ᠸᠠᠩ ᠸᠧᠶ ᠵᠥᠩ ᠳᠤᠮᠳᠠᠳᠤ ᠤᠯᠤᠰ᠎ᠲᠤ᠌ ᠰᠠᠭᠤᠭ᠎ᠠ ᠹᠷᠠᠨᠼᠢ᠎ᠶᠢᠨ ᠡᠯᠴᠢᠨ ᠰᠠᠶ᠋ᠢᠳ ᠪᠠᠶ ᠢᠦᠶ ᠳᠠᠩ᠎ᠲᠠᠶ ᠠᠭᠤᠯᠵᠠᠪᠠ
2026-07-24 09:30:48
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 23 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠢ ᠵᠦᠩ ᠬᠥᠬᠡᠬᠣᠲᠠ᠎ᠳᠤ ᠳᠤᠮᠳᠠᠳᠤ ᠤᠯᠤᠰ᠎ᠲᠤ᠌ ᠰᠠᠭᠤᠭ᠎ᠠ ᠹᠷᠠᠨᠼᠢ᠎ᠶᠢᠨ ᠡᠯᠴᠢᠨ ᠰᠠᠶ᠋ᠢᠳ ᠪᠠᠢ ᠢᠦᠢ ᠲᠠᠩ᠎ᠲᠠᠶ ᠠᠭᠤᠯᠵᠠᠪᠠ᠃


e823c70b-0a8d-4cd7-81a4-b82821a5a049.png


7 ᠰᠠᠷ᠎ᠠ᠎ᠶᠢᠨ 23 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠢ ᠵᠦᠩ ᠬᠥᠬᠡᠬᠣᠲᠠ᠎ᠳᠤ ᠳᠤᠮᠳᠠᠳᠤ ᠤᠯᠤᠰ᠎ᠲᠤ᠌ ᠰᠠᠭᠤᠭ᠎ᠠ ᠹᠷᠠᠨᠼᠢ᠎ᠶᠢᠨ ᠡᠯᠴᠢᠨ ᠰᠠᠶ᠋ᠢᠳ ᠪᠠᠢ ᠢᠦᠢ ᠲᠠᠩ᠎ᠲᠠᠶ ᠠᠭᠤᠯᠵᠠᠪᠠ᠃ 

ᠰᠤᠷᠪᠤᠯᠵᠢᠯᠠᠬᠴᠢ  ᠮᠠ ᠵᠢᠶᠠᠨ ᠪᠢᠩ  ᠰᠡᠬᠦᠳᠡᠷᠯᠡᠪᠡ


ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠪᠠᠶ ᠢᠦᠶ ᠲᠠᠩ᠎ᠨᠠᠷ᠎ᠤᠨ ᠠᠶ᠋ᠢᠯᠴᠢᠯᠠᠷ᠎ᠠ ᠢᠷᠡᠭᠰᠡᠨ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠪᠠᠶ᠋ᠢᠳᠠᠯ᠎ᠢ ᠲᠠᠨᠢᠯᠴᠠᠭᠤᠯᠵᠤ᠂ ᠥᠪᠥᠷ ᠮᠣᠩᠭᠣᠯ ᠬᠢᠭᠡᠳ ᠹᠷᠠᠨᠼᠢ᠎ᠶᠢᠨ ᠬᠣᠯᠪᠣᠭᠳᠠᠯ ᠪᠥᠬᠥᠶ ᠲᠠᠯ᠎ᠠ ᠪᠠ ᠭᠠᠵᠠᠷ ᠣᠷᠣᠨ᠎ᠯᠤᠭ᠎ᠠ ᠵᠢᠨ ᠶᠠᠪᠤᠯᠴᠠᠭ᠎ᠠ ᠬᠠᠮᠲᠤᠷᠠᠯᠴᠠᠭᠠᠨ᠎ᠤ ᠦᠩᠭᠡᠷᠡᠯᠲᠡ ᠵᠢᠴᠢ ᠦᠷ᠎ᠡ ᠪᠦᠲᠦᠭᠡᠯ᠎ᠢ ᠡᠷᠭᠢᠴᠡᠭᠦᠯᠪᠡ᠃ ᠲᠡᠷᠡ᠂ ᠲᠡᠷᠢᠭᠦᠯᠡᠭᠴᠢ ᠰᠢ ᠵᠢᠨ ᠫᠢᠩ ᠡᠴᠡ ᠳᠤᠮᠳᠠᠳᠤ ᠹᠷᠠᠨᠼᠢ ᠪᠣᠯ ᠣᠨᠴᠠᠭᠠᠢ ᠨᠠᠶ᠋ᠢᠵᠠ ᠮᠥᠨ᠂ ᠳᠤᠮᠳᠠᠳᠤ ᠹᠷᠠᠨᠼᠢ᠎ᠶᠢᠨ ᠬᠠᠷᠢᠯᠴᠠᠭ᠎ᠠ ᠪᠣᠯ ᠳᠡᠯᠡᠬᠡᠢ᠎ᠶᠢᠨ ᠲᠤᠮᠤ ᠤᠯᠤᠰ᠎ᠤᠨ ᠬᠠᠷᠢᠯᠴᠠᠭ᠎ᠠ᠎ᠳᠠᠬᠢ ᠨᠢᠭᠡ ᠬᠣᠣᠰ ᠣᠨᠴᠠᠭᠠᠢ ᠬᠠᠷᠢᠯᠴᠠᠭ᠎ᠠ ᠪᠣᠯᠤᠨ᠎ᠠ ᠭᠡᠵᠦ ᠵᠢᠭᠠᠵᠤ ᠭᠠᠷᠭᠠᠪᠠ᠃ ᠤᠢ᠌ᠷ᠎ᠠ᠎ᠶᠢᠨ ᠵᠢᠯ᠎ᠡᠴᠡ᠂ ᠬᠣᠶᠠᠷ ᠤᠯᠤᠰ᠎ᠤᠨ ᠲᠡᠷᠢᠭᠦᠨ᠎ᠦ ᠪᠠᠶ᠋ᠢᠯᠳᠤᠬᠤ ᠪᠤᠳᠤᠯᠭ᠎ᠠ᠎ᠶᠢᠨ ᠵᠢᠯᠤᠭᠤᠳᠤᠯᠭ᠎ᠠ ᠳᠣᠣᠷ᠎ᠠ᠂ ᠳᠤᠮᠳᠠᠳᠤ ᠹᠷᠠᠨᠼᠢ᠎ᠶᠢᠨ ᠡᠯ᠎ᠡ ᠬᠦᠷᠢᠶᠡᠨ᠎ᠦ ᠶᠠᠪᠤᠯᠴᠠᠭ᠎ᠠ ᠬᠠᠮᠲᠤᠷᠠᠯᠴᠠᠭ᠎ᠠ ᠲᠠᠰᠤᠷᠠᠯᠳᠠ ᠦᠭᠡᠢ ᠰᠢᠨ᠎ᠡ ᠳᠡᠭᠲᠡᠷ᠎ᠲᠦ᠍ ᠭᠠᠷᠪᠠ᠃ ᠲᠡᠷᠢᠭᠦᠯᠡᠭᠴᠢ ᠰᠢ ᠵᠢᠨ ᠫᠢᠩ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠥᠪᠥᠷ ᠮᠣᠩᠭᠣᠯ᠎ᠳᠤ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠠᠢᠭᠤᠯᠬᠤ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠣᠯᠭᠣᠪᠠ᠃ ᠲᠡᠷᠢᠭᠦᠯᠡᠭᠴᠢ ᠰᠢ ᠵᠢᠨ ᠫᠢᠩ᠎ᠦᠨ ᠬᠠᠢᠷ᠎ᠠ ᠬᠠᠯᠠᠮᠵᠢᠯᠠᠯ ᠪᠣᠯᠤᠨ ᠨᠠᠮ᠎ᠤᠨ ᠲᠥᠪ ᠬᠤᠷᠢᠶ᠎ᠠ ᠵᠢᠨ ᠪᠠᠲᠤ᠌ ᠴᠢᠩᠭ᠎ᠠ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠶ᠋ᠢᠭᠤᠯᠤᠯᠲᠠ ᠯᠠᠪᠳᠠᠭᠤᠨ ᠪᠠᠲᠤᠲᠠᠢ ᠠᠯᠬᠤᠮ᠎ᠢ ᠠᠯᠬᠤᠵᠤ᠂ ᠠᠵᠤ ᠠᠬᠤᠢ᠎ᠶᠢᠨ ᠬᠥᠭᠵᠢᠯᠲᠡ ᠲᠣᠭᠲᠠᠭᠤᠨ᠎ᠤ ᠳᠤᠮᠳᠠ ᠰᠠᠶ᠋ᠢᠵᠢᠷᠠᠵᠤ᠂ ᠥᠭᠡᠷᠡᠴᠢᠯᠡᠯᠲᠡ ᠨᠡᠭᠡᠭᠡᠯᠲᠡ ᠭᠦᠨᠵᠡᠭᠡᠶ᠋ᠢᠷᠡᠨ ᠠᠬᠢᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠦᠷᠭᠦᠯᠵᠢᠯᠡᠨ ᠰᠠᠶ᠋ᠢᠵᠢᠷᠠᠵᠤ᠂ ᠨᠡᠶ᠋ᠢᠭᠡᠮ᠎ᠦᠨ ᠶᠡᠬᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠠᠶ᠋ᠢᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠶᠡᠬᠡ ᠰᠠᠶ᠋ᠢᠨ ᠪᠠᠶ᠋ᠢᠳᠠᠯ ᠲᠠᠰᠤᠷᠠᠯᠲᠠ ᠦᠭᠡᠢ ᠪᠡᠬᠢᠵᠢᠨ ᠬᠥᠭᠵᠢᠪᠡ᠃ ᠣᠳᠣᠬᠠᠨ᠎ᠳᠤ᠂ ᠪᠢᠳᠡ ᠶᠠᠭ ᠲᠡᠷᠢᠭᠦᠯᠡᠭᠴᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠥᠲᠥᠭᠡᠨ ᠪᠠᠶ᠋ᠢᠭᠤᠯᠤᠯᠲᠠ᠎ᠶᠢᠨ ᠠᠵᠠ ᠲᠣᠬᠢᠶᠠᠯ᠎ᠢ ᠠᠮᠵᠢᠵᠤ᠂ ᠥᠨᠳᠥᠷ ᠲᠦᠪᠰᠢᠨ ᠪᠥᠬᠥᠶ ᠨᠡᠭᠡᠭᠡᠯᠲᠡ᠎ᠪᠡᠷ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠵᠤ ᠪᠠᠶ᠋ᠢᠨ᠎ᠠ᠃ ᠥᠪᠥᠷ ᠮᠣᠩᠭᠣᠯ ᠳᠤᠷᠠᠲᠠᠶ᠎ᠠ ᠹᠷᠠᠨᠼᠢ᠎ᠶᠢᠨ ᠬᠣᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ᠎ᠲᠠᠶ ᠬᠠᠮᠲᠤ᠎ᠪᠠᠷ᠂ ᠬᠣᠶᠠᠷ ᠤᠯᠤᠰ᠎ᠤᠨ ᠲᠡᠷᠢᠭᠦᠨ᠎ᠦ ᠲᠤᠬᠢᠷᠠᠯᠴᠠᠭᠰᠠᠠ ᠴᠢᠬᠤᠯᠠ ᠬᠠᠮᠲᠤ᠎ᠶᠢᠨ ᠲᠠᠨᠢᠯᠲᠠ᠎ᠶᠢ ᠭᠦᠨᠵᠡᠭᠡᠢ ᠨᠠᠶ᠋ᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ ᠪᠠ ᠤᠳᠤ ᠦᠶ᠎ᠡ᠎ᠶᠢᠨ ᠮᠠᠯ ᠠᠵᠤ ᠠᠬᠤᠢ ᠲᠠᠷᠢᠶᠠᠯᠠᠩ᠂ ᠴᠡᠪᠡᠷ ᠡᠨᠧᠷᠭᠢ᠂ ᠪᠣᠬᠢᠷᠲᠤᠯ ᠦᠭᠡᠢ ᠪᠤᠳᠤᠯᠲᠠ ᠵᠢᠨ ᠬᠦᠴᠦᠨ᠎ᠤ᠋ ᠬᠥᠭᠵᠢᠯᠲᠡ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠠᠮᠲᠤᠷᠠᠯᠴᠠᠭᠠᠨ᠎ᠤ ᠣᠷᠣᠨ ᠵᠠᠢ᠎ᠪᠠᠨ ᠥᠷᠭᠡᠳᠬᠡᠵᠦ᠍᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠤᠷᠠᠯᠢᠭ ᠵᠡᠷᠭᠡ ᠬᠦᠷᠢᠶᠡᠨ᠎ᠦ ᠬᠥᠮᠦᠰ᠎ᠦᠨ ᠶᠠᠪᠤᠯᠴᠠᠭ᠎ᠠ᠎ᠶᠢ ᠦᠷᠭᠦᠯᠵᠢᠯᠡᠨ ᠴᠢᠩᠭᠠᠳᠬᠠᠵᠤ᠂ ᠨᠡᠩ ᠤᠯᠠᠨ ᠪᠣᠳᠠᠲᠤ᠌ ᠦᠷ᠎ᠡ ᠪᠦᠲᠦᠭᠡᠯ ᠤᠯᠬᠤ᠎ᠪᠠᠷ ᠴᠢᠷᠮᠠᠶ᠋ᠢᠵᠤ᠂ ᠳᠤᠮᠳᠠᠳᠤ ᠹᠷᠠᠨᠼᠢ᠎ᠶᠢᠨ ᠪᠦᠬᠦ᠌ ᠲᠠᠯ᠎ᠠ᠎ᠶᠢᠨ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠬᠥᠭᠵᠢᠯᠲᠡ᠎ᠶᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠡᠢ᠃

ᠪᠠᠢ ᠢᠦᠢ ᠲᠠᠩ᠂ ᠳᠤᠮᠳᠠᠳᠤ ᠤᠯᠤᠰ᠎ᠯᠤᠭ᠎ᠠ᠎ᠶᠢᠨ ᠬᠠᠷᠢᠯᠴᠠᠭ᠎ᠠ᠎ᠪᠠᠨ ᠬᠥᠭᠵᠢᠭᠦᠯᠬᠦ᠌᠎ᠶᠢ ᠹᠷᠠᠨᠼᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ ᠪᠠᠶ᠋ᠢᠬᠤ ᠪᠥᠭᠡᠳ ᠳᠤᠮᠳᠠᠳᠤ ᠤᠯᠤᠰ᠎ᠤᠨ ᠡᠯ᠎ᠡ ᠮᠤᠵᠢ ᠣᠷᠣᠨ ᠬᠤᠳᠠ᠎ᠯᠤᠭ᠎ᠠ᠎ᠶᠢᠨ ᠨᠥᠬᠥᠷᠰᠡᠭ ᠶᠠᠪᠤᠯᠴᠠᠭ᠎ᠠ᠎ᠶᠢ ᠮᠠᠰᠢ ᠴᠢᠬᠤᠯᠠᠴᠢᠯᠠᠵᠤ ᠪᠠᠶ᠋ᠢᠨ᠎ᠠ᠃ ᠥᠪᠥᠷ ᠮᠣᠩᠭᠣᠯ᠎ᠤᠨ ᠮᠠᠯ ᠠᠵᠤ ᠠᠬᠤᠶ ᠲᠠᠷᠢᠶᠠᠯᠠᠩ᠂ ᠡᠨᠧᠷᠭᠢ ᠵᠡᠷᠭᠡ ᠠᠵᠤ ᠦᠢᠯᠡᠰ᠎ᠦᠨ ᠰᠠᠭᠤᠷᠢ ᠪᠠᠲᠤ᠌ ᠪᠠᠬᠢ ᠪᠠᠶ᠋ᠢᠵᠤ᠂ ᠬᠥᠭᠵᠢᠯᠲᠡ᠎ᠶᠢᠨ ᠳᠠᠯᠳᠠ ᠬᠦᠴᠦᠨ ᠯᠤᠲᠤ᠌ ᠶᠡᠬᠡ ᠪᠠᠶ᠋ᠢᠨ᠎ᠠ᠃ ᠹᠷᠠᠨᠼᠢ᠎ᠶᠢᠨ ᠬᠣᠯᠪᠣᠭᠳᠠᠯ ᠪᠦᠬᠦᠢ ᠲᠠᠯ᠎ᠠ ᠪᠣᠯᠤᠨ ᠭᠠᠵᠠᠷ ᠣᠷᠣᠨ ᠤ᠋ ᠥᠪᠥᠷ ᠮᠣᠩᠭᠣᠯ᠎ᠯᠤᠭ᠎ᠠ᠎ᠶᠢᠨ ᠨᠥᠬᠥᠷᠯᠡᠯ ᠥᠨᠢ ᠤᠳᠠᠭᠠᠨ ᠲᠡᠦᠬᠡ᠎ᠲᠡᠶ ᠶᠤᠮ᠂ ᠤᠢ᠌ᠷ᠎ᠠ᠎ᠶᠢᠨ ᠵᠢᠯ᠎ᠡᠴᠡ ᠮᠢᠬᠠᠨ᠎ᠤ ᠦᠬᠡᠷ᠎ᠢ ᠦᠷᠡᠵᠢᠭᠦᠯᠦᠨ ᠪᠣᠶ᠋ᠢᠵᠢᠭᠤᠯᠬᠤ᠂ ᠢᠮᠠᠭᠠᠨ ᠨᠣᠤᠯᠤᠭᠤᠷ ᠵᠢᠴᠢ ᠪᠦᠲᠦᠭᠡᠭᠳᠡᠬᠦᠨ᠎ᠦ ᠠᠷᠠᠯᠵᠢᠶ᠎ᠠ᠂ ᠰᠣᠶᠣᠯ ᠢᠷᠭᠡᠨᠰᠢᠯ᠎ᠦᠨ ᠰᠣᠯᠢᠯᠴᠠᠭ᠎ᠠ ᠵᠡᠷᠭᠡ ᠬᠦᠷᠢᠶᠡᠨ᠎ᠦ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠳᠤᠮᠳᠠᠳᠤ ᠤᠯᠤᠰ᠎ᠲᠤ᠌ ᠰᠠᠭᠤᠭ᠎ᠠ ᠹᠷᠠᠨᠼᠢ᠎ᠶᠢᠨ ᠡᠯᠴᠢᠨ ᠰᠠᠶ᠋ᠢᠳ᠎ᠤᠨ ᠶᠠᠮᠤᠨ ᠬᠣᠶᠠᠷ ᠤᠯᠤᠰ᠎ᠤᠨ ᠲᠡᠷᠢᠭᠦᠨ᠎ᠦ ᠴᠢᠬᠤᠯᠠ ᠬᠠᠮᠲᠤ᠎ᠶᠢᠨ ᠲᠠᠨᠢᠯᠲᠠ᠎ᠶᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠹᠷᠠᠨᠼᠢ᠎ᠶᠢᠨ ᠬᠣᠯᠪᠣᠭᠳᠠᠯ ᠪᠦᠬᠦᠢ ᠲᠠᠯ᠎ᠠ ᠪᠣᠯᠤᠨ ᠭᠠᠵᠠᠷ ᠣᠷᠣᠨ᠎ᠤ ᠥᠪᠥᠷ ᠮᠣᠩᠭᠣᠯ᠎ᠯᠤᠭ᠎ᠠ᠎ᠶᠢᠨ ᠮᠠᠯ ᠠᠵᠤ ᠠᠬᠤᠢ ᠲᠠᠷᠢᠶᠠᠯᠠᠩ᠂ ᠡᠨᠧᠷᠭᠢ ᠪᠣᠯᠤᠨ ᠲᠠᠬᠢᠨ ᠡᠭᠦᠰᠴᠦ᠍ ᠪᠣᠯᠬᠤ ᠡᠨᠧᠷᠭᠢ᠂ ᠣᠷᠴᠢᠨ ᠲᠣᠭᠣᠷᠢᠨ ᠪᠣᠯᠤᠨ ᠠᠮᠢᠳᠤ ᠪᠣᠳᠠᠰ᠎ᠤᠨ ᠤᠯᠠᠨ ᠶᠠᠩᠵᠤᠲᠤ᠌ ᠴᠢᠨᠠᠷ᠎ᠢ ᠬᠠᠮᠠᠭᠠᠯᠠᠬᠤ᠂ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ᠂ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ ᠵᠡᠷᠭᠡ ᠬᠦᠷᠢᠶᠡᠨ᠎ᠦ ᠬᠠᠮᠲᠤᠷᠠᠯᠴᠠᠭ᠎ᠠ ᠨᠡᠩ ᠶᠡᠬᠡ ᠦᠷ᠎ᠡ ᠪᠦᠲᠦᠮᠵᠢ ᠤᠯᠬᠤ᠎ᠶᠢ ᠠᠬᠢᠭᠤᠯᠵᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠬᠣᠶᠠᠷ ᠭᠠᠵᠠᠷ᠎ᠤᠨ ᠠᠷᠠᠳ ᠤᠯᠠᠨ᠎ᠳᠤ ᠨᠡᠩ ᠰᠠᠢ᠌ᠨ ᠬᠦᠷᠲᠡᠭᠡᠨ᠎ᠡ ᠭᠡᠵᠦ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠰᠢᠨ᠂ ᠰᠦᠬᠡ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号