ᠵᠢᠷᠭᠤᠳᠤᠭᠠᠷ ᠬᠤᠭᠤᠴᠠᠭᠠᠨ ᠎ᠤ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠠᠰᠫᠢᠷᠠᠨᠲ᠎ᠤᠨ ᠣᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠬᠡᠷᠡᠭ᠎ᠦᠨ ᠵᠢᠱ᠌ᠢᠶ᠎ᠠ ᠵᠢᠨ ᠤᠷᠤᠯᠳᠤᠭᠠᠨ ᠶᠠᠪᠤᠭᠳᠠᠪᠠ
2026-07-24 10:14:22
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠡᠴᠡ ᠳᠠᠭᠠᠭᠠᠴᠢᠯᠠᠨ ᠡᠷᠭᠢᠯᠡᠭᠰᠡᠨ ᠵᠢᠷᠭᠤᠳᠤᠭᠠᠷ ᠬᠤᠭᠤᠴᠠᠭᠠᠨ ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠰᠫᠢᠷᠠᠨᠲ᠎ᠤᠨ ᠣᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠬᠡᠷᠡᠭ᠎ᠦᠨ ᠵᠢᠱ᠌ᠢᠶ᠎ᠠ ᠵᠢᠨ ᠤᠷᠤᠯᠳᠤᠭᠠᠨ ᠲᠦᠷᠦᠬᠦᠬᠡᠨ ᠬᠦᠬᠡᠬᠤᠳᠠ ᠳ᠋ᠤ ᠶᠠᠪᠤᠭᠳᠠᠪᠠ᠃ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠦᠨᠳᠦᠰᠦᠲᠡᠨ ᠎ᠦ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ ᠵᠡᠷᠭᠡ ᠥᠪᠡᠷᠲᠡᠭᠡᠨ ᠵᠠᠰᠠᠬᠤ ᠣᠷᠣᠨ ᠎ᠤ MPA ᠬᠥᠮᠥᠵᠢᠭᠦᠯᠬᠦ 6 ᠶᠡᠬᠡ ᠳᠡᠭᠡᠳᠦ ᠰᠤᠷᠭᠠᠭᠤᠯᠢ᠎ᠶᠢᠨ 120 ᠭᠠᠷᠤᠢ ᠰᠤᠷᠤᠭᠴᠢ ᠤᠷᠤᠯᠳᠤᠭᠠᠨ᠎ᠳᠤ ᠣᠷᠣᠯᠴᠠᠵᠠᠢ ᠃

ᠣᠢᠯᠠᠭᠠᠭᠰᠠᠨ᠎ᠢᠶᠠᠷ᠂  ᠪᠥᠬᠥ ᠣᠷᠣᠨ ᠎ᠤ 6 ᠶᠡᠬᠡ ᠳᠡᠭᠡᠳᠦ ᠰᠤᠷᠭᠠᠭᠤᠯᠢ᠎ᠶᠢᠨ 12 ᠪᠦᠯᠬᠦᠮ ᠰᠢᠢᠳᠪᠦᠷᠢᠲᠦ ᠤᠷᠤᠯᠳᠤᠭᠠᠨ ᠎ᠳᠤ ᠤᠷᠤᠯᠴᠠᠪᠠ᠃  ᠤᠷᠤᠯᠳᠤᠭᠠᠨ ᠨᠢ ᠠᠵᠤ ᠦᠢᠯᠡᠰ᠎ᠦᠨ ᠬᠡᠯᠪᠡᠷᠢ᠎ᠪᠠᠨ ᠬᠤᠪᠢᠷᠠᠭᠤᠯᠬᠤ᠂ ᠠᠮᠢ ᠠᠬᠤᠢ᠎ᠶᠢᠨ ᠦᠷᠳᠡᠭ᠎ᠢ ᠬᠤᠪᠢᠷᠠᠭᠤᠯᠬᠤ᠂ ᠤᠯᠠᠨ ᠨᠡᠶ᠋ᠢᠲᠡ᠎ᠶᠢᠨ ᠵᠠᠰᠠᠯᠲᠠ᠎ᠶᠢᠨ ᠥᠭᠡᠷᠡᠴᠢᠯᠡᠯᠲᠡ᠂ ᠦᠨᠳᠦᠰᠦᠨ ᠱᠠᠲᠤᠨ᠎ᠤ ᠵᠥᠷᠢᠴᠡᠯ᠎ᠢ ᠨᠠᠮᠳᠠᠭᠤᠯᠬᠤ ᠵᠡᠷᠭᠡ ᠤᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠬᠠᠯᠠᠮᠰᠢᠯ ᠰᠡᠳᠦᠪ᠎ᠦᠨ ᠲᠣᠭᠣᠷᠢᠨ᠎ᠳᠤ ᠰᠢᠷᠦᠭᠦᠨ ᠥᠷᠢᠰᠦᠯᠳᠦᠪᠠ᠃ ᠰᠢᠢᠳᠪᠦᠷᠢᠲᠦ ᠤᠷᠤᠯᠳᠤᠭᠠᠨ᠎ᠤ ᠲᠤᠬᠠᠢ᠎ᠶᠢᠨ ᠲᠠᠯᠠᠪᠤᠷ᠎ᠲᠤ᠂ ᠤᠷᠤᠯᠳᠤᠭᠠᠨ᠎ᠳᠤ ᠣᠷᠣᠯᠴᠠᠭᠰᠠᠨ ᠡᠯ᠎ᠡ ᠪᠦᠯᠬᠦᠮ᠎ᠤᠨ ᠬᠢᠨ ᠥᠪᠡᠷ᠎ᠦᠨ ᠲᠣᠭᠠᠴᠢᠯᠲᠠ᠂  ᠠᠰᠠᠭᠤᠯᠲᠠ ᠳᠤᠷᠠᠳᠬᠤ᠂ ᠴᠢᠯᠦᠭᠡᠲᠡᠢ ᠮᠠᠷᠭᠤᠯᠳᠤᠬᠤ᠂ ᠳ᠋ᠦᠩᠨᠡᠯᠲᠡ᠎ᠬᠢᠬᠦ ᠵᠡᠷᠭᠡ ᠳᠥᠷᠪᠡᠨ ᠭᠣᠭᠴᠣᠭ᠎ᠠ᠎ᠪᠡᠷ ᠳᠡᠮᠵᠢᠨ᠂ ᠣᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠠᠰᠫᠢᠷᠠᠨᠲ᠎ᠤᠨ ᠯᠠᠪᠳᠠᠭᠤᠨ ᠪᠠᠲᠤᠲᠠᠢ ᠲᠤᠰᠬᠠᠢ ᠮᠡᠷᠭᠡᠵᠢᠯ᠎ᠦᠨ ᠰᠠᠭᠤᠷᠢ ᠪᠠ ᠭᠠᠷᠮᠠᠭᠠᠢ ᠦᠢᠯᠡᠳᠦᠯᠭᠡ᠎ᠶᠢᠨ ᠴᠢᠳᠠᠪᠤᠷᠢ᠎ᠶᠢ ᠭᠦᠢᠴᠡᠳ ᠢᠯᠡᠷᠡᠭᠦᠯᠦᠭᠰᠡᠨ ᠪᠠᠢᠨ᠎ᠠ᠃

ᠬᠤᠷᠴᠠ ᠰᠢᠷᠦᠭᠦᠨ ᠥᠷᠢᠰᠦᠯᠳᠦᠭᠡᠨ ᠪᠠ ᠴᠢᠩᠭ᠎ᠠ ᠰᠢᠯᠭᠠᠷᠠᠭᠤᠯᠤᠯᠲᠠ᠎ᠪᠠᠷ ᠳᠡᠮᠵᠢᠨ᠂ ᠥᠪᠥᠷ ᠮᠣᠩᠭᠣᠯ ᠎ᠤᠨ ᠠᠨᠠᠭᠠᠬᠤ ᠤᠬᠠᠭᠠᠨ ᠎ᠤ ᠶᠡᠬᠡ ᠰᠤᠷᠭᠠᠭᠤᠯᠢ ᠡᠴᠡ ᠤᠷᠤᠯᠴᠠᠭᠰᠠᠨ ᠪᠦᠯᠬᠦᠮ ᠨᠢᠭᠡᠳᠦᠭᠡᠷ ᠳᠡᠰ᠎ᠤᠨ ᠱᠠᠩᠨᠠᠯ᠂ ᠪᠠᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ᠎ᠶᠢᠨ ᠨᠢᠭᠡᠳᠦᠭᠡᠷ ᠳᠡᠰ᠎ᠤᠨ ᠱᠠᠩᠨᠠᠯ ᠵᠢᠴᠢ ᠬᠠᠮᠤᠭ᠎ᠤᠨ ᠰᠠᠢᠨ ᠬᠡᠷᠡᠭ᠎ᠦᠨ ᠵᠢᠱ᠌ᠢᠶ᠎ᠡ᠎ᠶᠢᠨ ᠱᠠᠩᠨᠠᠯ ᠎ᠢ  ᠭᠥᠷᠳᠡᠪᠡ᠃ ᠲᠣᠰ ᠬᠤᠭᠤᠴᠠᠭᠠᠨ᠎ᠤ ᠣᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠬᠡᠷᠡᠭ ᠎ᠦᠨ ᠵᠢᠱ᠌ᠢᠶ᠎ᠡ ᠎ᠶᠢᠨ ᠤᠷᠤᠯᠳᠤᠭᠠᠨ ᠪᠣᠯ ᠥᠪᠥᠷ ᠮᠣᠩᠭᠣᠯ᠎ᠤᠨ ᠣᠯᠠᠨ ᠨᠡᠶ᠋ᠢᠲᠡ᠎ᠶᠢᠨ ᠬᠠᠮᠢᠶᠠᠷᠤᠯᠲᠠ ᠎ᠶᠢᠨ ᠠᠰᠫᠢᠷᠠᠨᠲ ᠎ᠤᠨ ᠰᠤᠷᠭᠠᠨ ᠬᠥᠮᠦᠵᠢᠯ᠎ᠦᠨ ᠬᠦᠷᠢᠶᠡᠨ ᠳ᠋ᠡᠬᠢ ᠲᠦᠯᠦᠬᠡᠯᠡᠬᠦ ᠴᠢᠨᠠᠷᠳᠠᠢ ᠲᠦᠷᠦᠯ ᠳᠡᠮᠳᠡᠭᠳᠤ ᠤᠷᠤᠯᠳᠤᠭᠠᠨ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号