ᠥᠪᠥᠷ ᠮᠣᠩᠭᠣᠯ ᠤ᠋ᠨ 12 ᠠᠶ᠋ᠢᠮᠠᠭ ᠬᠣᠲᠠ ᠵᠢᠨ ᠬᠡᠷᠡᠭᠯᠡᠭᠴᠢᠳ ᠤ᠋ᠨ ᠨᠡᠶ᠋ᠢᠭᠡᠮᠯᠢᠭ ᠤ᠋ᠨ ᠵᠣᠬᠢᠶᠠᠨ ᠪᠠᠶ᠋ᠢᠭᠤᠯᠤᠯᠲᠠ ᠵᠢᠨ ᠲᠤᠤᠷ ᠪᠦᠷᠢᠨᠰᠢᠪᠡ
2026-07-23 11:33:16
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠦᠡᠡᠡᠢ ᠬᠤᠲᠠ ᠶ᠋ᠢᠨ ᠬᠡᠷᠡᠭᠯᠡᠭᠴᠢᠳ ᠤ᠋ᠨ ᠨᠡᠶ᠋ᠢᠭᠡᠮᠯᠢᠭ ᠤ᠋ᠨ ᠵᠢᠩᠬᠢᠨᠢ ᠪᠡᠷ ᠰᠡᠷᠭᠦᠭᠡᠭᠳᠡᠵᠦ᠍ ᠪᠠᠶ᠋ᠢᠭᠤᠯᠤᠭᠳᠠᠬᠤ ᠵᠢ ᠳᠠᠭᠠᠯᠳᠤᠨ᠂ ᠥᠪᠥᠷ ᠮᠣᠩᠭᠣᠯ ᠤ᠋ᠨ 12 ᠠᠶ᠋ᠢᠮᠠᠭ ᠬᠤᠲᠠ 7 ᠰᠠᠷ᠎ᠠ ᠡᠴᠡ ᠡᠮᠦᠨ᠎ᠡ ᠬᠡᠷᠡᠭᠯᠡᠭᠴᠢᠳ ᠤ᠋ᠨ ᠨᠡᠶ᠋ᠢᠭᠡᠮᠯᠢᠭ ᠤ᠋ᠨ ᠵᠣᠬᠢᠶᠠᠨ ᠪᠠᠶ᠋ᠢᠭᠤᠯᠤᠯᠲᠠ ᠶ᠋ᠢᠨ ᠴᠣᠭᠴᠠᠯᠠᠯᠲᠠ ᠵᠢ ᠪᠦᠬᠦᠨ ᠢ᠋ ᠪᠡᠶᠡᠯᠡᠭᠦᠯᠵᠦ᠍᠂ ᠪᠦᠬᠦ᠌ ᠣᠷᠣᠨ ᠤ᠋ ᠭᠤᠷᠪᠠᠨ ᠱᠠᠲᠤᠨ ᠤ᠋ ᠬᠡᠷᠡᠭᠯᠡᠭᠴᠢᠳ ᠤ᠋ᠨ ᠨᠡᠶ᠋ᠢᠭᠡᠮᠯᠢᠭ ᠤ᠋ᠨ ᠵᠣᠬᠢᠶᠠᠨ ᠪᠠᠶ᠋ᠢᠭᠤᠯᠤᠯᠲᠠ ᠵᠢ ᠴᠤᠬᠴᠠᠯᠠᠬᠤ ᠠᠵᠢᠯ ᠤᠷᠤᠬᠰᠢᠲᠠᠢ ᠠᠬᠢᠵᠤ᠂ ᠦᠨᠳᠦᠰᠦᠨ ᠱᠠᠲᠤᠨ ᠤ᠋ ᠡᠷᠬᠡ ᠠᠰᠢᠭ ᠢ᠋ ᠬᠠᠮᠠᠭᠠᠯᠠᠬᠤ ᠬᠦᠴᠦᠨ ᠲᠠᠷᠠᠬᠠᠢ ᠪᠤᠲᠠᠷᠬᠠᠢ᠂ ᠡᠶᠡᠳᠡᠭᠦᠯᠬᠦ᠌ ᠴᠢᠳᠠᠪᠤᠷᠢ ᠬᠦᠷᠦᠯᠴᠡᠬᠦ᠌ ᠦᠭᠡᠢ ᠵᠡᠷᠭᠡ ᠬᠦᠴᠢᠷ ᠠᠰᠠᠭᠤᠳᠠᠯ ᠢ᠋ ᠰᠢᠰᠲ᠋ᠧᠮ ᠲᠠᠢ ᠰᠢ᠌ᠳᠪᠦᠷᠢᠯᠡᠬᠦ᠌ ᠪᠣᠯᠤᠬᠰᠠᠨ ᠪᠠᠢᠨ᠎ᠠ᠃

ᠥᠩᠭᠡᠷᠡᠭᠰᠡᠨ ᠳ᠋ᠤ᠂ ᠥᠪᠥᠷ ᠮᠣᠩᠭᠣᠯ ᠤ᠋ᠨ ᠦᠨᠳᠦᠰᠦᠨ ᠱᠠᠲᠤᠨ ᠤ᠋ ᠬᠡᠷᠡᠭᠯᠡᠭᠡ ᠶ᠋ᠢᠨ ᠡᠷᠬᠡ ᠠᠰᠢᠭ ᠢ᠋ ᠬᠠᠮᠠᠭᠠᠯᠠᠬᠤ ᠠᠵᠢᠯ ᠳ᠋ᠤ ᠰᠢᠰᠲ᠋ᠧᠮ ᠪᠦᠷᠢᠨ ᠪᠤᠰᠤ᠂ ᠵᠤᠬᠢᠶᠠᠨ ᠪᠠᠢᠭᠤᠯᠤᠯᠲᠠ ᠲᠡᠭᠦᠯᠳᠡᠷ ᠪᠤᠰᠤ᠂ ᠠᠵᠢᠯᠲᠠᠨ ᠤ᠋ ᠬᠦᠴᠦᠨ ᠪᠠᠭᠤᠷᠠᠶ ᠵᠡᠷᠭᠡ ᠪᠣᠳᠠᠲᠠᠶ ᠠᠰᠠᠭᠤᠳᠠᠯ ᠣᠷᠣᠰᠢᠵᠤ᠂ ᠬᠡᠷᠡᠭᠯᠡᠭᠡ ᠶ᠋ᠢᠨ ᠡᠷᠬᠡ ᠠᠰᠢᠭ ᠢ᠋ ᠬᠠᠮᠠᠭᠠᠯᠠᠬᠤ ᠦᠢᠯᠡᠴᠢᠯᠡᠭᠡ ᠵᠢ ᠦᠨᠳᠦᠰᠦᠨ ᠱᠠᠲᠤᠨ ᠤ᠋ ᠡᠮᠦᠨ᠎ᠡ ᠹᠷᠣᠨᠲ ᠲᠦ᠍ ᠬᠦᠷᠲᠡᠯ᠎ᠡ ᠪᠥᠬᠥ᠌ ᠲᠠᠯ᠎ᠠ᠎ᠪᠠᠷ ᠤᠷᠲᠤᠳᠬᠠᠬᠤ ᠶ᠋ᠢᠨ ᠠᠷᠭ᠎ᠠ ᠥᠬᠡᠶ ᠪᠠᠶ᠋ᠢᠪᠠ᠃ ᠦᠨᠳᠦᠰᠦᠨ ᠱᠠᠲᠤᠨ ᠤ᠋ ᠡᠷᠬᠡ ᠠᠰᠢᠭ ᠢ᠋ ᠬᠠᠮᠠᠭᠠᠯᠠᠬᠤ ᠲᠦᠭᠵᠢᠷᠡᠯ ᠠᠰᠠᠭᠤᠳᠠᠯ ᠢ᠋ ᠲᠤᠶ᠋ᠢᠯᠪᠤᠷᠢᠲᠠᠶ ᠰᠢᠢᠳᠪᠦᠷᠢᠯᠡᠬᠦ ᠶ᠋ᠢᠨ ᠲᠥᠯᠥᠭᠡ᠂ ᠥᠪᠥᠷ ᠮᠣᠩᠭᠣᠯ 2026 ᠣᠨ ᠤ᠋ ᠰᠡᠭᠦᠯᠴᠢ ᠡᠴᠡ ᠡᠮᠦᠨ᠎ᠡ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤ ᠵᠢ ᠬᠠᠮᠤᠷᠤᠭᠰᠠᠨ ᠬᠡᠷᠡᠭᠯᠡᠭᠴᠢᠳ ᠤ᠋ᠨ ᠨᠡᠶ᠋ᠢᠭᠡᠮᠯᠢᠭ ᠤ᠋ᠨ ᠵᠣᠬᠢᠶᠠᠨ ᠪᠠᠶ᠋ᠢᠭᠤᠯᠤᠯᠲᠠ ᠶ᠋ᠢᠨ ᠰᠢᠰᠲ᠋ᠧᠮ ᠢ᠋ ᠪᠠᠶ᠋ᠢᠭᠤᠯᠤᠨ᠎ᠠ ᠭᠡᠵᠦ᠍ ᠲᠣᠳᠣᠷᠬᠠᠶ᠋ᠢᠯᠠᠪᠠ᠃

ᠲᠥᠷᠥ ᠶ᠋ᠢᠨ ᠪᠣᠳᠣᠯᠭ᠎ᠠ ᠶ᠋ᠢᠨ ᠳᠡᠮᠵᠢᠯᠭᠡ ᠳᠤᠤᠷ᠎ᠠ᠂ ᠡᠯ᠎ᠡ ᠭᠠᠵᠠᠷ ᠤ᠋ᠨ ᠬᠡᠷᠡᠭᠯᠡᠭᠴᠢᠳ ᠤ᠋ᠨ ᠨᠡᠶ᠋ᠢᠭᠡᠮᠯᠢᠭ ᠢ᠋ ᠵᠣᠬᠢᠶᠠᠨ ᠪᠠᠶ᠋ᠢᠭᠤᠯᠬᠤ ᠠᠵᠢᠯ ᠪᠥᠬᠥ᠌ ᠲᠠᠯ᠎ᠠ ᠪᠡᠷ ᠲᠦᠷᠭᠡᠰᠪᠡ᠃ ᠣᠳᠣᠬᠠᠨ ᠪᠣᠯᠲᠠᠯ᠎ᠠ᠂ 12 ᠠᠶ᠋ᠢᠮᠠᠭ ᠬᠣᠲᠠ ᠴᠥᠮ ᠬᠡᠷᠡᠭᠯᠡᠭᠴᠢᠳ ᠤ᠋ᠨ ᠨᠡᠶ᠋ᠢᠭᠡᠮᠯᠢᠭ ᠤ᠋ᠨ ᠵᠣᠬᠢᠶᠠᠨ ᠪᠠᠶ᠋ᠢᠭᠤᠯᠤᠯᠲᠠ ᠶ᠋ᠢᠨ ᠴᠣᠭᠴᠠᠯᠠᠯᠲᠠ ᠵᠢ ᠪᠡᠶᠡᠯᠡᠭᠦᠯᠵᠦ᠍᠂ 65 ᠬᠣᠰᠢᠭᠤ ᠰᠢᠶᠠᠨ ᠬᠡᠷᠡᠭᠯᠡᠭᠴᠢᠳ ᠤ᠋ᠨ ᠨᠡᠶ᠋ᠢᠭᠡᠮᠯᠢᠭ ᠢ᠋ ᠵᠡᠷᠭᠡ ᠪᠡᠷ ᠪᠠᠶ᠋ᠢᠭᠤᠯᠪᠠ᠃ ᠡᠯ᠎ᠡ ᠱᠠᠲᠤᠨ ᠤ᠋ ᠬᠡᠷᠡᠭᠯᠡᠭᠴᠢᠳ ᠤ᠋ᠨ ᠨᠡᠶ᠋ᠢᠭᠡᠮᠯᠢᠭ ᠨᠢᠭᠡᠨᠲᠡ 1459 ᠬᠡᠷᠡᠭᠯᠡᠭᠡ ᠶ᠋ᠢᠨ ᠵᠠᠭᠤᠷᠠᠯᠳᠤᠭᠠᠨ ᠢ᠋ ᠬᠦᠯᠢᠶᠡᠨ ᠠᠪᠴᠤ᠌᠂ ᠬᠡᠷᠡᠭᠯᠡᠭᠴᠢᠳ ᠲᠦ᠍ 28.4 ᠲᠦᠮᠡᠨ ᠲᠥᠭᠥᠷᠢᠭ ᠤ᠋ᠨ ᠠᠵᠤ ᠠᠬᠤᠶ ᠶ᠋ᠢᠨ ᠬᠣᠬᠢᠷᠠᠯ ᠢ᠋ ᠡᠭᠡᠭᠦᠯᠦᠨ ᠠᠪᠴᠢᠷᠠᠪᠠ᠃ ᠬᠢᠨᠠᠨ ᠬᠠᠮᠢᠶᠠᠷᠴᠤ᠌ ᠬᠠᠤᠯᠢ ᠬᠡᠷᠡᠭᠵᠢᠭᠦᠯᠬᠦ᠌᠂ ᠵᠠᠷᠭᠤ ᠶ᠋ᠢᠨ ᠡᠶᠡᠳᠡᠭᠦᠯᠭᠡ᠂ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡ ᠵᠢ ᠵᠣᠯᠭᠠᠯᠳᠤᠭᠤᠯᠬᠤ ᠶ᠋ᠢᠨ ᠲᠥᠯᠥᠭᠡ᠂ ᠡᠯ᠎ᠡ ᠭᠠᠵᠠᠷ ᠤ᠋ᠨ ᠬᠢᠨ ᠵᠠᠰᠠᠭ ᠵᠠᠬᠢᠷᠭᠠᠨ ᠤ᠋ ᠪᠡᠬᠢᠯᠡᠯᠲᠡ ᠵᠢ ᠡᠪᠳᠡᠵᠦ᠍᠂ ᠳᠣᠲᠣᠭᠠᠳᠤ ᠵᠢ ᠬᠠᠮᠠᠭᠠᠯᠠᠬᠤ᠂ ᠬᠠᠤᠯᠢ ᠪᠠᠷᠢᠬᠤ᠂ ᠵᠠᠬᠢᠳᠠᠯ ᠰᠤᠷᠪᠤᠯᠵᠢᠯᠠᠭ᠎ᠠ᠂ ᠬᠣᠲᠠ ᠶ᠋ᠢᠨ ᠬᠠᠮᠢᠶᠠᠷᠤᠯᠲᠠ ᠵᠡᠷᠭᠡ ᠣᠯᠠᠨ ᠲᠠᠯ᠎ᠠ ᠶ᠋ᠢᠨ ᠬᠦᠴᠦᠨ ᠢ᠋ ᠬᠡᠷᠡᠭᠯᠡᠭᠴᠢᠳ ᠤ᠋ᠨ ᠨᠡᠶ᠋ᠢᠭᠡᠮᠯᠢᠭ ᠤ᠋ᠨ ᠬᠡᠷᠡᠭ ᠡᠷᠬᠢᠯᠡᠭᠴᠢᠳ ᠤ᠋ᠨ ᠬᠤᠷᠠᠯ ᠳ᠋ᠤ ᠨᠡᠢᠳᠭᠡᠨ ᠤᠷᠤᠭᠤᠯᠵᠤ᠂ ᠣᠯᠠᠨ ᠲᠠᠯ᠎ᠠ ᠪᠡᠷ ᠬᠠᠮᠲᠤᠷᠠᠨ ᠬᠥᠳᠡᠯᠦᠯᠴᠡᠭᠰᠡᠨ ᠡᠷᠬᠡ ᠵᠢ ᠬᠠᠮᠠᠭᠠᠯᠠᠬᠤ ᠬᠠᠮᠵᠢᠯᠴᠠᠨ ᠵᠠᠰᠠᠬᠤ ᠰᠢᠰᠲ᠋ᠧᠮ ᠢ᠋ ᠪᠠᠶ᠋ᠢᠭᠤᠯᠪᠠ᠃

ᠬᠤᠢᠰᠢᠳᠠ᠂ ᠥᠪᠥᠷ ᠮᠣᠩᠭᠣᠯ ᠤ᠋ᠨ ᠡᠯ᠎ᠡ ᠱᠠᠲᠤᠨ ᠤ᠋ ᠬᠡᠷᠡᠭᠯᠡᠭᠴᠢᠳ ᠤ᠋ᠨ ᠨᠡᠶ᠋ᠢᠭᠡᠮᠯᠢᠭ ᠤ᠋ᠨ ᠬᠢᠨ ᠠᠵᠢᠯᠲᠠᠨ ᠢ᠋ᠶ᠋ᠡᠨ ᠦᠷᠭᠦᠯᠵᠢᠯᠡᠨ ᠭᠦᠢᠴᠡᠳ ᠲᠣᠬᠢᠷᠠᠭᠤᠯᠤᠨ᠂ ᠠᠵᠢᠯᠯᠠᠭᠠᠨ ᠤ᠋ ᠲᠣᠭᠲᠠᠴᠠ ᠵᠢ ᠲᠡᠭᠦᠯᠳᠡᠷᠵᠢᠭᠦᠯᠵᠦ᠂ ᠲᠤᠰᠬᠠᠶ᠋ᠢᠵᠢᠭᠰᠠᠨ ᠡᠶᠡᠳᠡᠭᠦᠯᠬᠦ᠌ ᠴᠢᠳᠠᠪᠤᠷᠢᠲᠠᠨ ᠤ᠋ ᠡᠩᠨᠡᠭᠡ ᠵᠢ ᠵᠣᠬᠢᠶᠠᠨ ᠪᠠᠶ᠋ᠢᠭᠤᠯᠵᠤ᠂ ᠬᠡᠷᠡᠭᠯᠡᠭᠴᠢᠳ ᠤ᠋ᠨ ᠨᠡᠢᠭᠡᠮᠯᠢᠭ ᠤ᠋ᠨ ᠵᠤᠬᠢᠶᠠᠨ ᠪᠠᠢᠭᠤᠯᠤᠯᠲᠠ ᠶ᠋ᠢᠨ ᠡᠶᠡᠳᠡᠭᠦᠯᠭᠡ ᠪᠠ ᠵᠠᠷᠭᠤ ᠶ᠋ᠢᠨ ᠡᠶᠡᠳᠡᠭᠦᠯᠭᠡ ᠶ᠋ᠢᠨ ᠦᠷ᠎ᠡ ᠳ᠋ᠦᠩ ᠢ᠋ ᠬᠠᠷᠢᠯᠴᠠᠨ ᠮᠡᠳᠡᠷᠡᠬᠦ᠌ ᠵᠢ ᠠᠬᠢᠭᠤᠯᠤᠨ᠂ ᠬᠡᠷᠡᠭᠯᠡᠭᠡᠨ ᠤ᠋ ᠬᠦᠷᠢᠶᠡᠨ ᠳ᠋ᠡᠬᠢ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ᠋ ᠠᠩᠬᠠᠷᠤᠨ ᠰᠠᠨᠠᠭᠠᠴᠢᠯᠠᠭ᠎ᠠ ᠡᠴᠡ ᠪᠠᠨ ᠰᠢᠢᠳᠪᠦᠷᠢᠯᠡᠵᠦ᠂ ᠦᠨᠳᠦᠰᠦᠨ ᠱᠠᠲᠤᠨ ᠤ᠋ ᠬᠡᠷᠡᠭᠯᠡᠭᠡᠨ ᠤ᠋ ᠡᠷᠬᠡ ᠠᠰᠢᠭ ᠢ᠋ ᠬᠠᠮᠠᠭᠠᠯᠠᠬᠤ ᠲᠤᠤᠷ ᠢ᠋ ᠦᠷᠭᠦᠯᠵᠢᠯᠡᠨ ᠨᠢᠭᠲᠠ ᠰᠦᠯᠵᠢᠵᠦ᠍᠂ ᠣᠯᠠᠨ ᠲᠦᠮᠡᠨ ᠳ᠋ᠤ ᠠᠮᠤᠷ ᠲᠦᠪᠰᠢᠨ᠂ ᠰᠠᠨᠠᠭ᠎ᠠ ᠠᠮᠤᠷ᠂ ᠲᠠᠭᠠᠯᠠᠮᠵᠢᠲᠠᠶ ᠬᠡᠷᠡᠭᠯᠡᠭᠡᠨ ᠤ᠋ ᠣᠷᠴᠢᠨ ᠨᠥᠬᠥᠴᠡᠯ ᠢ᠋ ᠪᠣᠶ ᠪᠣᠯᠭᠠᠵᠤ ᠥᠭᠭᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号