ᠠᠪᠠᠭ᠎ᠠ ᠬᠤᠰᠢᠭᠤ 《ᠬᠠᠮᠠᠭᠠᠯᠠᠬᠤ᠎ᠪᠠᠷ ᠭᠤᠤᠯ ᠪᠣᠯᠭᠠᠬᠤ᠂ ᠰᠡᠷᠬᠦᠬᠡᠨ ᠤᠯᠠᠮᠵᠢᠯᠠᠬᠤ ᠵᠢ ᠲᠡᠷᠢᠭᠦᠨ᠎ᠳᠤ ᠲᠠᠯᠪᠢᠬᠤ᠂ ᠵᠦᠶ ᠵᠣᠬᠢᠰᠲᠠᠶ ᠠᠰᠢᠭ᠍ᠯᠠᠬᠤ᠂ ᠰᠢᠨᠡᠴᠢᠯᠡᠨ ᠵᠠᠯᠭᠠᠮᠵᠢᠯᠠᠵᠤ ᠬᠥᠭᠵᠢᠭᠦᠯᠬᠦ》 ᠴᠢᠭᠯᠡᠯᠲᠡ᠎ᠶᠢ ᠪᠠᠷᠢᠮᠲᠠᠯᠠᠵᠤ᠂ ᠠᠷᠪᠠᠨ ᠬᠡᠳᠦᠨ ᠵᠢᠯ᠎ᠤᠨ ᠴᠢᠷᠮᠠᠢᠯᠭ᠎ᠠ ᠪᠡᠷ ᠴᠤᠭᠤᠷ ᠳᠠᠭᠤᠤ ᠵᠢᠨ ᠬᠠᠮᠠᠭᠠᠯᠠᠯᠲᠠ᠎ᠶᠢᠨ ᠠᠵᠢᠯ᠎ᠨᠢ ᠪᠠᠢᠭᠤᠯᠤᠮᠵᠢ ᠲᠣᠭᠲᠠᠴᠠ᠂ ᠤᠯᠠᠮᠵᠢᠯᠠᠨ ᠵᠠᠯᠭᠠᠮᠵᠢᠯᠠᠬᠤ ᠰᠢᠰᠲᠧᠮ᠂ ᠲᠥᠬᠥᠭᠡᠷᠦᠮᠵᠢ᠎ᠶᠢᠨ ᠪᠠᠢᠷᠢᠰᠢᠭᠤᠯᠤᠯᠲᠠ ᠵᠢᠴᠢ ᠳᠦᠷᠦᠯ ᠲᠡᠮᠳᠡᠭ᠎ᠢ ᠡᠭᠦᠳᠬᠦ ᠵᠡᠷᠭᠡ ᠲᠠᠯ᠎ᠠ᠎ᠪᠠᠷ ᠰᠢᠪᠲᠤᠯᠤᠯᠲᠠ᠎ᠶᠢᠨ ᠴᠢᠨᠠᠷᠲᠠᠶ ᠠᠬᠢᠴᠠ ᠲᠠᠢ ᠪᠤᠯᠤᠭᠰᠠᠨ ᠪᠠᠢᠨ᠎ᠠ᠃

ᠠᠪᠠᠭ᠎ᠠ ᠬᠤᠰᠢᠭᠤᠨ᠎ᠤ ᠴᠤᠭᠤᠷ ᠳᠠᠭᠤᠤ ᠵᠢᠨ ᠪᠣᠯᠪᠠᠰᠤᠷᠠᠯ᠎ᠤᠨ ᠰᠠᠭᠤᠷᠢᠨ ᠨᠢ 3500 ᠲᠡᠭᠰᠢ ᠳᠥᠷᠪᠡᠯᠵᠢᠨ ᠮᠸᠲᠷ ᠲᠠᠯᠠᠪᠠᠢ ᠲᠠᠢ ᠪᠠᠢᠵᠤ᠂ ᠤᠷ᠎ᠠ ᠮᠡᠷᠭᠡᠵᠢᠯ᠎ᠤᠨ ᠦᠵᠡᠭᠦᠯᠭᠡ᠂ ᠵᠢᠭᠠᠨ ᠰᠤᠷᠭᠠᠯᠲᠠ᠎ᠶᠢᠨ ᠪᠣᠯᠪᠠᠰᠤᠷᠠᠯ᠂ ᠡᠷᠳᠡᠮ ᠰᠢᠨᠵᠢᠯᠡᠭᠡᠨ᠎ᠤ ᠰᠤᠳᠤᠯᠭᠠᠨ ᠵᠡᠷᠭᠡ ᠣᠯᠠᠨ ᠴᠢᠳᠠᠮᠵᠢᠲᠦ ᠲᠥᠬᠥᠭᠡᠷᠦᠮᠵᠢᠨᠦᠭᠦᠳ ᠢᠵᠢ ᠪᠦᠷᠢᠳᠦᠭᠰᠡᠨ ᠪᠠᠢᠨ᠎ᠠ᠃ 2020 ᠣᠨ᠎ᠳᠤ ᠠᠰᠢᠭ᠍ᠯᠠᠯᠲᠠ᠎ᠳᠤ ᠣᠷᠣᠭᠰᠠᠨ ᠡᠨᠡ ᠬᠦ᠌ ᠰᠠᠭᠤᠷᠢᠨ ᠨᠢ ᠨᠡᠶ᠋ᠢᠲᠡ 600 ᠭᠠᠷᠤᠢ ᠲᠦᠮᠡᠨ ᠲᠥᠭᠦᠷᠢᠭ᠎ᠤᠨ ᠪᠡᠯᠡ ᠣᠷᠤᠭᠤᠯᠤᠯᠲᠠ ᠲᠠᠢ ᠪᠡᠷ ᠪᠠᠢᠭᠤᠯᠤᠭᠳᠠᠵᠤ᠂ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ ᠪᠣᠯᠪᠠ᠃ ᠡᠭᠦᠨ᠎ᠤ ᠬᠠᠮᠲᠤ᠂ ᠴᠤᠭᠤᠷ ᠳᠠᠭᠤᠤ ᠵᠢᠨ ᠤᠯᠤᠰ᠎ᠤᠨ ᠲᠠᠰ᠎ᠤᠨ ᠤᠯᠠᠮᠵᠢᠯᠠᠭ᠍ᠴᠢ ᠵᠢ᠊·ᠰᠤᠶᠤᠯᠲᠤ ᠠᠴᠠ 20 ᠲᠦᠮᠡ ᠭᠠᠷᠣᠢ ᠲᠦᠭᠦᠷᠢᠭ᠎ᠦᠨ ᠪᠡᠯᠡ ᠮᠥᠩᠭᠥ ᠭᠠᠷᠭᠠᠵᠦ᠂ ᠲᠦᠷᠦᠭᠰᠡᠨ ᠨᠤᠲᠤᠭ — ᠠᠪᠠᠭ᠎ᠠ ᠬᠤᠰᠢᠭᠤᠨ᠎ᠤ ᠬᠤᠩᠭᠤᠷᠭᠤᠤᠯ ᠪᠠᠯᠭᠠᠰᠤᠨ᠎ᠤ ᠪᠠᠶᠠᠨᠬᠣᠩᠭᠤᠷ ᠭᠠᠴᠠᠭᠠᠨ ᠳᠦ 300 ᠲᠡᠭᠰᠢ ᠳᠥᠷᠪᠡᠯᠵᠢᠨ ᠮᠧᠲᠷ ᠲᠠᠯᠠᠪᠠᠢ ᠲᠠᠢ 《ᠮᠣᠩᠭᠤᠯ ᠦᠨᠳᠦᠰᠦᠲᠡᠨ᠎ᠦ ᠴᠤᠭᠤᠷ ᠳᠠᠭᠤᠤ᠂ ᠤᠷᠲᠤ᠎ᠶᠢᠨ ᠳᠠᠭᠤᠤ᠎ᠶᠢᠨ ᠪᠣᠯᠪᠠᠰᠤᠷᠠᠯ᠎ᠤᠨ ᠰᠠᠭᠤᠷᠢᠨ》᠎ᠢ᠋ ᠪᠠᠢᠭᠤᠯᠵᠦ᠂ ᠵᠠᠯᠠᠭᠤ ᠨᠢᠭᠡ ᠦᠶ᠎ᠡ᠎ᠶᠢᠨ ᠴᠤᠭᠤᠷᠴᠢᠳ ᠪᠠ ᠤᠷᠲᠤ᠎ᠶᠢᠨ ᠳᠠᠭᠤᠴᠢᠳ ᠲᠦ᠍ ᠮᠡᠷᠭᠡᠵᠢᠯ᠎ᠢᠶᠡᠨ ᠰᠣᠯᠢᠯᠴᠠᠵᠤ᠂ ᠤᠯᠠᠮᠵᠢᠯᠠᠯᠲᠤ ᠤᠷᠠᠯᠢᠭ᠋᠎ᠢ ᠵᠠᠯᠭᠠᠮᠵᠢᠯᠠᠨ ᠳᠡᠯᠭᠡᠷᠡᠭᠦᠯᠬᠦ ᠪᠠᠰᠠ ᠨᠢᠭᠡᠨ ᠵᠢᠭ᠍ᠰᠠᠭᠠᠯ᠎ᠤᠨ ᠭᠠᠵᠠᠷ ᠬᠠᠩᠭᠠᠭᠰᠠᠨ ᠪᠠᠢᠨ᠎ᠠ᠃ ᠡᠨᠡ ᠮᠡᠳᠦᠴᠢᠯᠡᠨ ᠪᠠᠰᠠ ᠪᠥᠬᠦ ᠬᠤᠰᠢᠭᠤᠨ᠎ᠤ 7 ᠰᠤᠮᠤ ᠪᠠᠯᠭᠠᠰᠤᠨ᠎ᠤ ᠭᠤᠤᠯᠳᠠᠯᠭ᠎ᠠ᠎ᠲᠠᠢ ᠭᠠᠴᠠᠭᠠᠨ᠎ᠳᠤ ᠮᠠᠯᠵᠢᠬᠤ ᠣᠷᠣᠨ᠎ᠤ ᠤᠯᠠᠮᠵᠢᠯᠠᠨ ᠰᠤᠷᠤᠯᠴᠠᠬᠤ ᠠᠩᠭᠢ᠎ᠶᠢ 58 ᠪᠠᠢᠭᠤᠯᠵᠦ᠂ ᠦᠨᠳᠦᠰᠦᠨ ᠱᠠᠲᠤᠨ᠎ᠳᠤ ᠭᠦᠨᠵᠡᠭᠡᠶ᠋ᠢᠷᠡᠭᠰᠡᠨ ᠤᠯᠠᠮᠵᠢᠯᠠᠨ ᠵᠠᠯᠭᠠᠮᠵᠢᠯᠠᠬᠤ ᠲᠣᠣᠷᠵᠢᠯ᠎ᠢ ᠪᠣᠶ ᠪᠣᠯᠭᠠᠵᠤ᠂ ᠴᠤᠭᠤᠷ ᠳᠠᠭᠤᠤ᠎ᠶᠢᠨ ᠭᠠᠵᠠᠷ ᠠᠭᠤᠳᠠᠮ᠂ ᠬᠥᠮᠦᠨ ᠰᠡᠶ᠋ᠢᠷᠡᠭ᠂ ᠤᠯᠠᠮᠵᠢᠯᠠᠨ ᠵᠠᠯᠭᠠᠮᠵᠢᠯᠠᠬᠤ᠎ᠳᠦ ᠬᠦᠴᠢᠷᠲᠡᠢ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠪᠡ᠃ 《ᠠᠩᠬᠠᠨ᠎ᠳᠠᠭᠠᠨ ᠴᠣᠭᠣᠷ ᠳᠠᠭᠤᠤ ᠰᠤᠷᠤᠶ᠎ᠠ ᠭᠡᠪᠡᠯ ᠵᠠᠪᠠᠯ ᠬᠣᠯᠠ᠎ᠶᠢ ᠵᠣᠷᠢᠬᠤ ᠬᠡᠷᠡᠭᠲᠡᠢ ᠪᠠᠢᠭᠰᠠᠨ᠂ ᠣᠳᠤ ᠬᠥᠳᠡᠭᠡ᠎ᠪᠡᠨ ᠪᠠᠢᠭ᠎ᠠ ᠤᠯᠠᠮᠵᠢᠯᠠᠨ ᠰᠣᠷᠣᠯᠴᠠᠬᠤ ᠠᠩᠭᠢ᠎ᠨᠢ ᠡᠨᠡ ᠠᠰᠠᠭᠤᠳᠠᠯ᠎ᠢ ᠰᠠᠢᠳᠤᠷ ᠰᠢᠢᠳᠪᠦᠷᠢᠯᠡᠵᠦ ᠥᠭᠭᠦᠭᠰᠡᠨ》 ᠭᠡᠵᠦ ᠮᠠᠯᠴᠢᠨ ᠰᠣᠷᠣᠯᠴᠠᠭ᠍ᠴᠢ ᠶᠠᠷᠢᠨ᠎ᠠ᠃

2025 ᠣᠨ᠎ᠤ ᠰᠡᠭᠦᠯᠴᠢ ᠪᠡᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠪᠥᠬᠦ ᠣᠷᠣᠨ᠎ᠤ 8 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠶᠣᠯ᠎ᠤᠨ ᠠᠮᠢ ᠠᠬᠤᠶ᠎ᠶᠢᠨ ᠬᠠᠮᠠᠭᠠᠯᠠᠯᠲᠠ᠎ᠶᠢᠨ ᠣᠷᠣᠨ᠎ᠳᠤ ᠪᠥᠲᠥᠭᠡᠨ ᠪᠠᠶ᠋ᠢᠭᠤᠯᠤᠯᠲᠠ᠎ᠶᠢᠨ ᠦᠷ᠎ᠡ ᠪᠦᠲᠦᠮᠵᠢ᠎ᠶᠢᠨ ᠦᠨᠡᠯᠡᠨ ᠵᠢᠱ᠌ᠢᠯᠲᠡ᠎ᠶᠢ ᠥᠷᠨᠢᠭᠦᠯᠵᠦ᠂ ᠠᠪᠠᠭ᠎ᠠ ᠬᠤᠰᠢᠭᠤᠨ᠎ᠤ ᠴᠤᠭᠤᠷ ᠳᠠᠭᠤᠤ ᠵᠢᠨ ᠰᠣᠶᠣᠯ᠎ᠤᠨ ᠠᠮᠢ ᠠᠬᠤᠶ᠎ᠶᠢᠨ ᠬᠠᠮᠠᠭᠠᠯᠠᠯᠲᠠ᠎ᠶᠢᠨ ᠣᠷᠣᠨ ᠨᠢ ᠦᠨᠡᠯᠡᠨ ᠵᠢᠱ᠌ᠢᠯᠲᠡ᠎ᠶᠢᠨ ᠬᠢᠷᠢ ᠲᠡᠩᠴᠡᠭᠰᠡᠨ ᠪᠠᠷᠢᠮᠵᠢᠶ᠎ᠠ᠎ᠳᠤ ᠭᠦᠷᠦᠭᠰᠡᠨ ᠪᠠᠶ᠋ᠢᠨ᠎ᠠ᠃ ᠡᠨᠡ ᠨᠢ ᠠᠪᠠᠭ᠎ᠠ ᠬᠣᠰᠢᠭᠤᠨ᠎ᠤ ᠥᠩᠭᠡᠷᠡᠭᠰᠡᠨ ᠠᠷᠪᠠᠨ ᠬᠡᠳᠦᠨ ᠵᠢᠯ᠎ᠤᠨ ᠴᠤᠭᠤᠷ ᠳᠠᠭᠤᠤ ᠵᠢᠨ ᠬᠠᠮᠠᠭᠠᠯᠠᠨ ᠤᠯᠠᠮᠵᠢᠯᠠᠬᠤ ᠠᠵᠢᠯ᠎ᠳᠠᠬᠢ ᠨᠤᠲᠠᠯᠠᠯᠲᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠰᠢᠨ᠎ᠡ ᠠᠶᠠᠨ᠎ᠤ ᠡᠬᠢᠯᠡᠯᠲᠡ ᠪᠣᠯᠤᠨ᠎ᠠ᠃ ᠤᠯᠠᠮᠵᠢᠯᠠᠭ᠍ᠴᠢ ᠪᠣᠯ ᠪᠣᠳᠠᠰ᠎ᠤᠨ ᠪᠤᠰᠤ ᠰᠤᠶᠤᠯ᠎ᠤᠨ ᠥᠪ᠎ᠢ ᠬᠠᠮᠠᠭᠠᠯᠠᠬᠤ ᠶᠢᠨ ᠠᠨᠢᠰᠤ ᠮᠥᠨ᠃ 2025 ᠣᠨ᠎ᠤ ᠡᠴᠦᠰ ᠪᠣᠯᠲᠠᠯ᠎ᠠ᠂ ᠠᠪᠠᠭ᠎ᠠ ᠬᠣᠰᠢᠭᠤ ᠨᠢᠭᠡᠨᠲᠡ ᠪᠦᠲᠦᠴᠡ᠎ᠨᠢ ᠵᠦᠶ ᠵᠣᠬᠢᠰᠲᠠᠶ ᠤᠯᠠᠮᠵᠢᠯᠠᠭ᠍ᠴᠢ᠎ᠶᠢᠨ ᠡᠩᠨᠡᠭᠡ᠎ᠶᠢ ᠪᠠᠶ᠋ᠢᠭᠤᠯᠪᠠ᠃ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭ᠍ᠴᠢ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠯᠠᠮᠵᠢᠯᠠᠭᠴᠢ 12᠂ ᠠᠶ᠋ᠢᠮᠠᠭ᠎ᠤᠨ ᠲᠠᠰ᠎ᠤᠨ ᠤᠯᠠᠮᠵᠢᠯᠠᠭᠴᠢ 35᠂ ᠬᠤᠰᠢᠭᠤᠨ᠎ᠤ ᠲᠠᠰ᠎ᠤᠨ ᠤᠯᠠᠮᠵᠢᠯᠠᠭᠴᠢ 98 ᠪᠣᠶ᠃ ᠡᠯ᠎ᠡ ᠲᠥᠷᠥᠯ᠎ᠤᠨ ᠪᠣᠯᠪᠠᠰᠤᠷᠠᠯ᠎ᠤᠨ ᠠᠩᠭᠢ᠎ᠶᠢ 6 ᠬᠤᠭᠤᠴᠠᠭ᠎ᠠ ᠡᠷᠬᠢᠯᠡᠬᠦ᠎ᠪᠠᠷ ᠳᠠᠮᠵᠢᠭᠤᠯᠤᠨ᠂ ᠨᠡᠶ᠋ᠢᠲᠡ 200 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ᠂ 40 ᠭᠠᠷᠤᠶ ᠢᠳᠡᠷ ᠵᠠᠯᠠᠭᠤ ᠭᠤᠤᠯᠯᠠᠭ᠍ᠴᠢ ᠬᠦᠴᠦᠨ᠎ᠢ ᠭᠤᠤᠯᠳᠠᠯᠭ᠎ᠠ᠎ᠲᠠᠢ ᠬᠥᠮᠦᠵᠢᠭᠦᠯᠪᠡ᠃
ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭᠳᠠᠬᠤ ᠶ᠋ᠢᠨ ᠵᠠᠩᠭᠢᠯᠠᠭ᠎ᠠ᠎ᠨᠢ ᠣᠳᠣ᠌ ᠦᠶ᠎ᠡ᠎ᠶᠢᠨ ᠠᠮᠢᠳᠤᠷᠠᠯ᠎ᠳᠤ ᠠᠭᠤᠰᠤᠯᠴᠠᠬᠤ᠎ᠳᠤ ᠪᠤᠢ᠃ 2020 ᠣᠨ᠎ᠳᠤ 《ᠠᠪᠠᠭ᠎ᠠ ᠴᠤᠭᠤᠷ 》 ᠨᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠪᠠ 《ᠰᠤᠶᠤᠯ᠎ᠤᠨ ᠠᠮᠢ ᠠᠬᠤᠶ᠎ᠶᠢᠨ ᠭᠡᠷᠡᠴᠢᠯᠡᠯ》᠎ᠢ᠋ ᠤᠶᠠᠯᠳᠤᠭᠤᠯᠤᠭᠰᠠᠨ ᠬᠠᠮᠠᠭᠠᠯᠠᠯᠲᠠ᠎ᠶᠢᠨ ᠰᠢᠨ᠎ᠡ ᠵᠠᠭᠪᠤᠷ᠎ᠢ ᠡᠭᠦᠳᠪᠡ᠃ ᠡᠨᠡ ᠵᠢᠯ᠎ᠤᠨ ᠴᠠᠭᠠᠨ ᠰᠠᠷ᠎ᠠ᠎ᠠᠴᠠ ᠡᠮᠦᠨᠡᠬᠡᠨ᠂ ᠠᠪᠠᠭ᠎ᠠ ᠬᠣᠰᠢᠭᠤᠨ᠎ᠤ 2026 ᠣᠨ᠎ᠤ 《ᠬᠦᠰᠡᠯ ᠪᠠᠳᠠᠷᠠᠭᠠᠬᠤ ᠰᠢᠨ᠎ᠡ ᠠᠶᠠᠨ ᠬᠥᠯᠥᠭ᠎ᠦᠨ ᠬᠡᠢᠮᠦᠷᠢ᠎ᠲᠦ ᠴᠠᠭᠠᠨ ᠰᠠᠷ᠎ᠠ》 ᠪᠣᠳᠠᠰ᠎ᠤᠨ ᠪᠤᠰᠤ ᠰᠣᠶᠣᠯ᠎ᠤᠨ ᠥᠪ᠎ᠤᠨ ᠰᠢᠨ᠎ᠡ ᠵᠢᠯ᠎ᠤᠨ ᠪᠠᠷᠠᠭᠠᠨ᠎ᠤ ᠦᠵᠡᠭᠦᠯᠭᠡ ᠠᠪᠠᠭ᠎ᠠ ᠬᠣᠰᠢᠭᠤᠨ᠎ᠤ ᠱᠤᠸᠠᠩ ᠵᠢᠶᠦ᠋ᠨ ᠹᠦ ᠶᠤᠸᠠᠨ ᠬᠡᠳᠦ ᠳᠡᠯᠭᠡᠭᠦᠷ᠎ᠤᠨ ᠰᠣᠶᠣᠯ ᠵᠢᠭᠤᠯᠴᠢᠯᠠᠯ᠎ᠤᠨ ᠦᠵᠡᠭᠦᠯᠭᠡ᠎ᠶᠢᠨ ᠲᠢᠩᠬᠢᠮ᠎ᠳᠤ ᠶᠠᠪᠤᠭᠳᠠᠵᠤ᠂ ᠴᠤᠭᠤᠷ ᠳᠠᠭᠤᠤ ᠵᠢᠨ ᠰᠣᠶᠣᠯ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠣᠷᠣᠨ᠎ᠤ ᠦᠵᠡᠭᠦᠯᠭᠡ᠎ᠶᠢᠨ ᠲᠣᠭᠣᠷᠢᠭ᠋᠎ᠨᠢ ᠵᠢᠷᠤᠭ ᠪᠢᠴᠢᠭ᠎ᠤᠨ ᠦᠵᠡᠭᠦᠯᠭᠡ᠎ᠶᠢᠨ ᠬᠠᠪᠲᠠᠰᠤ᠂ ᠪᠣᠳᠠᠲᠤ ᠪᠦᠲᠦᠭᠡᠯ᠎ᠤᠨ ᠳᠡᠯᠭᠡᠨ ᠦᠵᠡᠭᠦᠯᠭᠡ ᠪᠣᠯᠤᠨ ᠲᠤᠬᠠᠢ᠎ᠶᠢᠨ ᠲᠠᠯᠠᠪᠠᠢ᠎ᠶᠢᠨ ᠲᠣᠭᠯᠠᠯᠲᠠᠪᠠᠷᠳᠠᠮᠵᠢᠨ᠂ ᠦᠵᠡᠭᠴᠢᠳ᠎ᠲᠤ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠷᠢᠳᠢ ᠰᠢᠳᠢ᠎ᠶᠢ ᠮᠡᠳᠡᠷᠡᠭᠦᠯᠦᠭᠰᠡᠨ ᠪᠠᠢᠨ᠎ᠠ᠃

2020 ᠣᠨ᠎ᠠᠴᠠ ᠡᠬᠢᠯᠡᠨ᠂ ᠠᠪᠠᠭ᠎ᠠ ᠬᠣᠰᠢᠭᠤ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭᠠᠭᠤᠯᠢ᠎ᠶᠢᠨ ᠬᠦᠷᠢᠶᠡᠨ᠎ᠳᠤ ᠣᠷᠣᠭᠤᠯᠬᠤ᠂ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ᠂ ᠴᠤᠭᠤᠷ ᠳᠠᠭᠤᠤ ᠵᠢᠨ ᠤᠷᠤᠯᠳᠤᠭᠠᠨ ᠵᠡᠷᠭᠡ ᠣᠯᠠᠨ ᠡᠰᠢᠲᠦ ᠠᠵᠢᠯᠯᠠᠭ᠎ᠠ᠎ᠶᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠣᠯᠠᠨ ᠲᠠᠯ᠎ᠠ᠎ᠶᠢᠨ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠬᠦ᠎ᠶᠢᠨ ᠬᠠᠮᠲᠤ ᠭᠠᠳᠠᠨ᠎ᠠ ᠤᠷᠤᠨ ᠯᠤᠭ᠎ᠠ ᠵᠢᠨ ᠰᠣᠯᠢᠯᠴᠠᠭ᠎ᠠ᠎ᠶᠢ ᠢᠳᠡᠪᠬᠢᠲᠡᠶ ᠥᠷᠭᠡᠳᠬᠡᠪᠡ᠃ ᠵᠢᠱ᠌ᠢᠶᠡᠯᠡᠪᠡᠯ᠂ ᠾᠧᠨᠠᠨ ᠮᠤᠵᠢ᠎ᠶᠢᠨ ᠬᠤᠸᠠᠶ᠋ᠢᠶᠠᠩ ᠬᠣᠲᠠ᠎ᠳᠤ ᠬᠦᠷᠴᠦ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠭᠡ᠎ᠶᠢᠨ ᠲᠣᠭᠯᠠᠯᠲᠠ᠎ᠳᠤ ᠣᠷᠣᠯᠴᠠᠪᠠ; ᠠᠪᠠᠭ᠎ᠠ ᠬᠤᠰᠢᠭᠤᠨ᠎ᠤ ᠬᠡᠰᠡᠭ ᠴᠤᠭᠤᠷ ᠳᠠᠭᠤᠤ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢ ᠪᠡᠭᠡᠵᠢᠩ᠎ᠳᠤ ᠬᠦᠷᠴᠦ᠂ ᠳᠤᠮᠳᠠᠳᠤ ᠤᠯᠤᠰ᠎ᠤᠨ ᠳᠠᠭᠤᠤ ᠬᠥᠭᠵᠢᠮ᠎ᠤᠨ ᠳᠡᠭᠡᠳᠦ ᠰᠤᠷᠭᠠᠭᠤᠯᠢ᠎ᠶᠢᠨ 《2025 ᠣᠨ᠎ᠤ ᠳᠠᠭᠤᠤ ᠬᠥᠭᠵᠢᠮ᠎ᠤᠨ ᠰᠠᠯᠪᠤᠷᠢ᠎ᠶᠢᠨ ᠤᠷᠠᠯᠢᠭ᠋᠎ᠤᠨ ᠦᠢᠯᠡᠳᠦᠯᠭᠡ᠎ᠶᠢᠨ ᠭᠠᠷᠠᠭ》᠎ᠤ᠋ᠨ ᠰᠢᠷᠢᠰ ᠠᠵᠢᠯᠯᠠᠭ᠎ᠠ᠎ᠳᠤ ᠣᠷᠣᠯᠴᠠᠪᠠ᠃ ᠠᠵᠢᠯᠯᠠᠭ᠎ᠠ᠎ᠶᠢᠨ ᠬᠤᠭᠤᠴᠠᠭᠠᠨ᠎ᠳᠤ᠂ ᠴᠤᠭᠤᠷ ᠳᠠᠭᠤᠤ᠎ᠶᠢᠨ ᠤᠯᠠᠮᠵᠢᠯᠠᠭ᠍ᠴᠢ ᠨᠠᠷ ᠲᠠᠶ᠋ᠢᠰᠠᠨ ᠳᠡᠭᠡᠷᠡᠬᠢ ᠲᠤᠭᠯᠠᠯᠲᠠ᠂ ᠰᠤᠳᠤᠯᠤᠨ ᠶᠠᠷᠢᠯᠴᠠᠬᠤ᠂ ᠵᠢᠭᠠᠨ ᠰᠤᠷᠭᠠᠬᠤ ᠵᠡᠷᠭᠡ ᠣᠯᠠᠨ ᠵᠦᠢᠯ᠎ᠤᠨ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠠᠪᠠᠭ᠎ᠠ᠎ᠶᠢᠨ ᠴᠤᠭᠤᠷ ᠳᠠᠭᠤᠤ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠪᠦᠬᠦ ᠤᠯᠤᠰ᠎ᠤᠨ ᠡᠯ᠎ᠡ ᠭᠠᠵᠠᠷ᠎ᠲᠤ ᠲᠡᠯᠭᠡᠷᠡᠭᠦᠯᠦᠨ᠂ ᠤᠯᠠᠮᠵᠢᠯᠠᠯᠲᠤ ᠤᠷᠠᠯᠢᠭ᠋᠎ᠢ ᠠᠭᠤᠳᠠᠮ ᠳᠠᠪᠴᠠᠩ᠎ᠳᠤ ᠭᠠᠷᠭᠠᠵᠤ᠂ ᠰᠢᠨ᠎ᠡ ᠠᠮᠢᠵᠢᠷᠠᠯ᠎ᠤᠨ ᠬᠦᠴᠦᠨ ᠣᠯᠭᠣᠭᠰᠠᠨ ᠪᠠᠢᠨ᠎ᠠ᠃
ᠥᠪᠥᠷ ᠮᠣᠩᠭᠤᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠳᠡᠭᠡᠳᠦ ᠰᠤᠷᠭᠠᠭᠤᠯᠢ᠎ᠶᠢᠨ ᠳᠡᠳ᠋ ᠫᠷᠤᠹᠧᠰᠰᠤᠷ᠂ ᠤᠷᠲᠤ᠎ᠶᠢᠨ ᠳᠠᠭᠤᠤ ᠵᠢᠨ ᠰᠣᠳᠣᠯᠤᠭᠴᠢ ᠴᠣᠭᠲᠤ ᠪᠠᠭ᠍ᠰᠢ᠎ᠶᠢ ᠤᠷᠢᠵᠦ᠂ ᠣᠯᠠᠨ ᠤᠳᠠᠭᠠᠨ᠎ᠤ ᠴᠣᠭᠤᠷ ᠲᠠᠭᠤᠨ᠎ᠤ ᠪᠤᠯᠪᠠᠰᠤᠷᠠᠯ᠎ᠤᠨ ᠠᠩᠬᠢ ᠡᠷᠬᠢᠯᠡᠵᠦ᠂ ᠴᠣᠭᠤᠷᠴᠢᠳ ᠲᠦ᠍ ᠴᠣᠭᠤᠷ᠎ᠤᠨ ᠡᠬᠢ ᠡᠭᠦᠰᠦᠯ᠂ ᠲᠡᠦᠬᠡᠨ ᠣᠷᠴᠢᠯ᠂ ᠣᠳᠣ᠌᠎ᠶᠢᠨ ᠬᠦᠭᠵᠢᠯ ᠪᠠᠢᠳᠠᠯ ᠵᠡᠷᠭᠡ ᠤᠨᠤᠯ ᠮᠡᠳᠡᠯᠭᠡ᠎ᠶᠢ ᠬᠦᠷᠲᠡᠭᠡᠭᠰᠡᠨ ᠮᠦᠷᠲᠡᠭᠡᠨ ᠨᠡᠩ ᠤᠯᠠᠨ ᠣᠳᠣ᠌ ᠦᠶ᠎ᠡ᠎ᠶᠢᠨ ᠤᠷᠠᠯᠢᠭ᠎ᠤᠨ ᠢᠯᠡᠳᠬᠡᠬᠦ ᠠᠷᠭ᠎ᠠ᠎ᠶᠢ ᠵᠢᠭᠠᠪᠠ᠃

2025ᠣᠨ᠎ᠳᠤ ᠠᠪᠠᠭ᠎ᠠ ᠬᠤᠰᠢᠭᠤᠨ᠎ᠤ ᠬᠤᠩᠭᠤᠷᠭᠤᠤᠯ ᠪᠠᠯᠭᠠᠰᠤᠨ᠎ᠤ ᠪᠠᠶᠠᠨᠬᠤᠩᠭᠤᠷ ᠭᠠᠴᠠᠭᠠᠨ ᠳ᠋ᠤ᠌ ᠪᠦᠬᠦ ᠤᠷᠤᠨ᠎ᠤ 《ᠮᠠᠰᠢᠪᠠᠲᠤ ᠬᠤᠨᠳᠠᠭᠠᠳᠤ》 ᠮᠣᠩᠭᠣᠯ ᠤᠷᠲᠤ᠎ᠶᠢᠨ ᠳᠠᠭᠤᠤ᠂ ᠴᠤᠭᠤᠷ ᠳᠠᠭᠤᠤ᠎ᠶᠢᠨ ᠤᠷᠤᠯᠳᠤᠭᠠᠨ᠎ᠢ ᠡᠷᠬᠢᠯᠡᠨ ᠶᠠᠪᠤᠭᠳᠠᠭᠤᠯᠤᠭᠰᠠᠨ ᠪᠢᠯᠡ᠃ ᠲᠤᠰ ᠤᠳᠠᠭᠠᠨ᠎ᠤ ᠤᠷᠤᠯᠳᠣᠭᠠᠨ ᠨᠢ ᠮᠣᠩᠭᠣᠯ ᠦᠨᠳᠦᠰᠦᠲᠡᠨ᠎ᠤ ᠠᠯᠳᠠᠷᠲᠤ ᠮᠣᠷᠢᠨ ᠬᠤᠭᠤᠷᠴᠢ᠂ ᠨᠡᠷᠡᠲᠦ ᠳᠠᠭᠤᠴᠢᠨ᠂ ᠴᠤᠭᠤᠷ ᠳᠠᠭᠤᠤ ᠵᠢᠨ ᠵᠢᠳᠬᠦᠯᠲᠡᠨ ᠮᠠᠰᠢᠪᠠᠲᠤ ᠵᠢᠨ ᠮᠡᠨᠳᠦᠯᠡᠭᠰᠡᠨ 110 ᠵᠢᠯ᠎ᠤᠨ ᠤᠢ ᠶ᠋ᠢ ᠳᠤᠷᠠᠳᠬᠠᠨ ᠥᠷᠨᠢᠭᠦᠯᠵᠡᠢ᠃ ᠮᠠᠰᠢᠪᠠᠲᠤ ᠪᠣᠯ ᠮᠣᠩᠭᠣᠯ ᠦᠨᠳᠦᠰᠦᠲᠡᠨ᠎ᠤ ᠦᠶ᠎ᠡ ᠵᠠᠯᠭᠠᠭᠰᠠᠨ ᠠᠯᠳᠠᠷᠲᠤ ᠮᠣᠷᠢᠨ ᠬᠤᠭᠤᠷᠴᠢᠨ ᠮᠥᠷᠲᠡᠭᠡᠨ ᠮᠣᠷᠢᠨ ᠬᠤᠭᠤᠷ ᠤᠷᠠᠯᠠᠭᠴᠢ᠂ ᠳᠠᠭᠤᠴᠢᠨ᠂ ᠴᠤᠭᠤᠷᠴᠢᠨ᠂ ᠠᠶᠠᠯᠭᠤ ᠵᠣᠬᠢᠶᠠᠭ᠍ᠴᠢ᠂ ᠦᠨᠳᠦᠰᠦᠲᠡᠨ᠎ᠤ ᠤᠯᠠᠮᠵᠢᠯᠠᠯᠲᠤ ᠰᠣᠶᠣᠯ ᠤᠷᠠᠯᠢᠭ᠋᠎ᠤᠨ ᠭᠠᠷᠮᠠᠭᠠᠢ ᠵᠢᠳᠬᠦᠯᠲᠡᠨ᠂ ᠲᠡᠭᠦᠨ᠎ᠤ ᠵᠣᠬᠢᠶᠠᠭᠰᠠᠨ 《ᠨᠠᠷᠠᠨ ᠮᠡᠲᠦ ᠮᠠᠨᠳᠤᠬᠤ》᠂ 《ᠭᠤᠷᠪᠠᠨ ᠠᠴᠢᠲᠤ》᠂ 《ᠠᠪᠠᠭ᠎ᠠ ᠠᠰᠤᠷᠤ》 ᠵᠡᠷᠭᠡ ᠪᠦᠲᠦᠭᠡᠯ ᠨᠢ ᠦᠨᠳᠦᠰᠦᠲᠡᠨ᠎ᠤ ᠤᠯᠠᠮᠵᠢᠯᠠᠯᠲᠤ ᠤᠷᠠᠯᠢᠭ᠋᠎ᠤᠨ ᠲᠡᠦᠬᠡᠨ ᠳᠡᠭᠡᠷᠡᠬᠢ ᠣᠯᠳᠠᠰᠢ ᠦᠭᠡᠢ ᠬᠣᠪᠣᠷ ᠪᠦᠲᠦᠭᠡᠯ ᠪᠣᠯᠵᠠᠢ᠃ 《ᠮᠠᠰᠢᠪᠠᠲᠤ ᠬᠤᠨᠳᠠᠭᠠᠲᠤ》 ᠤᠷᠤᠯᠳᠣᠭᠠᠨᠢ ᠠᠮᠵᠢᠯᠲᠠ᠎ᠲᠠᠢ ᠡᠷᠭᠢᠯᠡᠭᠰᠡᠨ ᠨᠢ ᠠᠯᠳᠠᠷᠲᠤ ᠠᠷᠠᠳ᠎ᠤᠨ ᠤᠷᠠᠯᠢᠭ᠍ᠴᠢᠨ ᠮᠠᠰᠢᠪᠠᠲᠤ ᠭᠤᠸᠠᠢ ᠶ᠋ᠢ ᠳᠤᠷᠠᠳᠬᠠᠭᠰᠠᠨ ᠵᠶ᠋ᠠᠷ ᠪᠠᠷᠠᠬᠤ ᠦᠭᠡᠢ᠂ ᠨᠡᠩ ᠴᠦ᠍ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯ ᠪᠠ ᠬᠠᠮᠠᠭᠠᠯᠠᠯᠲᠠ ᠵᠢᠨ ᠠᠮᠢᠳᠤᠯᠢᠭ᠋ ᠦᠢᠯᠡᠳᠦᠯᠭᠡ ᠪᠣᠯᠵᠠᠢ᠃ ᠤᠷᠤᠯᠳᠣᠭᠠᠨ ᠨᠢ ᠪᠦᠭᠦ ᠣᠷᠣᠨ᠎ᠤ ᠴᠤᠭᠤᠷ ᠳᠠᠭᠤᠤ᠂ ᠤᠷᠲᠣ᠌ ᠵᠢᠨ ᠳᠠᠭᠤᠤ ᠵᠢᠨ ᠪᠠᠬᠠᠲᠠᠳ᠎ᠲᠤ ᠬᠠᠷᠢᠯᠴᠠᠨ ᠰᠤᠷᠤᠯᠴᠠᠬᠤ᠂ ᠥᠪᠡᠷ᠎ᠤᠨ ᠤᠷᠠᠯᠢᠭ᠋᠎ᠤᠨ ᠠᠪᠢᠶᠠᠰ ᠵᠶ᠋ᠠᠨ ᠬᠠᠷᠠᠭᠤᠯᠬᠤ ᠲᠠᠪᠴᠠᠩ᠎ᠢ ᠬᠠᠩᠭᠠᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠷᠢᠯᠴᠠᠨ ᠠᠬᠢᠭᠤᠯᠬᠤ ᠳᠤᠮᠳᠠ ᠰᠢᠨ᠎ᠡ ᠠᠮᠢᠵᠢᠷᠠᠯ᠎ᠤᠨ ᠬᠦᠴᠦᠨ ᠣᠯᠭᠣᠵᠤ᠂ ᠨᠡᠩ ᠴᠦ᠍ ᠤᠷᠠᠯᠢᠭ᠋᠎ᠤᠨ ᠭᠡᠯᠪᠡᠷᠢ᠎ᠪᠠᠷ ᠰᠣᠶᠣᠯ᠎ᠤᠨ ᠬᠠᠮᠲᠤ ᠵᠢᠨ ᠲᠠᠨᠢᠯᠲᠠ ᠶ᠋ᠢ ᠨᠢᠭ᠍ᠲᠠᠷᠠᠭᠤᠯᠵᠤ᠂ ᠤᠯᠠᠮᠵᠢᠯᠠᠯᠲᠤ ᠰᠢᠯᠢᠳᠡᠭ ᠰᠣᠶᠣᠯ᠎ᠤᠨ ᠰᠢᠨ᠎ᠡ ᠶ᠋ᠢ ᠡᠭᠦᠳᠬᠦ ᠴᠢᠨᠠᠷᠲᠠᠢ ᠬᠥᠭᠵᠢᠯᠲᠡ ᠵᠢᠴᠢ ᠰᠣᠶᠣᠯ᠎ᠢ ᠤᠯᠠᠮᠵᠢᠯᠠᠨ ᠪᠠᠳᠠᠷᠠᠭᠤᠯᠬᠤ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
ᠴᠤᠭᠤᠷ ᠳᠠᠭᠤᠤ᠎ᠶᠢᠨ ᠠᠶᠠᠰ ᠲᠠᠯ᠎ᠠ ᠨᠤᠲᠤᠭ᠎ᠲᠤ ᠴᠤᠤᠷᠢᠶᠠᠳᠤᠭᠰᠠᠭᠠᠷ᠂ ᠦᠨᠳᠦᠰᠦᠲᠡᠨ᠎ᠦ ᠤᠯᠠᠮᠵᠢᠯᠠᠯᠲᠤ ᠤᠷᠠᠯᠢᠭ ᠰᠤᠶᠤᠯ᠎ᠤᠨ ᠬᠦᠭᠵᠢᠯᠳᠡ ᠦᠷᠬᠦᠯᠵᠢᠯᠡᠭᠰᠡᠬᠡᠷ ᠠᠵᠢ᠃ ᠠᠪᠠᠭ᠎ᠠ ᠬᠤᠰᠢᠭᠤᠨ᠎ᠤ ᠴᠤᠭᠤᠷ ᠳᠠᠭᠤᠤ᠎ᠶᠢᠨ ᠰᠣᠶᠣᠯ᠎ᠤᠨ ᠠᠮᠢ ᠠᠬᠤᠶ᠎ᠶᠢᠨ ᠬᠠᠮᠠᠭᠠᠯᠠᠯᠲᠠ᠎ᠶᠢᠨ ᠣᠷᠣᠨ᠎ᠤ ᠪᠥᠲᠥᠭᠡᠨ ᠪᠠᠶ᠋ᠢᠭᠤᠯᠤᠯᠲᠠ᠎ᠨᠢ ᠶᠠᠭ 《ᠠᠪᠤᠷᠠᠯᠳᠠ᠎ᠶᠢᠨ ᠴᠢᠨᠠᠷᠲᠠᠶ ᠬᠠᠮᠠᠭᠠᠯᠠᠯᠲᠠ》 ᠡᠴᠠ 《ᠰᠢᠰᠲᠧᠮᠲᠦ ᠴᠢᠨᠠᠷᠲᠠᠶ ᠤᠯᠠᠮᠵᠢᠯᠠᠬᠤ》 ᠲᠡᠢᠰᠢ ᠬᠡᠯᠪᠡᠷᠢ᠎ᠪᠠᠨ ᠬᠤᠪᠢᠷᠠᠭᠤᠯᠬᠤ ᠵᠠᠩᠭᠢᠯᠠᠭ᠎ᠠ᠎ᠶᠢᠨ ᠬᠤᠭᠤᠴᠠᠭᠠᠨ᠎ᠳᠤ ᠣᠷᠣᠰᠢᠵᠤ ᠪᠠᠶ᠋ᠢᠨ᠎ᠠ᠃ 《ᠪᠥᠬᠦ ᠨᠡᠶ᠋ᠢᠭᠡᠮ᠎ᠤᠨ ᠰᠣᠶᠣᠯ᠎ᠤᠨ ᠤᠬᠠᠮᠰᠠᠷ ᠪᠠ ᠰᠣᠶᠣᠯ᠎ᠤᠨ ᠢᠲᠡᠭᠡᠯ ᠲᠠᠰᠤᠷᠠᠯᠲᠠ ᠥᠬᠡᠶ ᠴᠢᠩᠭᠠᠷᠠᠵᠤ᠂ ᠮᠠᠯᠴᠢᠨ ᠲᠦᠮᠡᠨ᠎ᠤ ᠭᠠᠵᠠᠷ ᠣᠷᠣᠨ᠎ᠤ᠎ᠪᠠᠨ ᠰᠣᠶᠣᠯ᠎ᠢ ᠮᠡᠳᠡᠷᠡᠬᠦ ᠰᠡᠳᠬᠢᠯᠭᠡ ᠪᠠ ᠣᠮᠤᠭ ᠪᠠᠬᠠᠳᠤᠯᠲᠤ ᠰᠡᠳᠬᠢᠯᠭᠡ ᠡᠳᠦᠷ ᠢᠷᠡᠬᠦᠶ᠎ᠡ ᠨᠡᠮᠡᠭᠳᠡᠵᠦ ᠪᠠᠶ᠋ᠢᠨ᠎ᠠ》᠃ ᠠᠪᠠᠭ᠎ᠠ ᠬᠤᠰᠢᠭᠤᠨ᠎ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰᠲᠣᠪᠴᠢᠶᠠᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶ᠋ᠢᠯᠡᠬᠦ᠎ᠳᠡᠭᠡᠨ᠂ ᠮᠠᠯᠴᠢᠨ ᠳᠦᠮᠡᠨ᠎ᠤ ᠢᠳᠡᠪᠬᠢᠳᠡᠢ ᠤᠷᠤᠯᠴᠠᠭ᠎ᠠ ᠨᠢ ᠴᠤᠭᠤᠷ ᠤᠷᠠᠯᠢᠭ᠎ᠤᠨ ᠠᠯᠤᠰ ᠬᠡᠲᠦ᠎ᠶᠢᠨ ᠬᠥᠭᠵᠢᠯᠲᠡ᠎ᠳᠤ ᠬᠠᠮᠤᠭ᠎ᠤᠨ ᠪᠠᠲᠤ ᠪᠠᠬᠢ ᠣᠯᠠᠨ ᠲᠥᠮᠡᠨᠴᠢ ᠰᠠᠭᠤᠷᠢ᠎ᠶᠢ ᠲᠠᠯᠪᠢᠵᠤ ᠥᠭᠭᠦᠭᠰᠡᠨ ᠪᠠᠶ᠋ᠢᠨ᠎ᠠ ᠭᠡᠵᠡᠶ᠃
(ᠬᠡᠷᠡᠯ ᠵᠢᠷᠤᠭ᠎ᠤᠳ᠎ᠢ ᠠᠪᠠᠭ᠎ᠠ ᠬᠤᠰᠢᠭᠤᠨ᠎ᠤ ᠬᠠᠮ ᠵᠠᠭᠤᠴᠢᠯᠠᠭᠤᠷ ᠤ᠋ᠨ ᠳᠦᠪ ᠬᠠᠨᠭᠭᠠᠪᠠ)