᠭ᠎ᠠ ᠠᠳᠬᠤᠵᠤ ᠪᠤᠢ
2026-07-23 10:46:33
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭᠯᠡᠯ ᠤᠢᠷ᠎ᠠ ᠳ᠋ᠤ ᠡᠯ᠎ᠡ ᠨᠢᠭᠡᠴᠢ ᠬᠠᠷᠢᠶ᠎ᠠ ᠣᠷᠣᠨ ᠤ᠋ ᠡᠵᠡᠩᠨᠡᠯᠲᠡ ᠢ᠋ᠢᠨ ᠪᠠᠢᠳᠠᠯ ᠳ᠋ᠠᠭᠠᠨ ᠰᠠᠭᠤᠷᠢᠯᠠᠨ ᠦᠶᠡᠷ ᠤ᠋ᠨ ᠬᠤᠭᠤᠴᠠᠭ᠎ᠠ ᠵᠢᠴᠢ ᠵᠣᠨ ᠤ᠋ ᠠᠮᠠᠷᠠᠯᠲᠠ ᠢ᠋ᠢᠨ ᠵᠦᠭᠡᠭᠡᠪᠦᠷᠢ ᠢ᠋ᠢᠨ ᠬᠤᠭᠤᠴᠠᠭᠠᠨ ᠤ᠋ ᠠᠶᠤᠯᠭᠦᠶ ᠦᠢᠯᠡᠳᠪᠦᠷᠢᠯᠡᠯ ᠤ᠋ᠨ ᠲᠦᠭᠰᠢᠭᠦᠷᠢ ᠢ᠋ᠢ ᠰᠤᠳᠤᠯᠤᠨ ᠮᠠᠭᠠᠳᠯᠠᠵᠤ ᠬᠠᠮᠳᠤ ᠪᠡᠷ ᠬᠠᠮᠢᠶᠠᠷᠤᠨ ᠡᠵᠡᠮᠳᠡᠬᠦ᠌ ᠪᠠ ᠪᠠᠴᠢᠮ ᠪᠠᠶ᠋ᠢᠳᠠᠯ ᠢ᠋ ᠠᠷᠭᠠᠴᠠᠭᠠᠬᠤ ᠠᠵᠢᠯ ᠢ᠋ ᠰᠠᠢᠲᠤᠷ ᠬᠢᠵᠤ ᠪᠠᠢᠨ᠎ᠠ᠃

ᠤᠢᠯᠠᠭᠠᠬᠰᠠᠨ ᠢ᠋ᠢᠡᠷ᠂ ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭᠯᠡᠯ ᠤ᠋ᠨ ᠬᠢᠩᠭᠠᠨ᠎ᠠᠢᠮᠠᠭ ᠲᠠᠬᠢ ᠬᠤᠪᠢᠶᠠᠷᠢ ᠺᠣᠮᠫᠠᠨᠢ ᠭᠡᠮ ᠰᠤᠭᠤᠭ ᠢ᠋ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠬᠤ ᠠᠵᠢᠯ ᠦᠷᠨᠢᠭᠦᠯᠵᠤ᠂ G302 ᠱᠤᠭᠤᠮ ᠳ᠋ᠤ ᠦᠶᠡᠷ ᠤ᠋ᠨ ᠬᠤᠭᠤᠴᠠᠭ᠎ᠠ ᠵᠢᠴᠢ ᠵᠣᠨ ᠤ᠋ ᠠᠮᠠᠷᠠᠯᠲᠠ ᠢ᠋ᠢᠨ ᠵᠦᠭᠡᠭᠡᠪᠦᠷᠢ ᠢ᠋ᠢᠨ ᠬᠤᠭᠤᠴᠠᠭᠠᠨ ᠤ᠋ ᠪᠠᠴᠢᠮ ᠪᠠᠶ᠋ᠢᠳᠠᠯ ᠢ᠋ ᠠᠷᠭᠠᠴᠠᠭᠠᠬᠤ ᠶᠡᠷᠦᠩᠬᠡᠶ᠋ᠢᠯᠡᠭᠰᠡᠨ ᠰᠣᠷᠢᠯᠲᠠ᠎ᠬᠢᠵᠤ᠂ ᠵᠠᠮ ᠤ᠋ᠨ ᠲᠤᠤᠷ ᠤ᠋ᠨ ᠭᠡᠨᠡᠳᠲᠡ ᠢ᠋ᠢᠨ ᠬᠡᠷᠡᠭ ᠢ᠋ ᠴᠤᠤᠷᠢᠶᠠᠲᠤᠨ ᠳᠠᠭᠠᠬᠤ᠂ ᠠᠶᠤᠯ ᠡᠴᠡ ᠠᠪᠤᠷᠠᠬᠤ᠂ ᠵᠠᠪᠳᠤᠨ ᠨᠡᠪᠲᠡᠷᠡᠭᠦᠯᠬᠦ᠌ ᠪᠠᠶ᠋ᠢᠯᠳᠤᠭᠠᠨ ᠤ᠋ ᠴᠢᠳᠠᠪᠤᠷᠢ ᠢ᠋ᠢ ᠪᠥᠬᠥ᠌ ᠲᠠᠯ᠎ᠠ ᠪᠡᠷ ᠰᠢᠯᠭᠠᠨ ᠪᠠᠢᠴᠠᠭᠠᠵᠤ᠂ ᠡᠯ᠎ᠡ ᠲᠥᠷᠥᠯ ᠤ᠋ᠨ ᠪᠠᠴᠢᠮ ᠪᠠᠶ᠋ᠢᠳᠠᠯ ᠢ᠋ ᠠᠷᠭᠠᠴᠠᠭᠠᠬᠤ ᠪᠡᠯᠡᠳᠬᠡᠯ ᠲᠥᠰᠦᠯ ᠤ᠋ᠨ ᠪᠣᠳᠠᠲᠠᠶ ᠬᠡᠷᠡᠭᠵᠢᠭᠦᠯᠬᠦ᠌ ᠴᠢᠨᠠᠷ᠂ ᠰᠢᠨᠵᠢᠯᠡᠬᠦ᠌ ᠤᠬᠠᠭᠠᠨᠴᠢ ᠴᠢᠨᠠᠷ ᠵᠢᠴᠢ ᠪᠠᠴᠢᠮ ᠪᠠᠶ᠋ᠢᠳᠠᠯ ᠢ᠋ ᠠᠷᠭᠠᠴᠠᠭᠠᠬᠤ ᠡᠩᠨᠡᠭᠡ ᠢ᠋ᠢᠨ ᠬᠠᠮᠵᠢᠯᠴᠠᠨ ᠪᠠᠶ᠋ᠢᠯᠳᠤᠬᠤ ᠪᠠ ᠰᠢᠢᠳᠪᠦᠷᠢᠯᠡᠬᠦ ᠴᠢᠳᠠᠪᠤᠷᠢ ᠢ᠋ᠢ ᠪᠦᠲᠦᠮᠵᠢᠲᠡᠶ ᠡᠵᠡᠮᠳᠡᠪᠡ; ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭᠯᠡᠯ ᠤ᠋ᠨ ᠬᠦᠯᠦᠨ ᠪᠤᠢᠷ ᠲᠡᠬᠢ ᠬᠤᠪᠢᠶᠠᠷᠢ ᠺᠣᠮᠫᠠᠨᠢ ᠦᠶᠡᠷ ᠤ᠋ᠨ ᠬᠤᠭᠤᠴᠠᠭ᠎ᠠ ᠵᠢᠴᠢ ᠵᠤᠨ ᠤ᠋ ᠠᠮᠠᠷᠠᠯᠲᠠ ᠢ᠋ᠢᠨ ᠵᠦᠭᠡᠭᠡᠪᠦᠷᠢ ᠢ᠋ᠢᠨ ᠬᠤᠭᠤᠴᠠᠭᠠᠨ ᠤ᠋ ᠵᠠᠰᠠᠮᠠᠯ ᠵᠠᠮ ᠤ᠋ᠨ ᠠᠶᠤᠯᠭᠦᠢ ᠦᠢᠯᠡᠳᠪᠦᠷᠢᠯᠡᠯ ᠤ᠋ᠨ ᠲᠦᠭᠰᠢᠭᠦᠷᠢ ᠢ᠋ᠢ ᠰᠡᠷᠭᠡᠶ᠋ᠢᠯᠡᠨ ᠡᠵᠡᠮᠳᠡᠬᠦ᠌ ᠠᠵᠢᠯ ᠢ᠋ ᠯᠠᠪᠳᠠᠭᠤᠨ ᠪᠠᠲᠤᠲᠠᠶ ᠰᠠᠶ᠋ᠢᠲᠤᠷ ᠬᠢᠵᠤ᠂ ᠬᠥᠯᠥᠨ ᠪᠣᠶ᠋ᠢᠷ ᠬᠣᠲᠠ ᠢ᠋ᠢᠨ ᠲᠠᠷᠢᠶᠠᠯᠠᠬᠤ ᠣᠷᠣᠨ᠂ ᠮᠠᠯᠵᠢᠬᠤ ᠣᠷᠣᠨ᠂ ᠰᠢᠭᠤᠶ᠋ᠢᠲᠤ᠌ ᠣᠷᠣᠨ ᠤ᠋ ᠠᠳᠠᠯᠢ ᠪᠤᠰᠤ ᠣᠷᠣᠨ ᠪᠦᠰᠡ ᠢ᠋ᠢᠨ ᠦᠶᠡᠷ ᠤ᠋ᠨ ᠬᠤᠭᠤᠴᠠᠭᠠᠨ ᠤ᠋ ᠠᠭᠤᠷ ᠠᠮᠢᠰᠬᠤᠯ ᠤ᠋ᠨ ᠣᠨᠴᠠᠯᠢᠭ ᠬᠢᠭᠡᠳ ᠵᠠᠰᠠᠮᠠᠯ ᠵᠠᠮ ᠤ᠋ᠨ ᠣᠨᠴᠠᠯᠢᠭ ᠲᠠᠶ ᠤᠶᠠᠯᠳᠤᠭᠤᠯᠤᠨ ᠭᠤᠤᠯᠳᠠᠯᠭ᠎ᠠ ᠲᠠᠶ ᠵᠠᠰᠠᠮᠠᠯ ᠵᠠᠮ ᠤ᠋ᠨ ᠬᠡᠰᠡᠭ ᠪᠠ ᠵᠠᠩᠭᠢᠯᠠᠭ᠎ᠠ ᠢ᠋ᠢᠨ ᠲᠦᠬᠦᠭᠡᠷᠦᠮᠵᠢ ᠢ᠋ᠢ ᠪᠥᠬᠥ᠌ ᠲᠠᠯ᠎ᠠ ᠪᠡᠷ ᠨᠠᠷᠢᠨ ᠬᠢᠨᠠᠮᠠᠭᠠᠶ ᠵᠢᠭᠰᠠᠭᠠᠨ ᠪᠠᠶ᠋ᠢᠴᠠᠭᠠᠵᠤ᠂ ᠪᠠᠴᠢᠮ ᠪᠠᠶ᠋ᠢᠳᠠᠯ ᠢ᠋ ᠠᠷᠭᠠᠴᠠᠭᠠᠵᠤ ᠰᠠᠭᠠᠳ ᠥᠬᠡᠶ ᠰᠢᠢᠳᠪᠦᠷᠢᠯᠡᠬᠦ ᠳᠡᠰ ᠳᠠᠷᠠᠭᠠᠯᠠᠯ ᠢ᠋ ᠲᠡᠭᠦᠯᠳᠡᠷᠵᠢᠭᠦᠯᠵᠦ᠍᠂ ᠡᠯ᠎ᠡ ᠲᠥᠷᠥᠯ ᠤ᠋ᠨ ᠠᠮᠤᠷ ᠲᠦᠪᠰᠢᠨ ᠤ᠋ ᠬᠡᠮ ᠰᠣᠭᠣᠭ ᠢ᠋ ᠨᠠᠷᠢᠯᠢᠭ ᠣᠨᠣᠴᠠᠲᠠᠶ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠪᠠ᠃

ᠣᠶ᠋ᠢᠷ᠎ᠠ ᠳ᠋ᠤ ᠰᠢᠯᠢ ᠢ᠋ᠢᠨ ᠭᠤᠤᠯ ᠠᠶ᠋ᠢᠮᠠᠭ ᠤ᠋ᠨ ᠪᠥᠬᠥ᠌ ᠣᠷᠣᠨ ᠪᠦᠰᠡ ᠦᠶᠡᠷ ᠤ᠋ᠨ ᠭᠤᠤᠯ ᠬᠤᠭᠤᠴᠠᠭᠠᠨ ᠳ᠋ᠤ ᠣᠷᠣᠵᠤ᠂ ᠵᠠᠷᠢᠮ ᠭᠠᠵᠠᠷ ᠲᠤ᠌ ᠦᠷᠭᠦᠯᠵᠢᠯᠡᠭᠰᠡᠨ ᠰᠢᠷᠦᠭᠦᠨ ᠪᠣᠷᠣᠭᠠᠨ ᠣᠷᠣᠪᠠ᠃ ᠡᠭᠦᠨ ᠳ᠋ᠤ ᠲᠤᠯᠤᠨ ᠨᠤᠤᠷ ᠰᠢᠶᠠᠨ ᠤ᠋ ᠯᠤᠸᠠᠨ ᠶᠤᠸᠠᠨ ᠪᠠᠯᠭᠠᠰᠤ ᠵᠢᠨ ᠬᠤᠷ᠎ᠠ ᠲᠤᠨᠳᠠᠰᠤᠨ ᠤ᠋ ᠬᠤᠷᠠᠮᠳᠤᠯ ᠤ᠋ᠨ ᠬᠡᠮᠵᠢᠶ᠎ᠡ 50 ᠮᠢᠯᠢᠮᠧᠲ᠋ᠷ ᠢ᠋ ᠳᠠᠪᠠᠵᠤ᠂ ᠵᠠᠰᠠᠮᠠᠯ ᠵᠠᠮ ᠤ᠋ᠨ ᠦᠶᠡᠷ ᠢ᠋ ᠰᠡᠷᠭᠡᠶ᠋ᠢᠯᠡᠬᠦ᠌ ᠳᠠᠷᠤᠯᠲᠠ ᠶᠡᠬᠡ ᠪᠡᠷ ᠨᠡᠮᠡᠭᠳᠡᠵᠠᠢ᠃ ᠮᠸᠩ ᠲᠦᠩ ᠠᠷᠠᠴᠢᠯᠠᠨ ᠬᠠᠮᠠᠭᠠᠯᠠᠯᠳᠠ ᠵᠢᠨ ᠰᠢᠯᠢ ᠢ᠋ᠢᠨ ᠭᠤᠤᠯ ᠳ᠋ᠡᠬᠢ ᠬᠤᠪᠢᠶᠠᠷᠢ ᠺᠣᠮᠫᠠᠨᠢ ᠲᠤᠰᠬᠠᠢ ᠮᠡᠷᠭᠡᠵᠢᠯ ᠤ᠋ᠨ ᠠᠶᠤᠯ ᠡᠴᠡ ᠠᠪᠤᠷᠠᠬᠤ ᠬᠦᠴᠦᠨ ᠢ᠋ ᠴᠤᠭᠯᠠᠭᠤᠯᠤᠨ ᠲᠦᠭᠰᠢᠭᠦᠷᠢ ᠢ᠋ᠢ ᠰᠤᠳᠤᠯᠤᠨ ᠮᠠᠭᠠᠳᠯᠠᠵᠤ᠂ ᠲᠤᠯᠤᠨ ᠨᠤᠤᠷ ᠰᠢᠶᠠᠨ ᠤ᠋ ᠵᠠᠮ ᠲᠡᠭᠡᠭᠡᠪᠦᠷᠢ ᠢ᠋ᠢᠨ ᠲᠣᠪᠴᠢᠶ᠎ᠠ ᠪᠤᠯᠤᠨ ᠵᠠᠮ ᠬᠠᠷᠢᠯᠴᠠᠭᠠᠨ ᠤ᠋ ᠬᠠᠮᠢᠶᠠᠷᠤᠯᠲᠠ ᠢ᠋ᠢᠨ ᠰᠠᠯᠠᠭ᠎ᠠ ᠮᠥᠴᠢᠷ ᠲᠠᠢ ᠬᠤᠯᠪᠤᠭᠠᠯᠠᠨ ᠬᠦᠳᠡᠯᠦᠯᠴᠠᠵᠤ᠂ ᠲᠦᠭᠰᠢᠭᠦᠷᠢᠲᠡᠢ ᠵᠠᠮ ᠤ᠋ᠨ ᠬᠡᠰᠡᠭ ᠢ᠋ ᠲᠦᠷ ᠴᠠᠭ ᠪᠢᠲᠡᠭᠦᠮᠵᠢᠯᠡᠨ᠂ ᠦᠶᠡᠷ ᠤ᠋ᠨ ᠬᠤᠭᠤᠴᠠᠭᠠᠨ ᠤ᠋ ᠵᠠᠰᠠᠮᠠᠯ ᠵᠠᠮ ᠤ᠋ᠨ ᠪᠠᠴᠢᠮ ᠪᠠᠶ᠋ᠢᠳᠠᠯ ᠢ᠋ ᠠᠷᠭᠠᠴᠠᠭᠠᠬᠤ ᠪᠡᠯᠡᠳᠬᠡᠯ ᠲᠥᠰᠦᠯ ᠢ᠋ ᠦᠳᠲᠡᠷ ᠲᠦᠷᠭᠡᠨ ᠡᠬᠢᠯᠡᠭᠦᠯᠵᠤ᠂ ᠪᠠᠴᠢᠮ ᠪᠠᠶ᠋ᠢᠳᠠᠯ ᠢ᠋ ᠠᠷᠭᠠᠴᠠᠭᠠᠬᠤ ᠬᠠᠶ᠋ᠢᠷ ᠴᠢᠯᠠᠭᠤ᠂ ᠬᠠᠮᠠᠭᠠᠯᠠᠯᠲᠠ ᠢ᠋ᠢᠨ ᠬᠠᠰᠢᠯᠭ᠎ᠠ᠂ ᠨᠡᠬᠡᠮᠡᠯ ᠤᠭᠤᠲᠠ ᠵᠡᠷᠭᠡ ᠦᠶᠡᠷ ᠢ᠋ ᠰᠡᠷᠭᠡᠶ᠋ᠢᠯᠡᠬᠦ᠌ ᠡᠳ᠋ ᠪᠣᠳᠠᠰ ᠢ᠋ ᠨᠢᠭᠡᠳᠦᠯᠲᠡᠶ ᠲᠥᠯᠥᠪᠵᠢᠭᠦᠯᠦᠨ᠂ ᠮᠠᠯᠲᠠᠭᠤᠷ ᠮᠠᠰᠢᠨ᠂ ᠤᠳᠬᠤᠭᠤᠷ ᠲᠡᠷᠭᠡ᠂ ᠲᠡᠭᠡᠭᠡᠪᠦᠷᠢ ᠢ᠋ᠢᠨ ᠲᠡᠷᠭᠡ ᠵᠡᠷᠭᠡ ᠠᠶᠤᠯ ᠡᠴᠡ ᠠᠪᠤᠷᠠᠬᠤ ᠲᠥᠬᠥᠭᠡᠷᠦᠮᠵᠢ ᠲᠤᠬᠢᠷᠠᠭᠤᠯᠵᠤ᠂ ᠪᠦᠬᠦ ᠬᠦᠴᠦᠨ ᠢ᠋ᠢᠡᠷ ᠵᠠᠪᠳᠤᠨ ᠵᠠᠰᠠᠬᠤ ᠠᠵᠢᠯ ᠥᠷᠨᠢᠭᠦᠯᠵᠤ᠂ ᠬᠠᠷᠢᠶ᠎ᠠ ᠣᠷᠣᠨ ᠤ᠋ ᠡᠪᠳᠡᠭᠳᠡᠭᠰᠡᠨ ᠵᠠᠮ ᠪᠤᠯᠤᠨ ᠬᠥᠭᠥᠷᠭᠡ ᠢ᠋ᠢ ᠪᠦᠬᠦᠨ ᠢ᠋ ᠵᠠᠰᠠᠨ ᠰᠡᠷᠭᠦᠭᠡᠵᠦ᠍ ᠨᠡᠪᠲᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号