7 ᠰᠠᠷᠠᠶᠢᠨ 21ᠤ᠋ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨᠤ ᠠᠷᠪᠠᠨ ᠵᠢᠷᠭᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠰᠤᠷ ᠬᠠᠷᠪᠤᠯᠲᠠ ᠶᠢᠨ ᠲᠦᠷᠦᠯ ᠵᠦᠢᠯ ᠪᠦᠬᠦᠨᠢᠶᠡᠷᠢᠶᠡᠨ ᠲᠡᠭᠦᠰ ᠠᠮᠵᠢᠯᠲᠠᠲᠠᠢ ᠦᠨᠳᠦᠷᠯᠡᠵᠦ᠂ ᠲᠤᠰ ᠡᠳᠦᠷ ᠦᠨ ᠲᠠᠢᠺᠢᠨᠳᠤᠤᠶᠢᠨ ᠲᠦᠷᠦᠯ ᠵᠦᠢᠯᠤᠨ ᠤᠷᠤᠯᠳᠤᠭᠠᠨᠶᠠᠭ ᠢᠳᠡ ᠭᠦᠭ ᠲᠠᠢ ᠶᠠᠪᠤᠭᠳᠠᠵᠤ᠂ ᠬᠥᠬᠡᠬᠣᠲᠠᠶᠢᠨ ᠪᠡᠶ᠎ᠡᠶᠢᠨ ᠲᠠᠮᠢᠷᠤᠨ ᠰᠤᠷᠭᠠᠭᠤᠯᠢᠶᠢᠨ ᠲᠠᠮᠢᠷᠴᠢᠳ ᠬᠣᠶᠠᠷ ᠤᠷᠤᠯᠳᠤᠭᠠᠨ ᠤ ᠲᠦᠷᠦᠯ ᠵᠦᠢᠯ ᠳᠦ ᠵᠠᠯᠭᠠᠭᠠᠪᠠᠷ ᠰᠢᠯᠢᠳᠡᠭ ᠬᠢᠷᠢ ᠪᠦᠲᠦᠮᠵᠢ ᠤᠯᠤᠭᠰᠠᠨ ᠪᠠᠢᠨ᠎ᠠ᠃
ᠬᠡᠳᠦᠨ ᠡᠳᠦᠷ ᠦᠨ ᠰᠢᠷᠦᠭᠦᠨ ᠥᠷᠢᠰᠦᠯᠳᠦᠭᠡᠨᠢᠶᠡᠷ ᠳᠠᠮᠵᠢᠨ ᠬᠥᠬᠡᠬᠣᠲᠠᠶᠢᠨ ᠪᠡᠶ᠎ᠡᠶᠢᠨ ᠲᠠᠮᠢᠷᠤᠨ ᠰᠤᠷᠭᠠᠭᠤᠯᠢᠶᠢᠨ ᠰᠤᠷ ᠬᠠᠷᠪᠤᠯᠲᠠ ᠶᠢᠨ ᠠᠩᠭᠢ ᠡᠴᠦᠰᠲᠡᠬᠡᠨ 4 ᠠᠯᠲᠠᠨ ᠮᠧᠳᠠᠯ 12 ᠮᠥᠩᠭᠥᠨ ᠮᠧᠳᠠᠯ᠂ 8 ᠬᠦᠷᠡᠯ ᠮᠧᠳᠠᠯ ᠭᠠᠷᠳᠠᠵᠠᠢ᠃ ᠡᠭᠦᠨᠦ ᠬᠠᠮᠲᠤ ᠲᠠᠢᠺᠢᠨᠳᠤᠤᠶᠢᠨ ᠤᠷᠤᠯᠳᠤᠭᠠᠨᠳᠦ 3 ᠠᠯᠳᠠᠠ ᠮᠧᠳᠠᠯ᠂ 5 ᠮᠥᠩᠭᠥᠨ ᠮᠧᠳᠠᠯ᠂ 4 ᠬᠦᠷᠡᠯ ᠮᠧᠳᠠᠯ ᠤᠯᠪᠠ᠃
ᠲᠣᠰ ᠤᠳᠠᠭᠠᠨᠤ ᠬᠣᠶᠠᠷ ᠵᠦᠢᠯ ᠦᠨ ᠤᠷᠤᠯᠳᠤᠭᠠᠨᠳᠤ ᠰᠢᠯᠢᠳᠡᠭ ᠬᠢᠷᠢ ᠪᠦᠲᠦᠮᠵᠢ ᠣᠯᠣᠭᠰᠠᠨ ᠨᠢ ᠬᠥᠬᠡᠬᠣᠲᠠ ᠶᠢᠨ ᠪᠡᠶ᠎ᠡ ᠶᠢᠨ ᠲᠠᠮᠢᠷ ᠤᠨ ᠰᠤᠷᠭᠠᠭᠤᠯᠢᠶᠢᠨ ᠣᠷᠳᠣ᠌ ᠬᠤᠭᠤᠴᠠᠭ᠎ᠠ ᠪᠠᠷ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠦᠭᠰᠡᠨ ᠦ ᠦᠷ᠎ᠡ ᠪᠦᠲᠦᠭᠡᠯ ᠮᠥᠨ᠃ ᠰᠤᠷᠭᠠᠭᠤᠯᠢ ᠨᠢ ᠰᠤᠷ ᠬᠠᠷᠪᠤᠯᠲᠠ᠂ ᠲᠠᠢᠺᠢᠨᠳᠤᠤ ᠵᠡᠷᠭᠡ ᠲᠥᠷᠥᠯ ᠵᠦᠢᠯᠳᠦ ᠴᠢᠭᠯᠡᠭᠦᠯᠦᠨ ᠰᠢᠰᠲᠧᠮᠵᠢᠭᠦᠯᠦᠭᠰᠡᠨ ᠪᠣᠯᠪᠠᠰᠤᠷᠠᠯᠤᠨ ᠰᠢᠰᠲᠧᠮ ᠢ᠋ ᠪᠠᠢᠭᠤᠯᠵᠤ᠂ ᠡᠳᠦᠷ ᠲᠤᠲᠤᠮᠤᠨ ᠪᠣᠯᠪᠠᠰᠤᠷᠠᠯ᠂ ᠤᠷᠤᠯᠳᠤᠭᠠᠨ ᠠ᠋ᠴᠠ ᠡᠮᠦᠨᠡᠬᠢ ᠵᠣᠬᠢᠴᠠᠬᠤ ᠴᠢᠨᠠᠷᠲᠠᠢ ᠰᠣᠷᠢᠯᠲᠠ ᠶ᠋ᠢ ᠬᠠᠮᠲᠤ ᠳ᠋ᠤᠨᠢ ᠦᠷᠨᠢᠭᠦᠯᠵᠦ᠂ ᠦᠪᠦᠷ ᠮᠤᠨᠭᠭᠤᠯᠤᠨ ᠥᠪᠡᠷᠲᠡᠭᠡᠨ ᠵᠠᠰᠠᠬᠤ ᠣᠷᠣᠨᠤ ᠲᠤᠰᠬᠠᠢ ᠮᠡᠷᠭᠡᠵᠢᠯᠦᠨ ᠲᠠᠮᠢᠷᠤᠨ ᠠᠩᠭᠢᠳᠤ ᠦᠷᠬᠦᠯᠵᠢᠯᠡᠨ ᠴᠢᠳᠠᠪᠤᠷᠢᠲᠠᠨ ᠬᠦᠷᠭᠡᠬᠦ ᠪᠡᠷ ᠪᠠᠷᠠᠬᠤ ᠦᠭᠡᠢ ᠬᠥᠬᠡᠬᠣᠲᠠ ᠶ᠋ᠢᠨ ᠬᠣᠢᠰᠢᠳᠠ ᠶ᠋ᠢᠨ ᠡᠯ᠎ᠡ ᠲᠥᠷᠥᠯᠦᠨ ᠤᠷᠤᠯᠳᠤᠭᠠᠨ ᠳ᠋ᠤ ᠪᠡᠯᠡᠳᠬᠡᠯ ᠴᠢᠳᠠᠪᠤᠷᠢᠲᠠᠨ ᠢ᠋ ᠬᠦᠮᠦᠵᠢᠭᠦᠯᠵᠦ ᠪᠤᠢ᠃