— ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ (ᠨᠠᠢ᠍ᠮᠠ)
ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠮᠠᠨ᠎ᠤ ᠨᠠᠮ᠎ᠳᠤ ᠪᠠᠢᠬᠤ ᠪᠤᠰᠤᠳ ᠲᠦᠷᠦ᠎ᠶᠢᠨ ᠨᠠᠮ ᠪᠠ ᠤᠯᠤᠰ ᠲᠦᠷᠦ᠎ᠶᠢᠨ ᠬᠦᠴᠦᠨ ᠤ᠋ ᠠᠳᠠᠯᠢᠳᠬᠠᠰᠢ ᠦᠭᠡᠢ ᠵᠢᠷᠭᠤᠭᠠᠨ ᠲᠠᠯ᠎ᠠ᠎ᠶᠢᠨ ᠰᠢᠯᠢᠳᠡᠭ ᠣᠨᠴᠠᠯᠢᠭ ᠰᠢᠨᠵᠢ᠎ᠵᠢ ᠭᠦᠨᠵᠡᠭᠡᠢ ᠲᠣᠳᠣᠷᠬᠠᠶ᠋ᠢᠯᠠᠨ ᠥᠭᠦᠯᠠᠵᠤ᠂《ᠲᠡᠦᠬᠡᠲᠦ᠍ ᠡᠭᠦᠷᠭᠡ᠎ᠶᠢ ᠵᠣᠷᠢᠭᠲᠠᠢ ᠡᠭᠦᠷᠭᠡᠯᠡᠵᠦ᠍᠂ ᠢᠮᠠᠭᠲᠠ ᠪᠠᠶ᠋ᠢᠯᠳᠤᠬᠤ ᠪᠤᠳᠤᠯᠭ᠎ᠠ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠰᠢᠬᠦ᠌》ᠪᠣᠯ ᠶᠠᠭ ᠡᠭᠦᠨ᠎ᠦ ᠳᠣᠲᠣᠷᠠᠬᠢ ᠨᠢᠭᠡ ᠨᠢ ᠪᠣᠯᠤᠨ᠎ᠠ᠃
ᠵᠠᠭᠤ ᠭᠠᠷᠤᠢ ᠵᠢᠯ᠎ᠦᠨ ᠠᠶᠠᠨ ᠳ᠋ᠤ᠂ ᠰᠠᠯᠬᠢ ᠳᠠᠪᠠᠯᠭᠠᠨ ᠪᠣᠯᠤᠨ ᠰᠢᠯᠭᠠᠯᠲᠠ ᠶᠡᠷᠦ᠎ᠡᠴᠡ ᠲᠠᠰᠤᠷᠠᠭ᠎ᠠ ᠦᠭᠡᠢ᠃ ᠲᠡᠦᠬᠡ᠎ᠶᠢᠨ ᠡᠷᠭᠢᠯᠲᠡ ᠨᠢᠭᠡᠪᠤᠷᠢ᠂ ᠵᠠᠩᠭᠢᠯᠠᠭ᠎ᠠ᠎ᠶᠢᠨ ᠪᠣᠭᠣᠮᠲᠠ ᠨᠢᠭᠡᠪᠦᠷᠢ᠎ᠳᠦ᠂ ᠮᠠᠨ᠎ᠤ ᠨᠠᠮ ᠢᠮᠠᠭᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠡᠵᠡᠮᠳᠡᠵᠤ᠂ ᠬᠤᠪᠢᠷᠠᠯᠲᠠ᠎ᠶᠢ ᠲᠠᠨᠢᠵᠤ ᠬᠤᠪᠢᠷᠠᠯᠲᠠ᠎ᠶᠢ ᠠᠷᠭᠠᠴᠠᠭᠠᠬᠤ ᠤᠬᠠᠮᠰᠠᠷ ᠪᠠ ᠴᠢᠳᠠᠪᠤᠷᠢ᠎ᠪᠠᠷ ᠪᠡᠷᠬᠡ ᠪᠣᠭᠣᠮᠲᠠ᠎ᠶᠢ ᠰᠢᠪᠳᠤᠯᠵᠤ᠂ ᠠᠶᠤᠯ ᠲᠦᠭᠰᠢᠭᠦᠷᠢᠲᠡᠶ ᠲᠡᠮᠡᠴᠡᠵᠦ᠍᠂ ᠥᠷᠢᠰᠥᠯᠳᠦᠭᠡᠨ᠎ᠢ ᠤᠭᠲᠤᠵᠤ᠂ ᠲᠡᠦᠬᠡ᠎ᠶᠢᠨ ᠰᠠᠨᠠᠭᠠᠴᠢᠯᠠᠭᠠᠲᠤ᠌ ᠴᠢᠨᠠᠷ᠎ᠢ ᠪᠠᠲᠤ᠌ ᠡᠵᠡᠮᠳᠡᠭᠰᠡᠨ ᠰᠦᠷ ᠳᠠᠯᠠᠶ᠋ᠢᠴᠠᠲᠠᠢ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠪᠡ᠃
ᠡᠨᠡ ᠬᠦ᠌ ᠨᠢᠭᠤᠴᠠ ᠨᠣᠮᠧᠷ᠎ᠢ ᠤᠩᠰᠢᠵᠤ ᠣᠶ᠋ᠢᠯᠠᠭᠠᠪᠠᠯ᠂ ᠵᠠᠭᠤᠨ ᠵᠢᠯ᠎ᠦᠨ ᠲᠤᠮᠤ ᠨᠠᠮ ᠬᠡᠷᠬᠢᠨ ᠰᠠᠯᠬᠢ ᠪᠣᠷᠣᠭᠠᠨ᠎ᠢ ᠲᠤᠭᠤᠯᠤᠨ ᠢᠮᠠᠭᠲᠠ ᠴᠤᠭ ᠵᠢᠪᠬᠤᠭ᠎ᠠ ᠪᠠᠳᠠᠷᠠᠩᠭᠤᠢ ᠪᠠᠶ᠋ᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠬᠡᠷᠬᠢᠨ ᠬᠤᠪᠢᠰᠤᠯᠲᠠ᠎ᠶᠢᠨ ᠳᠤᠮᠳᠠ ᠵᠦᠢᠯ ᠪᠦᠷᠢ ᠵᠢᠨ ᠪᠠᠶ᠋ᠢᠳᠠᠯ᠎ᠢ ᠢᠯᠡᠷᠡᠭᠦᠯᠦᠭᠰᠡᠨᠢ ᠨᠡᠩ ᠭᠦᠨᠵᠡᠭᠡᠢ ᠣᠶ᠋ᠢᠯᠠᠭᠠᠵᠤ ᠴᠢᠳᠠᠨ᠎ᠠ᠃
ᠠᠷᠠᠳ᠎ᠤᠨ ᠲᠥᠯᠥᠭᠡ ᠬᠥᠭᠵᠢᠯᠲᠡ᠎ᠶᠢ ᠡᠷᠢᠯᠬᠢᠯᠡᠵᠦ᠍᠂ ᠤᠯᠤᠰ᠎ᠤᠨ ᠲᠥᠯᠥᠭᠡ ᠤᠷᠤᠬᠰᠢᠯᠠᠯᠳᠠ ᠵᠢᠨ ᠵᠠᠮ᠎ᠢ ᠥᠷᠭᠡᠳᠬᠡᠬᠦ᠌ ᠪᠣᠯ ᠮᠠᠨ᠎ᠤ ᠨᠠᠮ᠎ᠤᠨ ᠲᠡᠦᠬᠡᠲᠦ᠍ ᠡᠭᠦᠷᠭᠡ᠎ᠶᠢ ᠡᠭᠦᠷᠭᠡᠯᠡᠭᠰᠡᠨᠦ ᠠᠮᠢᠳᠤᠯᠢᠭ ᠭᠡᠷᠡᠴᠢ ᠮᠥᠨ᠃
ᠶᠡᠷᠦᠩᠬᠡᠢ ᠱᠦᠵᠢ ᠰᠢ ᠵᠢᠨ ᠫᠢᠩ᠄ 《ᠳᠤᠮᠳᠠᠳᠤ ᠤᠯᠤᠰ᠎ᠤᠨ ᠡᠪ ᠬᠠᠮᠲᠤ᠌ ᠨᠠᠮ ᠮᠡᠨᠳᠦᠯᠡᠮᠡᠭᠴᠡ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠍᠂ ᠳᠤᠮᠳᠠᠳᠤ᠎ᠶᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌᠎ᠪᠡᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠣᠯᠭᠠᠬᠰᠡᠨ ᠶᠤᠮ》 ᠭᠡᠵᠤ ᠬᠦᠨᠵᠡᠭᠡᠢ ᠵᠢᠭᠠᠵᠤ ᠭᠠᠷᠭᠠᠪᠠ᠃
《ᠮᠠᠨ᠎ᠤ ᠨᠠᠮ ᠡᠪ ᠬᠠᠮᠲᠤ᠌ ᠶᠣᠰᠣᠨ᠎ᠤ ᠠᠯᠤᠰ ᠬᠡᠳᠦ᠎ᠶᠢᠨ ᠬᠦᠰᠡᠯᠡᠩ᠎ᠢ ᠡᠪᠦᠷᠯᠡᠵᠦ᠍᠂ ᠳᠤᠮᠳᠠᠳᠤ᠎ᠶᠢᠨ ᠦᠨᠳᠦᠰᠦᠲᠡᠨ᠎ᠦ ᠮᠢᠩᠭᠠᠨ ᠣᠨ᠎ᠤ ᠠᠭᠤᠤ ᠦᠢᠯᠡᠰ᠎ᠢ ᠪᠡᠶᠡᠯᠡᠭᠦᠯᠬᠦ᠌᠎ᠪᠡᠷ ᠵᠣᠷᠢᠭ ᠰᠢᠭᠤᠳᠴᠤ᠌᠂ ᠲᠡᠦᠬᠡ ᠪᠣᠯᠤᠨ ᠠᠷᠠᠳ ᠲᠦᠮᠡᠨ᠎ᠡᠴᠡ ᠳᠠᠭᠠᠭᠠᠯᠭᠠᠭᠰᠠᠨ ᠬᠦᠨᠳᠦ ᠡᠭᠦᠷᠭᠡ᠎ᠶᠢ ᠡᠷᠡᠰᠪᠠᠳᠤ ᠡᠭᠦᠷᠭᠡᠯᠡᠪᠠ》᠃
ᠡᠨᠡ ᠪᠣᠯ ᠴᠢᠰᠤᠲᠤ᠌ ᠪᠠᠶ᠋ᠢᠯᠳᠤᠭᠠᠨ᠎ᠢᠶᠠᠷ ᠤᠯᠤᠰ᠎ᠢᠶᠠᠨ ᠠᠪᠤᠷᠠᠬᠰᠡᠨ ᠵᠠᠮ ᠮᠥᠨ᠄ ᠦᠨᠳᠦᠰᠦᠲᠡᠨ᠎ᠦ ᠲᠤᠰᠠᠭᠠᠷ ᠲᠣᠭᠲᠠᠨᠢᠯ᠂ ᠠᠷᠠᠳ ᠲᠦᠮᠡᠨ᠎ᠦ ᠴᠢᠯᠥᠭᠡᠯᠡᠯᠲᠡ᠎ᠶᠢᠨ ᠡᠭᠦᠷᠭᠡ ᠬᠠᠷᠢᠭᠤᠴᠠᠯᠭ᠎ᠠ᠎ᠶᠢᠨ ᠲᠥᠯᠥᠭᠡ᠂ ᠨᠠᠮ᠎ᠡᠴᠡ ᠠᠷᠠᠳ ᠲᠦᠮᠡᠨ᠎ᠢ ᠳᠠᠭᠠᠭᠤᠯᠤᠨ ᠴᠢᠰᠤᠲᠤ᠌ ᠲᠡᠮᠡᠴᠡᠯ ᠬᠢᠵᠦ᠍᠂ ᠡᠮᠦᠨᠡᠬᠢ ᠨᠢ ᠤᠨᠠᠪᠠᠯ ᠬᠣᠶ᠋ᠢᠨᠠᠬᠢ ᠨᠢ ᠵᠠᠯᠭᠠᠮᠵᠢᠯᠠᠵᠤ᠂ ᠭᠠᠰᠠᠯᠠᠩ ᠵᠤᠪᠠᠯᠠᠩ ᠲᠠᠪᠬᠤᠴᠠᠭᠰᠠᠨ ᠴᠠᠭ ᠦᠶ᠎ᠡ᠎ᠳᠦ ᠬᠤᠪᠢᠰᠬᠠᠯ᠎ᠤᠨ ᠤᠴᠢ᠎ᠶᠢ ᠨᠣᠴᠣᠭᠠᠵᠤ᠂ ᠠᠭᠤᠯᠠ᠎ᠶᠢ ᠰᠢᠲᠠᠭᠠᠬᠤ ᠰᠦᠷ ᠬᠦᠴᠦᠨ᠎ᠢ ᠪᠦᠷᠢᠯᠳᠦᠭᠦᠯᠵᠦ᠂ ᠳᠠᠪᠬᠤᠷ ᠳᠠᠪᠬᠤᠷ ᠬᠦᠯᠢᠶᠡᠰᠦ᠎ᠶᠢ ᠰᠢᠪᠲᠤᠯᠵᠤ᠂ ᠦᠨᠳᠦᠰᠦᠲᠡᠨ᠎ᠦ ᠨᠢᠷᠤᠭᠤ ᠲᠤᠯᠭᠠᠭᠤᠷᠢ᠎ᠶᠢ ᠪᠤᠰᠬᠠᠵᠤ᠂ ᠤᠷᠳᠤ ᠬᠤᠭᠤᠴᠠᠭ᠎ᠠ᠎ᠪᠠᠷ ᠬᠠᠯᠠ ᠵᠣᠪᠠᠯᠠᠩ ᠠᠮᠰᠠᠭᠰᠠᠨ ᠳᠤᠮᠳᠠᠳᠤ᠎ᠶᠢᠨ ᠦᠨᠳᠦᠰᠦᠲᠡᠨ ᠲᠤᠢᠯᠪᠤᠷᠢᠳᠠᠢ ᠪᠤᠰᠴᠤ ᠵᠤᠬᠰᠤᠪᠠ᠃
ᠡᠨᠡ ᠪᠣᠯ ᠬᠦᠴᠢᠷ ᠪᠡᠷᠬᠡᠰᠢᠶᠡᠯᠲᠡᠢ ᠦᠢᠯᠡᠰ ᠪᠤᠰᠬᠠᠬᠰᠡᠨ ᠵᠠᠮ ᠮᠥᠨ᠄ ᠤᠯᠤᠰ᠎ᠤᠨ ᠲᠥᠯᠥᠭᠡ ᠦᠢᠯᠡᠰ ᠪᠤᠰᠬᠠᠬᠤ᠂ ᠠᠷᠠᠳ ᠲᠦᠮᠡᠨ ᠢ᠋ ᠠᠮᠤᠷ ᠵᠢᠮᠤᠷ ᠤᠷᠤᠰᠢᠨ ᠲᠤᠬᠳᠠᠨᠢᠭᠤᠯᠬᠤ ᠵᠢᠨ ᠲᠦᠯᠦᠭᠡ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ᠍᠂ ᠰᠦᠢᠳᠦᠭᠰᠡᠨ ᠪᠦᠬᠦᠨ ᠢ᠋ ᠰᠡᠷᠬᠦᠭᠡᠨ ᠬᠦᠭᠵᠢᠬᠦᠯᠬᠦ ᠬᠦᠴᠢᠷ ᠪᠡᠷᠬᠡᠰᠢᠶᠡᠯ᠎ᠦᠨ ᠡᠮᠦᠨ᠎ᠡ᠂ ᠨᠠᠮ᠎ᠡᠴᠡ ᠲᠦᠭ ᠲᠦᠮᠡᠨ ᠠᠷᠠᠳ ᠲᠦᠮᠡᠨ᠎ᠢ ᠳᠠᠭᠠᠭᠤᠯᠤᠨ ᠰᠢᠷᠭᠠᠭᠤ ᠬᠠᠲᠠᠭᠤᠵᠢᠯᠲᠠᠢ ᠲᠡᠮᠡᠴᠡᠵᠦ᠍᠂《ᠠᠩᠬᠠᠳᠤᠭᠠᠷ ᠲᠠᠪᠤᠨ ᠵᠢᠯ》 ᠤ᠋ᠨ ᠲᠥᠯᠥᠪᠯᠡᠭᠡ᠎ᠶᠢ ᠬᠡᠷᠡᠭᠵᠢᠭᠦᠯᠵᠦ᠍᠂ ᠪᠦᠬᠦ᠌ ᠤᠯᠤᠰ᠎ᠤᠨ ᠠᠵᠤ ᠦᠢᠯᠡᠳᠪᠦᠷᠢᠵᠢᠯᠲᠡ᠎ᠶᠢᠨ ᠪᠦᠳᠦᠭᠡᠨ ᠪᠠᠶ᠋ᠢᠭᠤᠯᠤᠯᠲᠠ᠎ᠶᠢ ᠡᠬᠢᠯᠡᠭᠦᠯᠵᠦ᠍᠂ ᠨᠡᠶ᠋ᠢᠭᠡᠮ ᠵᠢᠷᠤᠮ᠎ᠤᠨ ᠥᠭᠡᠷᠡᠴᠢᠯᠡᠯᠲᠡ᠎ᠶᠢ ᠪᠡᠶᠡᠯᠡᠭᠦᠯᠵᠦ᠍᠂ ᠨᠡᠶ᠋ᠢᠭᠡᠮ ᠵᠢᠷᠤᠮ᠎ᠤᠨ ᠦᠨᠳᠦᠰᠦᠨ ᠪᠠᠶ᠋ᠢᠭᠤᠯᠤᠯ᠎ᠢ ᠲᠣᠭᠲᠠᠭᠠᠵᠤ᠂ ᠰᠢᠨ᠎ᠡ ᠳᠤᠮᠳᠠᠳᠤ ᠤᠯᠤᠰ ᠶᠠᠳᠠᠭᠤ ᠬᠣᠭᠣᠰᠣᠨ ᠪᠠᠢᠬᠰᠡᠨ ᠤ᠋ ᠲᠡᠭᠡᠷ᠎ᠠ ᠰᠠᠭᠤᠷᠢ᠎ᠵᠢ ᠪᠠᠳᠤᠳᠬᠠᠨ ᠦᠨᠳᠤᠰᠤ ᠵᠢ ᠪᠡᠬᠢᠵᠢᠭᠦᠯᠵᠦ᠍᠂ ᠤᠯᠤᠰ᠎ᠤᠨ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠪᠡ᠃
ᠡᠨᠡ ᠪᠣᠯ ᠪᠡᠷᠬᠡ ᠪᠣᠭᠣᠮᠲᠠ᠎ᠶᠢ ᠲᠠᠪᠠᠨ ᠳᠤᠭᠤᠯᠤᠬᠰᠡᠨ ᠵᠠᠮ ᠮᠥᠨ᠄ ᠤᠯᠤᠰ᠎ᠢᠶᠠᠨ ᠬᠦᠴᠦᠷᠬᠡᠭᠵᠢᠭᠦᠯᠵᠦ᠍ ᠠᠷᠠᠳᠢ᠋ ᠪᠠᠶᠠᠵᠢᠭᠤᠯᠬᠤ᠂ ᠴᠠᠭ ᠦᠶ᠎ᠡ᠎ᠶᠢ ᠮᠦᠷᠳᠡᠨ ᠬᠦᠭᠡᠭᠡᠬᠦ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠨ᠂ ᠨᠠᠮ ᠴᠠᠭ ᠦᠶ᠎ᠡ᠎ᠶᠢᠨ ᠤᠷᠤᠰᠬᠠᠯ᠎ᠤᠨ ᠡᠮᠦᠨ᠎ᠡ ᠭᠠᠪᠰᠢᠭᠠᠶ᠋ᠢᠯᠠᠵᠤ᠂ ᠵᠣᠷᠢᠭᠲᠠᠶ᠎ᠪᠠᠷ ᠲᠦᠷᠦᠭᠦᠯᠡᠨ ᠬᠢᠵᠦ᠍᠂ ᠥᠭᠡᠷᠡᠴᠢᠯᠡᠯᠲᠡ ᠨᠡᠭᠡᠭᠡᠯᠲᠡ᠎ᠶᠢᠨ ᠴᠠᠭ ᠦᠶ᠎ᠡ᠎ᠶᠢᠨ ᠬᠥᠰᠢᠭᠡ᠎ᠶᠢ ᠨᠡᠭᠡᠭᠡᠪᠡ᠃ ᠰᠢᠶᠤᠤ ᠭᠠᠩ ᠲᠣᠰᠬᠣᠨ᠎ᠤ ᠵᠤᠷᠢᠬᠳᠠᠢ ᠪᠡᠷ ᠲᠦᠷᠦᠬᠦᠯᠡᠨ ᠵᠠᠮ ᠬᠠᠶ᠋ᠢᠭᠰᠠᠨ᠂ ᠱᠧᠨᠵᠧᠨ ᠣᠨᠴᠠᠭᠠᠢ ᠣᠷᠣᠨ᠎ᠤ ᠬᠢᠨ ᠤᠷᠢᠳ᠎ᠢᠶᠠᠷ ᠬᠢᠵᠦ᠍ ᠤᠷᠢᠳ᠎ᠢᠶᠠᠷ ᠲᠤᠷᠰᠢᠭᠰᠠᠨ᠎ᠡᠴᠡ ᠫᠦᠳᠦ᠋ᠩᠢ ᠨᠡᠭᠡᠭᠡᠨ ᠬᠥᠭᠵᠢᠭᠦᠯᠵᠦ᠍ ᠨᠡᠭᠡᠭᠡᠯᠳᠠ ᠬᠢᠭᠰᠡᠨ᠂ ᠪᠦᠬᠦ᠌ ᠪᠥᠮᠪᠥᠷᠴᠡᠭ᠎ᠦᠨ ᠬᠥᠭᠵᠢᠯᠲᠡ᠎ᠶᠢᠨ ᠪᠠᠶ᠋ᠢᠷᠢᠰᠢᠯ᠎ᠳᠤ ᠠᠭᠤᠰᠤᠯᠴᠠᠭᠰᠠᠨ ᠬᠦᠷᠲᠡᠯ᠎ᠡ᠂ ᠳᠤᠮᠳᠠᠳᠤ ᠤᠯᠤᠰ ᠲᠤᠮᠤ ᠠᠯᠬᠤᠮ᠎ᠢᠶᠠᠷ ᠴᠠᠭ ᠦᠶ᠎ᠡ᠎ᠶᠢ ᠬᠥᠭᠡᠭᠡᠵᠦ᠍ ᠭᠦᠢᠴᠡᠵᠡᠢ᠃
ᠡᠨᠡ ᠪᠣᠯ ᠠᠶᠠᠨ ᠵᠠᠮ ᠰᠣᠯᠣᠩᠭᠠᠷᠠᠭᠰᠠᠨ ᠤᠷᠤᠭᠰᠢᠯᠠᠯᠲᠠ᠎ᠶᠢᠨ ᠵᠠᠮ ᠮᠥᠨ᠄ ᠰᠢᠨ᠎ᠡ ᠴᠠᠭ ᠦᠶ᠎ᠡ᠎ᠳᠦ ᠣᠷᠣᠵᠤ᠂ ᠨᠠᠮ ᠲᠡᠦᠬᠡ᠎ᠶᠢᠨ ᠰᠠᠨᠠᠭᠠᠴᠢᠯᠠᠭᠠᠲᠤ᠌ ᠵᠣᠷᠢᠭ ᠰᠠᠨᠠᠭ᠎ᠠ᠎ᠶᠢ ᠪᠠᠷᠢᠮᠲᠠᠯᠠᠵᠤ᠂ ᠵᠠᠮ᠎ᠤᠨ ᠢᠲᠡᠭᠡᠯ᠎ᠢᠶᠡᠨ ᠪᠠᠲᠤᠳᠬᠠᠵᠤ᠂ ᠲᠦᠭ ᠲᠦᠮᠡᠨ ᠠᠷᠠᠳ ᠲᠦᠮᠡᠨ᠎ᠢ ᠬᠦᠳᠦᠯᠥᠨ ᠳᠠᠭᠠᠭᠤᠯᠵᠤ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠡᠷᠡᠮᠡᠬᠡᠶ᠋ᠢᠯᠡᠨ ᠤᠷᠤᠭᠰᠢᠯᠠᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠪᠦᠬᠦ᠌ ᠲᠠᠯ᠎ᠠ᠎ᠶᠢᠨ ᠢᠯᠠᠯᠲᠠ ᠣᠯᠵᠤ᠂ ᠴᠢᠨᠡᠭᠡᠯᠢᠭ ᠨᠡᠶ᠋ᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠠᠵᠢᠯ ᠲᠣᠭᠲᠠᠭᠰᠠᠨ ᠬᠤᠭᠤᠴᠠᠭᠠᠨ᠎ᠳᠤ ᠪᠡᠶᠡᠯᠡᠭᠳᠡᠵᠦ᠍᠂ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ 140 ᠲᠦᠮᠡᠨ ᠳ᠋ᠦᠩᠰᠢᠭᠤᠷ ᠲᠥᠭᠥᠷᠢᠭ᠎ᠦᠨ ᠳᠡᠭᠲᠡᠷ᠎ᠲᠦ᠍ ᠭᠠᠷᠴᠤ᠌᠂ ᠴᠢᠬᠤᠯᠠ ᠶᠡᠬᠡ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ ᠴᠣᠯᠭᠣᠷᠠᠨ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠵᠠᠮ ᠶᠠᠪᠤᠬᠤ ᠳᠤᠳᠤᠮ ᠥᠷᠭᠡᠵᠢᠵᠦ᠍᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠠᠵᠢᠯ ᠬᠤᠷᠢᠬᠯᠠᠬᠳᠠᠰᠢ ᠦᠭᠡᠢ ᠲᠡᠦᠬᠡᠨ ᠠᠬᠢᠴᠠ᠎ᠳᠤ ᠣᠷᠣᠪᠠ᠃
105 ᠵᠢᠯ᠎ᠦᠨ ᠰᠠᠯᠬᠢ ᠪᠣᠷᠣᠭᠠᠨ ᠢ᠋ ᠦᠨᠭᠭᠡᠷᠡᠬᠦᠯᠵᠤ᠂ ᠴᠠᠭ ᠦᠶ᠎ᠡ᠎ᠶᠢᠨ ᠰᠡᠳᠦᠪ ᠬᠡᠳᠦᠨᠲᠡ ᠰᠣᠯᠢᠭᠳᠠᠵᠤ᠂ ᠪᠣᠭᠣᠮᠲᠠ ᠰᠢᠪᠲᠤᠯᠬᠤ ᠡᠭᠦᠷᠭᠡ ᠬᠠᠨᠳᠤᠰᠢ ᠵᠢ ᠲᠠᠭᠠᠨ ᠰᠢᠨᠡᠳᠦᠭᠰᠡᠨ ᠴᠤ᠌ ᠳᠤᠮᠳᠠᠳᠤ ᠤᠯᠤᠰ᠎ᠤᠨ ᠡᠪ ᠬᠠᠮᠲᠤᠴᠤᠳ ᠶᠠᠭᠤᠨ᠎ᠤ ᠲᠥᠯᠥᠭᠡ ᠮᠣᠷᠳᠠᠬᠤ᠂ ᠬᠡᠨ᠎ᠦ ᠲᠥᠯᠥᠭᠡ ᠲᠡᠮᠡᠴᠡᠬᠦ᠌᠎ᠪᠡᠨ ᠶᠡᠷᠦ᠎ᠡᠴᠡ ᠮᠠᠷᠲᠠᠭ᠎ᠠ ᠦᠭᠡᠢ᠃
ᠡᠭᠦᠷᠭᠡ ᠬᠠᠷᠢᠭᠤᠴᠠᠯᠭ᠎ᠠ ᠨᠢ ᠴᠢᠭᠯᠡᠯ᠎ᠢ ᠲᠣᠳᠣᠷᠬᠠᠶ᠋ᠢᠯᠠᠵᠤ ᠪᠠᠶ᠋ᠢᠨ᠎ᠠ᠂ ᠭᠡᠪᠡᠴᠦ᠍ ᠠᠯᠤᠰ ᠬᠡᠲᠦ᠎ᠶᠢᠨ ᠬᠦᠰᠡᠯᠡᠩ᠎ᠢ ᠬᠥᠭᠵᠢᠯᠲᠡ᠎ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠳᠤ ᠢᠲᠡᠭᠡᠯ ᠪᠢᠰᠢᠷᠡᠯ᠎ᠦᠨ ᠲᠤᠯᠭᠠᠭᠤᠷᠢᠯᠠᠯ ᠱᠠᠭᠠᠷᠳᠠᠭᠳᠠᠵᠤ ᠪᠠᠶ᠋ᠢᠬᠤᠪᠦᠭᠡᠳ ᠨᠠᠩ ᠴᠤ᠌ ᠲᠡᠦᠬᠡ᠎ᠶᠢᠨ ᠵᠢᠮ᠎ᠡ ᠶᠣᠰᠣ᠎ᠶᠢ ᠨᠡᠪᠲᠡ ᠠᠵᠢᠭᠯᠠᠵᠤ᠂ ᠴᠠᠭ ᠦᠶ᠎ᠡ᠎ᠶᠢᠨ ᠶᠡᠬᠡ ᠬᠠᠨᠳᠤᠰᠢ᠎ᠶᠢ ᠡᠵᠡᠮᠳᠡᠵᠦ᠍᠂ ᠬᠥᠭᠵᠢᠯᠲᠡ᠎ᠶᠢᠨ ᠪᠥᠬᠥ᠌ ᠲᠠᠯ᠎ᠠ᠎ᠶᠢ ᠨᠢᠭᠡᠳᠦᠯᠲᠡᠶ ᠲᠥᠯᠥᠪᠵᠢᠭᠦᠯᠬᠦ᠌ ᠪᠠᠶ᠋ᠢᠯᠳᠤᠬᠤ ᠪᠣᠳᠣᠯᠭ᠎ᠠ᠎ᠶᠢᠨ ᠰᠠᠨᠠᠭᠠᠴᠢᠯᠠᠭ᠎ᠠ ᠪᠠᠶ᠋ᠢᠬᠤ ᠬᠡᠷᠡᠭᠲᠡᠶ᠃
ᠡᠨᠡ ᠬᠦ᠌ ᠪᠠᠶ᠋ᠢᠯᠳᠤᠬᠤ ᠪᠣᠳᠣᠯᠭ᠎ᠠ᠎ᠶᠢᠨ ᠰᠠᠨᠠᠭᠠᠴᠢᠯᠠᠭᠠᠲᠤ᠌ ᠴᠢᠨᠠᠷ᠎ᠤᠨ ᠲᠤᠬᠠᠶ ᠶᠡᠷᠦᠩᠬᠡᠶ ᠱᠦᠵᠢ ᠰᠢ ᠵᠢᠨ ᠫᠢᠩ —《ᠠᠯᠤᠰ ᠬᠡᠲᠦ᠎ᠶᠢᠨ ᠬᠠᠷᠠᠯᠲᠠ ᠪᠠ ᠱᠠᠲᠤ᠌ ᠦᠶ᠎ᠡ᠎ᠶᠢᠨ ᠬᠠᠷᠠᠯᠲᠠ᠎ᠶᠢ ᠨᠢᠭᠡᠳᠬᠡᠬᠦ᠌᠎ᠶᠢ ᠪᠠᠷᠢᠮᠲᠠᠯᠠᠵᠤ᠂ ᠨᠡᠶ᠋ᠢᠭᠡᠮ᠎ᠦᠨ ᠭᠤᠤᠯ ᠵᠥᠷᠢᠴᠡᠯ᠎ᠦᠨ ᠬᠤᠪᠢᠷᠠᠯᠲᠠ᠎ᠳᠤ ᠵᠣᠬᠢᠴᠠᠭᠤᠯᠤᠨ ᠭᠤᠤᠯ ᠡᠭᠦᠷᠭᠡ᠎ᠶᠢ ᠲᠣᠭᠲᠠᠭᠠᠵᠤ᠂ ᠵᠥᠪ ᠱᠤᠭᠤᠮ ᠴᠢᠭᠯᠡᠯᠲᠡ ᠲᠥᠷᠥ᠎ᠶᠢᠨ ᠪᠣᠳᠣᠯᠭ᠎ᠠ᠎ᠶᠢ ᠲᠣᠭᠲᠠᠭᠠᠨ ᠬᠡᠷᠡᠭᠵᠢᠭᠦᠯᠬᠦ᠌ ᠬᠡᠷᠡᠭᠲᠡᠶ》 ᠭᠡᠵᠦ᠍ ᠲᠤᠶ᠋ᠢᠯ᠎ᠤᠨ ᠣᠨᠣᠪᠴᠢᠲᠠᠶ ᠪᠥᠭᠡᠳ ᠭᠦᠨᠵᠡᠭᠡᠶ ᠬᠤᠷᠢᠶᠠᠩᠭᠤᠶ᠋ᠢᠯᠠᠪᠠ᠃
ᠨᠠᠮ ᠪᠠ ᠠᠷᠠᠳ ᠲᠦᠮᠡᠨ᠎ᠦ ᠦᠢᠯᠡᠰ᠎ᠦᠨ ᠣᠷᠣᠰᠢᠵᠤ ᠪᠠᠶ᠋ᠢᠭ᠎ᠠ ᠲᠡᠦᠬᠡᠨ ᠣᠷᠣᠨ ᠪᠠᠶ᠋ᠢᠷᠢ ᠪᠠ ᠬᠥᠭᠵᠢᠯᠲᠡ᠎ᠶᠢᠨ ᠱᠠᠳᠤ ᠦᠶ᠎ᠡ᠎ᠶᠢ ᠵᠥᠪ᠎ᠢᠶᠡᠷ ᠲᠠᠨᠢᠬᠤ ᠪᠣᠯ ᠱᠠᠳᠤ ᠦᠶᠡᠴᠢ ᠴᠢᠨᠠᠷᠲᠠᠢ ᠭᠣᠣᠯ ᠡᠭᠦᠷᠭᠡ᠎ᠶᠢ ᠲᠣᠳᠣᠷᠬᠠᠶ᠋ᠢᠯᠠᠬᠤ᠂ ᠱᠤᠭᠤᠮ ᠴᠢᠭᠯᠡᠯᠲᠡ ᠲᠦᠷᠦ᠎ᠶᠢᠨ ᠪᠤᠳᠤᠯᠭ᠎ᠠ᠎ᠶᠢ ᠲᠣᠭᠲᠠᠭᠠᠬᠤ᠎ᠶᠢᠨ ᠦᠨᠳᠦᠰᠦᠨ ᠦᠨᠳᠦᠰᠦᠯᠡᠯ ᠮᠥᠨ᠃
ᠰᠢᠨ᠎ᠡ ᠴᠠᠭ ᠦᠶ᠎ᠡ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ ᠥᠨᠳᠥᠷ᠎ᠲᠦ᠍ ᠵᠣᠭᠰᠣᠨ ᠠᠯᠤᠰ᠎ᠢ ᠪᠡᠷᠡᠯᠡᠵᠦ᠍᠂ ᠴᠠᠭ᠎ᠢ ᠦᠵᠡᠨ ᠪᠠᠶ᠋ᠢᠳᠠᠯ᠎ᠢ ᠰᠢᠨᠵᠢᠵᠦ᠍᠂ ᠪᠥᠬᠥ᠌ ᠲᠠᠯ᠎ᠠ᠎ᠳᠤ ᠬᠣᠯᠪᠣᠭᠳᠠᠬᠤ ᠠᠯᠢ ᠣᠯᠠᠨ ᠰᠢᠨᠵᠢᠯᠡᠬᠦ᠌ ᠤᠬᠠᠭᠠᠨᠴᠢ ᠮᠠᠭᠠᠳᠯᠠᠯᠲᠠ ᠬᠢᠵᠦ᠍᠂ ᠦᠷᠭᠦᠯᠵᠢᠯᠡᠨ ᠤᠷᠤᠭᠰᠢᠯᠠᠯᠲᠠ ᠵᠢᠨ ᠴᠢᠭᠯᠡᠯ᠎ᠢ ᠣᠨᠢᠯᠠᠪᠠ — 《ᠭᠤᠷᠪᠠᠨ ᠬᠤᠭᠤᠴᠠᠭ᠎ᠠ ᠳᠠᠪᠬᠤᠴᠠᠭᠰᠠᠨ》 ᠪᠤᠳᠤᠯᠢᠶᠠᠨᠲᠠᠶ ᠪᠠᠶ᠋ᠢᠳᠠᠯ᠎ᠳᠤ ᠰᠢᠭᠤᠳ ᠬᠠᠨᠳᠤᠵᠤ᠂ ᠮᠠᠨ᠎ᠤ ᠤᠯᠤᠰ᠎ᠤᠨ ᠠᠵᠤ ᠠᠬᠤᠶ᠎ᠶᠢᠨ ᠬᠥᠭᠵᠢᠯᠲᠡ ᠰᠢᠨ᠎ᠡ ᠬᠡᠪ ᠪᠠᠶ᠋ᠢᠳᠠᠯ᠎ᠳᠤ ᠤᠷᠤᠭᠰᠠᠨ ᠲᠤᠬᠠᠶ ᠮᠠᠭᠠᠳᠯᠠᠯᠲᠠ ᠭᠠᠷᠭᠠᠪᠠ;
ᠪᠦᠲᠦᠴᠡ ᠲᠡᠩᠴᠡᠭᠦᠷᠢ᠎ᠪᠡᠨ ᠠᠯᠳᠠᠭᠰᠠᠨ᠂ ᠡᠬᠢ ᠪᠠᠶᠠᠯᠢᠭ᠎ᠲᠤ᠌ ᠲᠦᠰᠢᠭᠯᠡᠬᠦ᠌ ᠵᠡᠷᠭᠡ ᠠᠰᠠᠭᠤᠳᠠᠯ᠎ᠢ ᠡᠵᠡᠮᠳᠡᠵᠦ᠍᠂ ᠮᠠᠨ᠎ᠤ ᠤᠯᠤᠰ᠎ᠤᠨ ᠠᠵᠤ ᠠᠬᠤᠶ ᠨᠢᠭᠡᠨᠲᠡ ᠳᠡᠭᠡᠳᠦ ᠬᠤᠷᠳᠤᠴᠠ᠎ᠪᠠᠷ ᠨᠡᠮᠡᠭᠳᠡᠬᠦ᠌ ᠱᠠᠲᠤᠨ᠎ᠡᠴᠡ ᠴᠢᠨᠠᠷ ᠰᠠᠶ᠋ᠢᠲᠠᠶ ᠬᠥᠭᠵᠢᠬᠦ᠌ ᠱᠠᠲᠤᠨ᠎ᠳᠤ ᠰᠢᠯᠵᠢᠭᠰᠡᠨᠢ ᠲᠣᠳᠣᠷᠬᠠᠶ᠋ᠢᠯᠠᠪᠠ;
ᠰᠢᠨ᠎ᠡ ᠬᠥᠭᠵᠢᠯᠲᠡ᠎ᠶᠢᠨ ᠱᠠᠳᠤ᠎ᠪᠠᠷ ᠬᠥᠭᠵᠢᠯᠲᠡ᠎ᠶᠢᠨ ᠰᠢᠨ᠎ᠡ ᠣᠷᠣᠨ ᠪᠠᠶ᠋ᠢᠷᠢ᠎ᠶᠢ ᠲᠣᠭᠲᠠᠭᠠᠵᠤ᠂ ᠰᠢᠨ᠎ᠡ ᠬᠥᠭᠵᠢᠯᠲᠡ᠎ᠶᠢᠨ ᠣᠶ᠋ᠢᠯᠠᠭᠠᠭᠳᠠᠬᠤᠨ᠎ᠢᠶᠠᠷ ᠴᠢᠨᠠᠷ ᠰᠠᠶ᠋ᠢᠲᠠᠢ ᠬᠥᠭᠵᠢᠯᠲᠡ᠎ᠶᠢ ᠬᠦᠳᠦᠯᠥᠨ ᠳᠠᠭᠠᠭᠤᠯᠵᠤ᠂ ᠴᠠᠭ᠎ᠢ ᠦᠵᠡᠨ ᠪᠠᠶ᠋ᠢᠳᠠᠯ᠎ᠢ ᠰᠢᠨᠵᠢᠵᠦ᠍ ᠰᠢᠨ᠎ᠡ ᠬᠥᠭᠵᠢᠯᠲᠡ᠎ᠶᠢᠨ ᠪᠠᠶ᠋ᠢᠷᠢᠰᠢᠯ᠎ᠢ ᠪᠠᠶ᠋ᠢᠭᠤᠯᠬᠤ᠎ᠶᠢ ᠳᠤᠷᠠᠳᠴᠤ᠌᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠌᠎ᠶᠢ ᠪᠠᠶ᠋ᠢᠷᠢᠯᠠᠭᠤᠯᠪᠠ;
ᠶᠠᠭ ᠡᠳᠡᠭᠡᠷ ᠪᠠᠶ᠋ᠢᠯᠳᠤᠬᠤ ᠪᠤᠳᠤᠯᠭ᠎ᠠ᠎ᠶᠢᠨ ᠮᠠᠭᠠᠳᠯᠠᠯᠲᠠ ᠨᠢ ᠪᠢᠳᠡᠨ᠎ᠢ ᠡᠯ᠎ᠡ ᠵᠠᠩᠭᠢᠯᠠᠭ᠎ᠠ᠎ᠶᠢᠨ ᠱᠠᠲᠤᠨ᠎ᠳᠤ ᠤᠷᠢᠳᠠᠪᠠᠷ ᠲᠥᠯᠥᠪᠵᠢᠭᠦᠯᠵᠦ᠍᠂ ᠡᠮᠦᠨ᠎ᠡ ᠨᠢ ᠬᠤᠰᠢᠭᠤᠷᠠᠨ ᠠᠵᠢᠯᠯᠠᠭᠤᠯᠪᠠ — ᠰᠠᠨᠠᠭᠠᠴᠢᠯᠠᠭ᠎ᠠ ᠦᠭᠡᠢ ᠠᠷᠭᠠᠴᠠᠭᠠᠬᠤ᠎ᠶᠢ ᠤᠷᠢᠳᠴᠢᠯᠠᠨ ᠮᠠᠭᠠᠳᠯᠠᠬᠤ ᠪᠣᠯᠭᠠᠨ ᠬᠤᠪᠢᠷᠠᠭᠤᠯᠵᠤ᠂ ᠰᠣᠬᠣᠷ ᠪᠠᠯᠠᠢ᠎ᠪᠠᠷ ᠬᠥᠭᠡᠭᠡᠵᠦ᠍ ᠭᠦᠢᠴᠡᠬᠦ᠌᠎ᠶᠢ ᠰᠠᠨᠠᠭᠠᠴᠢᠯᠠᠭ᠎ᠠ᠎ᠡᠴᠡ᠎ᠪᠠᠨ ᠬᠦᠳᠦᠯᠦᠨ ᠳᠠᠭᠠᠭᠤᠯᠬᠤ ᠪᠣᠯᠭᠠᠨ ᠬᠤᠪᠢᠷᠠᠭᠤᠯᠪᠠ᠃ ᠨᠡᠮᠡᠭᠳᠡᠯ᠎ᠦᠨ ᠬᠤᠷᠳᠤᠴᠠ᠎ᠶᠢ ᠥᠷᠥᠭᠡᠰᠦᠭᠡᠯ᠎ᠢᠶᠡᠷ ᠬᠥᠭᠡᠭᠡᠴᠡᠯᠳᠦᠬᠦ᠌ ᠰᠡᠳᠬᠢᠬᠦᠢ᠎ᠶᠢᠨ ᠬᠦᠯᠢᠶᠡᠰᠦ᠎ᠡᠴᠡ ᠰᠠᠯᠵᠤ᠂ ᠤᠤᠯ᠎ᠤᠨ ᠬᠥᠭᠵᠢᠯᠲᠡ᠎ᠶᠢᠨ ᠵᠠᠭᠪᠤᠷ᠎ᠤᠨ ᠵᠠᠮ ᠱᠤᠭᠤᠮ᠎ᠤᠨ ᠬᠦᠯᠢᠶᠡᠰᠦ᠎ᠡᠴᠡ ᠮᠤᠯᠲᠤᠷᠠᠵᠤ ᠂ ᠨᠠᠷᠢᠨ ᠪᠤᠳᠤᠯᠢᠶᠠᠨᠲᠠᠢ ᠵᠥᠷᠢᠴᠡᠯ᠎ᠦᠨ ᠬᠥᠳᠡᠯᠦᠩᠭᠦᠢ ᠰᠣᠯᠢᠭᠳᠠᠯ ᠳᠤᠮᠳᠠ ᠭᠣᠣᠯ ᠠᠵᠢᠯ᠎ᠢᠶᠠᠨ ᠯᠠᠪᠳᠠᠭᠤᠨ ᠪᠠᠲᠤᠲᠠᠢ ᠬᠢᠵᠦ᠍᠂ ᠮᠠᠨ᠎ᠤ ᠨᠠᠮ᠎ᠤᠨ ᠬᠤᠪᠢᠷᠠᠯᠲᠠ᠎ᠶᠢ ᠣᠨᠣᠪᠴᠢᠲᠠᠢ ᠲᠠᠨᠢᠬᠤ᠂ ᠰᠢᠨᠵᠢᠯᠡᠬᠦ᠌ ᠤᠬᠠᠭᠠᠨᠴᠢ᠎ᠪᠠᠷ ᠬᠤᠪᠢᠷᠠᠯᠲᠠ᠎ᠶᠢ ᠠᠷᠭᠠᠴᠠᠭᠠᠬᠤ᠂ ᠰᠠᠨᠠᠭᠠᠴᠢᠯᠠᠭ᠎ᠠ᠎ᠡᠴᠡ᠎ᠪᠠᠨ ᠬᠤᠪᠢᠷᠠᠯᠲᠠ᠎ᠶᠢ ᠡᠷᠢᠯᠬᠢᠯᠡᠬᠦ᠌ ᠪᠠᠶ᠋ᠢᠯᠳᠤᠬᠤ ᠪᠤᠳᠤᠯᠭ᠎ᠠ᠎ᠶᠢᠨ ᠤᠬᠠᠮᠰᠠᠷ᠎ᠢ ᠭᠦᠢᠴᠡᠳ ᠢᠯᠡᠷᠡᠭᠦᠯᠪᠡ᠃
《ᠬᠡᠷᠬᠢᠨ ᠦᠵᠡᠬᠦ᠌》ᠵᠢ ᠰᠢᠨᠵᠢᠯᠡᠬᠦ᠌ ᠤᠬᠠᠭᠠᠨᠴᠢ᠎ᠪᠠᠷ ᠰᠤᠳᠤᠯᠤᠨ ᠮᠠᠭᠠᠳᠯᠠᠵᠤ᠂ 《ᠬᠡᠷᠬᠢᠨ ᠠᠵᠢᠯᠯᠠᠬᠤ》ᠵᠢ ᠨᠢᠭᠡᠳᠦᠯᠲᠡᠶ ᠲᠥᠯᠥᠪᠵᠢᠭᠦᠯᠦᠨ ᠠᠷᠭ᠎ᠠ ᠰᠦᠪᠡᠭᠴᠢᠯᠡᠵᠦ᠍ ᠨᠠᠶ᠋ᠢᠳᠠᠪᠤᠷᠢᠵᠢᠭᠤᠯᠤᠨ᠎ᠠ᠃
ᠬᠣᠶᠠᠷ ᠠᠵᠤ ᠦᠢᠯᠡᠰ᠎ᠦᠨ ᠲᠠᠪᠠᠯᠳᠠᠳᠤ ᠴᠢᠨᠠᠷᠳᠠᠢ ᠬᠥᠭᠵᠢᠯᠲᠡ ᠨᠢ ᠶᠠᠭ ᠠᠮᠢᠳᠤᠯᠢᠭ ᠵᠡᠭᠦᠯᠲᠡ ᠲᠠᠢᠯᠪᠤᠷᠢ ᠪᠤᠯᠵᠤ ᠪᠠᠶ᠋ᠢᠨ᠎ᠠ — ᠰᠢᠨ᠎ᠡ ᠡᠨᠧᠷᠭᠢ᠎ᠶᠢᠨ ᠮᠠᠰᠢᠨ ᠲᠡᠷᠭᠡ ᠪᠦᠬᠦ᠌ ᠪᠥᠮᠪᠥᠷᠴᠡᠭᠲᠦ᠍ ᠲᠦᠷᠦᠭᠦᠯᠡᠵᠦ᠍᠂ ᠦᠢᠯᠡᠳᠪᠦᠷᠢᠯᠡᠯ ᠪᠣᠷᠣᠯᠠᠭᠤᠯᠭ᠎ᠠ᠎ᠶᠢᠨ ᠬᠡᠮᠵᠢᠢ᠎ᠡ 11 ᠵᠢᠯ ᠳᠠᠷᠠᠭᠠᠯᠠᠨ ᠳᠡᠯᠡᠬᠡᠢ᠎ᠶᠢᠨ ᠲᠡᠷᠢᠭᠦᠨ᠎ᠳᠦ ᠣᠷᠣᠪᠠ ; ᠵᠣᠬᠢᠶᠠᠮᠠᠯ ᠣᠶᠤᠨ ᠴᠢᠳᠠᠪᠤᠷᠢ ᠥᠷᠨᠢᠭᠦᠨ ᠬᠥᠭᠵᠢᠵᠦ᠍᠂ 2025 ᠣᠨ᠎ᠳᠤ ᠭᠤᠤᠯᠯᠠᠬᠤ ᠠᠵᠤ ᠦᠢᠯᠡᠰ᠎ᠦᠨ ᠬᠡᠪᠴᠢᠶ᠎ᠡ 1.2 ᠲᠦᠮᠡᠨ ᠳ᠋ᠦᠩᠰᠢᠭᠤᠷ ᠲᠥᠭᠥᠷᠢᠭ᠎ᠢ ᠳᠠᠪᠠᠪᠠ᠃
ᠶᠡᠷᠦᠩᠬᠡᠢ ᠱᠦᠵᠢ ᠰᠢ ᠵᠢᠨ ᠫᠢᠩ ᠴᠢᠬᠤᠯᠠ ᠨᠤᠲᠠᠯᠠᠯᠲᠠ ᠬᠢᠪᠡ᠄《ᠤᠳᠤ ᠳᠤᠮᠳᠠᠳᠤ ᠤᠯᠤᠰ ᠦᠢᠯᠡᠳᠬᠦ᠌ ᠦᠢᠯᠡᠰ᠎ᠦᠨ ᠬᠦᠴᠦᠷᠬᠡᠭ ᠤᠯᠤᠰ᠂ ᠠᠵᠤ ᠦᠢᠯᠡᠳᠪᠦᠷᠢ᠎ᠶᠢᠨ ᠬᠦᠴᠦᠷᠬᠡᠭ ᠤᠯᠤᠰ ᠲᠡᠢᠰᠢ ᠨᠡᠩ ᠥᠨᠳᠥᠷ ᠬᠠᠷᠠᠯᠲᠠ᠎ᠲᠠᠶ᠎ᠪᠠᠷ ᠬᠥᠭᠵᠢᠬᠦ᠌ ᠭᠡᠪᠡᠯ ᠳᠠᠷᠤᠢ ᠪᠠᠶ᠋ᠢᠯᠳᠤᠬᠤ ᠪᠤᠳᠤᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠬᠥᠭᠵᠢᠭᠦᠯᠬᠦ᠌ ᠲᠠᠯ᠎ᠠ᠎ᠪᠠᠷ ᠠᠵᠠ ᠲᠣᠬᠢᠶᠠᠯ᠎ᠢ ᠠᠮᠵᠢᠵᠤ᠂ ᠳᠠᠪᠠᠨ ᠭᠠᠷᠬᠤ ᠬᠡᠷᠡᠭᠲᠡᠢ》᠃
ᠪᠦᠬᠦ᠌ ᠪᠥᠮᠪᠥᠷᠴᠡᠭ᠎ᠦᠨ ᠠᠵᠤ ᠦᠢᠯᠡᠰ᠎ᠦᠨ ᠬᠤᠪᠢᠰᠤᠯᠲᠠ᠎ᠶᠢᠨ ᠤᠷᠤᠰᠬᠠᠯ᠎ᠤᠨ ᠡᠮᠦᠨ᠎ᠡ᠂ ᠮᠠᠨ᠎ᠤ ᠨᠠᠮ ᠢᠮᠠᠭᠲᠠ ᠤᠷᠢᠳᠴᠢᠯᠠᠨ ᠪᠠᠶ᠋ᠢᠷᠢᠰᠢᠭᠤᠯᠵᠤ᠂ ᠰᠠᠨᠠᠭᠠᠴᠢᠯᠠᠭ᠎ᠠ᠎ᠡᠴᠡ᠎ᠪᠠᠨ ᠨᠠᠶ᠋ᠢᠳᠠᠪᠤᠷᠢᠵᠢᠭᠤᠯᠵᠤ᠂ ᠰᠢᠲᠠᠭᠠᠯᠭ᠎ᠠ᠎ᠶᠢᠨ ᠲᠤᠰᠤᠨ᠎ᠤ ᠮᠠᠰᠢᠨ ᠲᠡᠷᠭᠡ᠎ᠶᠢᠨ ᠬᠥᠭᠵᠢᠯᠲᠡ᠎ᠶᠢᠨ ᠬᠦᠴᠢᠷᠳᠡᠯ᠎ᠢ ᠢᠯᠠᠨ ᠳᠠᠪᠠᠬᠤ᠂ ᠰᠢᠨ᠎ᠡ ᠡᠨᠧᠷᠭᠢ᠎ᠶᠢᠨ ᠤᠷᠤᠯᠳᠤᠭᠠᠨ᠎ᠤ ᠵᠠᠮ᠎ᠢ ᠤᠷᠢᠳ᠎ᠢᠶᠠᠷ ᠰᠣᠯᠢᠬᠤ᠎ᠡᠴᠡ ᠰᠢᠨ᠎ᠡ ᠨᠢᠭᠡ ᠦᠶ᠎ᠡ᠎ᠶᠢᠨ ᠵᠣᠬᠢᠶᠠᠮᠠᠯ ᠤᠶᠤᠨ᠎ᠴᠢᠳᠠᠪᠤᠷᠢ᠎ᠶᠢᠨ ᠬᠥᠭᠵᠢᠯᠲᠡ᠎ᠶᠢᠨ ᠲᠥᠯᠥᠪᠵᠢᠭᠦᠯᠭᠡ᠎ᠶᠢ ᠲᠣᠭᠲᠠᠭᠠᠬᠤ᠂ ᠦᠷᠭᠡᠨ ᠠᠭᠤᠳᠠᠮ ᠰᠢᠨ᠎ᠡ ᠤᠷᠤᠨ ᠵᠠᠢ ᠵᠢ ᠤᠷᠢᠳ᠎ᠢᠶᠠᠷ ᠪᠠᠶ᠋ᠢᠷᠢᠰᠢᠭᠤᠯᠬᠤ ᠬᠦᠷᠲᠡᠯ᠎ᠡ᠂ ᠶᠠᠭ ᠡᠶ᠋ᠢᠮᠦᠷᠬᠦᠦ ᠰᠠᠨᠠᠭᠠᠴᠢᠯᠠᠭ᠎ᠠ᠎ᠡᠴᠡ᠎ᠪᠠᠨ ᠠᠵᠢᠯᠯᠠᠬᠤ ᠨᠢ ᠮᠠᠨ᠎ᠤ ᠤᠯᠤᠰ᠎ᠢ ᠠᠵᠤ ᠦᠢᠯᠡᠰ᠎ᠦᠨ ᠬᠤᠪᠢᠰᠤᠯᠲᠠ᠎ᠶᠢᠨ ᠴᠠᠭ ᠬᠤᠭᠤᠴᠠᠭ᠎ᠠ᠎ᠶᠢᠨ ᠴᠤᠩᠬᠤᠪᠴᠢ᠎ᠶᠢ ᠠᠳᠬᠤᠵᠤ᠂ ᠢᠷᠡᠭᠡᠳᠦᠢ᠎ᠶᠢᠨ ᠬᠥᠭᠵᠢᠯᠲᠡ᠎ᠶᠢᠨ ᠠᠩᠬᠠᠨ᠎ᠤ ᠠᠯᠬᠤᠮ᠎ᠢ ᠰᠠᠶ᠋ᠢᠲᠤᠷ ᠠᠯᠬᠤᠭᠤᠯᠤᠭᠰᠠᠨ ᠶᠤᠮ᠃
《ᠠᠩᠬᠠᠳᠤᠭᠠᠷ ᠲᠠᠪᠤᠨ ᠵᠢᠯ》᠎ᠡᠴᠡ《ᠠᠷᠪᠠᠨ ᠲᠠᠪᠤᠳᠤᠭᠠᠷ ᠲᠠᠪᠤᠨ ᠵᠢᠯ》ᠪᠣᠯᠲᠠᠯ᠎ᠠ᠂ ᠳᠤᠮᠳᠠ ᠤᠷᠲᠤ᠌ ᠬᠤᠭᠤᠴᠠᠭᠠᠨ᠎ᠤ ᠲᠥᠯᠥᠪᠵᠢᠭᠦᠯᠭᠡ᠎ᠶᠢᠨ ᠰᠢᠰᠲ᠋ᠧᠮ ᠨᠢ ᠠᠯᠤᠰ ᠬᠡᠳᠦ᠎ᠶᠢᠨ ᠵᠢᠷᠤᠭ ᠲᠥᠰᠦᠪ ᠪᠣᠯᠤᠨ ᠱᠠᠲᠤ᠌ ᠦᠶ᠎ᠡ᠎ᠶᠢᠨ ᠡᠭᠦᠷᠭᠡ᠎ᠶᠢ ᠣᠷᠭᠠᠨᠢᠭ᠎ᠢᠶᠠᠷ ᠨᠡᠪᠲᠡᠷᠡᠯᠴᠡᠭᠦᠯᠵᠦ᠍᠂ ᠪᠢᠳᠡᠨ᠎ᠢ ᠣᠬᠣᠷ ᠬᠤᠭᠤᠴᠠᠭᠠᠨ᠎ᠤ ᠬᠤᠪᠢᠷᠠᠯᠲᠠ ᠬᠠᠷᠰᠢᠯᠠᠯ᠎ᠡᠴᠡ ᠵᠠᠶ᠋ᠢᠯᠠᠭᠤᠯᠵᠤ᠂ ᠬᠥᠭᠵᠢᠯᠲᠡ᠎ᠶᠢᠨ ᠠᠶᠠᠯᠠᠯ᠎ᠤᠨ ᠴᠢᠭᠯᠡᠯ᠎ᠢᠶᠡᠨ ᠪᠠᠲᠤ᠌ ᠰᠠᠬᠢᠬᠤ᠎ᠡᠴᠡ ᠭᠠᠳᠠᠨ᠎ᠠ ᠪᠠᠰᠠ ᠣᠳᠣᠬᠠᠨ᠎ᠤ ᠪᠣᠳᠠᠲᠤ᠌ ᠪᠠᠶ᠋ᠢᠳᠠᠯ᠎ᠳᠤ ᠰᠠᠭᠤᠷᠢᠯᠠᠨ᠂ ᠠᠯᠤᠰ ᠬᠡᠳᠦ᠎ᠶᠢᠨ ᠠᠯᠤᠰ᠎ᠤᠨ ᠲᠥᠰᠦᠪ ᠵᠦᠭ ᠯᠠᠪᠳᠠᠭᠤᠨ᠎ᠢᠶᠠᠷ ᠤᠷᠤᠭᠰᠢᠯᠠᠭᠤᠯᠤᠭᠰᠠᠨ ᠪᠠᠶ᠋ᠢᠨ᠎ᠠ᠃
ᠡᠷᠢᠡ ᠵᠠᠭᠤᠨ᠎ᠤ ᠬᠢᠵᠢᠭ᠎ᠦᠨ ᠪᠠᠶ᠋ᠢᠳᠠᠯ᠎ᠤᠨ ᠡᠮᠦᠨ᠎ᠡ᠂ ᠬᠢᠵᠢᠭ᠎ᠦᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠌ ᠪᠠ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢ ᠨᠢᠭᠡᠳᠦᠯᠲᠡᠢ ᠲᠥᠯᠥᠪᠵᠢᠭᠦᠯᠬᠦ᠌ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ᠎ᠶᠢ ᠴᠠᠭ ᠲᠤᠬᠠᠢᠳᠤᠨᠢ ᠲᠣᠭᠲᠠᠭᠠᠪᠠ; ᠭᠠᠳᠠᠭᠠᠳᠤ᠎ᠶᠢᠨ ᠳᠠᠷᠤᠯᠲᠠ ᠦᠵᠡᠭᠦᠯᠬᠦ ᠳ᠋ᠦ ᠪᠠᠶ᠋ᠢᠯᠳᠤᠬᠤ ᠪᠤᠳᠤᠯᠭ᠎ᠠ᠎ᠶᠢᠨ ᠰᠡᠷᠭᠡᠭ ᠪᠠᠶ᠋ᠢᠬᠤ ᠵᠢ ᠪᠠᠳᠤᠯᠠᠵᠤ᠂ ᠤᠶᠤᠨ ᠤᠬᠠᠭᠠᠨ᠎ᠢᠶᠠᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠶ᠋ᠢᠲᠤᠷ ᠬᠢᠪᠡ ᠁ ᠤᠳᠠᠭ᠎ᠠ ᠪᠦᠷᠢ᠎ᠶᠢᠨ ᠬᠤᠪᠢᠰᠤᠯᠳᠠ ᠳ᠋ᠦ ᠰᠢᠭᠤᠳ ᠬᠠᠨᠳᠤᠭᠰᠠᠨ ᠬᠥᠳᠡᠯᠦᠩᠭᠦᠢ ᠰᠣᠩᠭᠣᠯᠲᠠ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠭᠰᠠᠨ ᠪᠣᠳᠠᠲᠠᠢ ᠠᠵᠢᠯᠯᠠᠭ᠎ᠠ᠎ᠨᠢ ᠳᠤᠮᠳᠠᠳᠤ ᠤᠯᠤᠰ ᠨᠡᠷᠡᠮᠵᠢᠲᠦ᠍ ᠲᠤᠮᠤ ᠬᠥᠯᠭᠡ ᠣᠩᠭᠣᠴᠠ᠎ᠶᠢᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠬᠠᠮᠠᠭᠠᠯᠠᠪᠠ᠃
《ᠠᠷᠪᠠᠨ ᠲᠠᠪᠤᠳᠤᠭᠠᠷ ᠲᠠᠪᠤᠨ ᠵᠢᠯ》ᠵᠢᠨ ᠡᠬᠢᠯᠡᠯᠲᠡ᠎ᠶᠢᠨ ᠵᠢᠯ᠎ᠳᠦ᠂ ᠰᠢᠨ᠎ᠡ ᠬᠡᠯᠪᠡᠷᠢ᠎ᠶᠢᠨ ᠴᠠᠬᠢᠯᠭᠠᠨ᠎ᠤ ᠲᠣᠣᠷ᠂ ᠰᠢᠨ᠎ᠡ ᠨᠢᠭᠡᠨ ᠦᠶ᠎ᠡ᠎ᠶᠢᠨ ᠴᠢᠮᠡᠭᠡ ᠬᠣᠯᠪᠣᠭᠠᠨ᠎ᠤ ᠲᠣᠣᠷ ᠵᠡᠷᠭᠡ᠎ᠪᠡᠷ ᠲᠥᠯᠥᠭᠡᠯᠡᠭᠦᠯᠦᠭᠰᠡᠨ《ᠵᠢᠷᠭᠤᠭᠠᠨ ᠲᠣᠣᠷ》᠎ᠤ᠋ᠨ ᠪᠦᠲᠦᠭᠡᠨ ᠪᠠᠶ᠋ᠢᠭᠤᠯᠤᠯᠲᠠ᠎ᠳᠤ《ᠠᠬᠢᠴᠠ》 ᠶᠢ ᠲᠠᠰᠤᠷᠠᠯᠲᠠ ᠦᠭᠡᠢ ᠰᠢᠨᠡᠳᠬᠡᠪᠡ᠃ ᠪᠦᠲᠦᠮᠵᠢᠲᠡᠢ ᠪᠡᠯᠡ ᠣᠷᠣᠭᠤᠯᠤᠯᠲᠠ ᠪᠣᠯᠤᠨ ᠳᠣᠲᠣᠭᠠᠳᠤ ᠬᠡᠷᠡᠭᠴᠡᠭᠡ᠎ᠶᠢᠨ ᠣᠷᠣᠨ ᠵᠠᠢ᠎ᠶᠢ ᠥᠷᠭᠡᠳᠬᠡᠵᠦ᠍᠂ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠪᠣᠶ᠋ᠢᠵᠢᠭᠤᠯᠵᠤ᠂ ᠮᠠᠨ᠎ᠤ ᠨᠠᠮ ᠦᠷᠭᠦᠯᠵᠢᠯᠡᠨ ᠤᠷᠢᠳᠴᠢᠯᠠᠯ ᠪᠠᠶ᠋ᠢᠷᠢᠰᠢᠭᠤᠯᠤᠯᠲᠠ᠂ ᠠᠯᠤᠰ ᠬᠡᠳᠦ ᠵᠢᠨ ᠤᠬᠠᠭᠠᠯᠠᠨ ᠲᠦᠯᠦᠪᠯᠡᠭᠡ ᠪᠡᠷ ᠢᠷᠡᠭᠡᠳᠦᠢ᠎ᠶᠢᠨ ᠬᠥᠭᠵᠢᠯᠲᠡ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠳᠡᠪᠡ᠃
ᠥᠨᠥᠳᠦᠷ᠂ ᠪᠢᠳᠡ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠠᠤᠭ᠎ᠠ ᠬᠠᠷᠠᠯᠲᠠ᠎ᠳᠤ ᠲᠡᠦᠬᠡ᠎ᠶᠢᠨ ᠠᠯᠢ ᠴᠤ᠌ ᠦᠶ᠎ᠡ᠎ᠡᠴᠡ ᠨᠡᠩ ᠢᠯᠡᠭᠦᠦ ᠣᠶ᠋ᠢᠷᠠᠳᠴᠤ᠌᠂ ᠨᠡᠩ ᠢᠯᠡᠭᠦᠦ ᠢᠲᠡᠭᠡᠯ ᠪᠠ ᠴᠢᠳᠠᠪᠤᠷᠢ᠎ᠲᠠᠶ ᠪᠣᠯᠵᠠᠢ᠃
ᠥᠨᠥᠳᠦᠷ᠂ ᠮᠠᠨ᠎ᠤ ᠤᠯᠤᠰ《ᠰᠠᠭᠤᠷᠢ᠎ᠪᠠᠨ ᠪᠡᠬᠢᠵᠢᠭᠦᠯᠵᠦ᠍᠂ ᠪᠦᠬᠦ᠌ ᠲᠠᠯ᠎ᠠ᠎ᠪᠠᠷ ᠬᠦᠴᠦᠯᠡᠬᠦ᠌》ᠵᠠᠩᠭᠢᠯᠠᠭ᠎ᠠ᠎ᠶᠢᠨ ᠴᠠᠭ ᠦᠶ᠎ᠡ᠎ᠳᠦ ᠣᠷᠣᠰᠢᠵᠤ᠂ ᠠᠵᠠ ᠲᠣᠬᠢᠶᠠᠯ ᠥᠷᠢᠰᠥᠯᠳᠦᠭᠡᠨ ᠬᠠᠮᠲᠤ᠎ᠪᠠᠷ ᠣᠷᠣᠰᠢᠵᠤ᠂ ᠠᠶᠤᠯ ᠲᠦᠭᠰᠢᠭᠦᠷᠢ᠎ᠶᠢᠨ ᠬᠤᠪᠢᠷᠠᠯᠲᠠ ᠰᠣᠯᠪᠢᠴᠠᠵᠤ ᠪᠠᠶ᠋ᠢᠨ᠎ᠠ᠃
ᠣᠳᠣᠬᠢᠴᠢᠯᠠᠭᠰᠠᠨ ᠠᠵᠤ ᠦᠢᠯᠡᠰ᠎ᠦᠨ ᠰᠢᠰᠲᠸᠮ ᠵᠢᠡᠷ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠵᠦ᠍᠂ ᠰᠢᠨᠵᠢᠯᠡᠬᠦ᠌ ᠤᠬᠠᠭᠠᠨ ᠲᠸᠭᠨᠢ᠌ᠡ᠋ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠬᠦᠴᠦᠷᠬᠡᠭᠵᠢᠭᠦ᠎ᠪᠡᠷ ᠰᠢᠨ᠎ᠡ᠎ᠶᠢ ᠡᠭᠦᠳᠬᠦ᠌ ᠠᠵᠠ ᠲᠣᠬᠢᠶᠠᠯ᠎ᠢ ᠵᠠᠪᠳᠤᠨ ᠡᠵᠡᠯᠡᠵᠦ᠍᠂ ᠬᠤᠲᠠ ᠬᠥᠳᠡᠭᠡ᠎ᠶᠢ ᠵᠣᠬᠢᠴᠠᠭᠤᠯᠬᠤ ᠪᠡᠷ ᠬᠥᠭᠵᠢᠯᠲᠡ᠎ᠶᠢᠨ ᠵᠠᠭᠠᠭ᠎ᠢ ᠨᠥᠬᠥᠪᠥᠷᠢᠯᠡᠵᠦ᠍᠂ ᠪᠣᠬᠢᠷᠲᠤᠯ ᠦᠭᠡᠢ ᠲᠡᠢᠰᠢ ᠬᠡᠯᠪᠡᠷᠢ ᠪᠠᠨ ᠬᠤᠪᠢᠷᠠᠭᠤᠯᠬᠤ᠎ᠪᠠᠷ ᠨᠡᠮᠡᠭᠳᠡᠯ᠎ᠦᠨ ᠣᠷᠣᠨ ᠵᠠᠢ ᠵᠢ ᠦᠷᠭᠡᠳᠭᠡᠪᠡ ᠁ ᠪᠠᠶ᠋ᠢᠷᠢᠯᠠᠭᠤᠯᠤᠯᠲᠠ ᠨᠢᠭᠡᠪᠦᠷᠢ᠎ᠶᠢᠨ ᠠᠬᠢᠴᠠ᠂ ᠠᠶᠠᠨ᠎ᠤ ᠠᠯᠬᠤᠮ ᠪᠦᠷᠢ᠎ᠶᠢᠨ ᠳᠠᠪᠠᠯᠲᠠ᠎ᠨᠢ ᠴᠥᠮ ᠬᠤᠪᠢᠷᠠᠰᠢ ᠦᠭᠡᠢ ᠬᠠᠷᠢᠭᠤᠴᠠᠯᠭ᠎ᠠ ᠡᠭᠦᠷᠭᠡᠯᠡᠯ᠂ ᠴᠠᠭ ᠦᠶ᠎ᠡ᠎ᠵᠢ ᠲᠠᠭᠠᠨ ᠤᠷᠤᠭᠰᠢᠯᠠᠭᠰᠠᠨ ᠪᠠᠶ᠋ᠢᠯᠳᠤᠬᠤ ᠪᠤᠳᠤᠯᠭ᠎ᠠ᠎ᠶᠢᠨ ᠰᠤᠳᠤᠯᠤᠨ ᠮᠠᠭᠠᠳᠯᠠᠯᠲᠠ᠂ ᠪᠣᠳᠠᠲᠠᠢ ᠠᠵᠢᠯᠯᠠᠵᠤ ᠪᠣᠭᠣᠮᠲᠠ ᠰᠢᠪᠲᠤᠯᠬᠤ ᠵᠢ ᠤᠷᠳᠤ ᠤᠳᠠᠭᠠᠨ ᠵᠢᠡᠷ ᠪᠠᠷᠢᠮᠳᠠᠯᠠᠬᠤᠳ᠋ᠦ᠍ ᠲᠦᠰᠢᠭᠯᠡᠭᠰᠡᠨ ᠳ᠋ᠦ ᠪᠤᠢ᠃
ᠢᠷᠡᠭᠡᠳᠦᠢ ᠳ᠋ᠦ᠍ ᠬᠠᠨᠳᠤᠵᠤ᠂ ᠡᠷᠡᠯᠬᠡᠭᠯᠡᠨ ᠤᠷᠤᠭᠰᠢᠯᠠᠬᠤ ᠡᠷᠴᠢ ᠵᠣᠷᠢᠭ᠎ᠢᠶᠠᠨ ᠬᠥᠪᠴᠢᠯᠡᠬᠦ᠌ ᠬᠡᠷᠡᠭᠲᠡᠢ; ᠢᠷᠡᠭᠡᠳᠦᠢ᠎ᠳᠦ ᠬᠠᠨᠳᠤᠵᠤ᠂ ᠪᠣᠳᠠᠲᠠᠢ ᠠᠵᠢᠯᠯᠠᠬᠤ ᠰᠠᠭᠤᠷᠢ᠎ᠪᠠᠨ ᠪᠡᠬᠢᠵᠢᠭᠦᠯᠬᠦ᠌ ᠬᠡᠷᠡᠭᠲᠡᠢ᠃
ᠡᠨᠡ ᠵᠢᠯ᠎ᠦᠨ 1 ᠰᠠᠷ᠎ᠠ᠎ᠳᠤ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠬᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ᠍ ᠰᠤᠳᠤᠯᠤᠨ ᠶᠠᠷᠢᠯᠴᠠᠬᠤ ᠠᠩᠬᠢ᠎ᠶᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠪᠦᠬᠦ᠌ ᠨᠠᠮ᠎ᠳᠤ ᠬᠥᠭᠵᠢᠯᠲᠡ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠳᠡᠬᠦ᠌᠎ᠶᠢᠨ ᠵᠠᠩᠭᠢᠯᠠᠭ᠎ᠠ᠎ᠶᠢ ᠲᠣᠳᠣᠷᠬᠠᠢ ᠵᠢᠭᠠᠵᠤ ᠥᠭᠴᠡᠢ᠄《ᠬᠡᠬᠦᠳᠡᠭ ᠴᠡᠭᠡᠵᠢᠨ᠎ᠳᠡᠭᠡᠨ ᠪᠦᠬᠦ᠌ ᠲᠠᠯ᠎ᠠ᠎ᠶᠢ ᠪᠠᠭᠲᠠᠭᠠᠵᠤ᠂ ᠥᠨᠳᠥᠷ᠎ᠲᠦ᠍ ᠵᠣᠭᠰᠣᠨ ᠠᠯᠤᠰ᠎ᠢ ᠪᠠᠷᠠᠯᠠᠵᠤ᠂ ᠪᠠᠶ᠋ᠢᠯᠳᠤᠬᠤ ᠪᠤᠳᠤᠯᠭ᠎ᠠ᠎ᠶᠢᠨ ᠲᠠᠯ᠎ᠠ᠎ᠪᠠᠷ ᠲᠣᠭᠲᠠᠯ ᠬᠦᠴᠦᠨ᠎ᠢᠶᠡᠨ ᠪᠠᠲᠤᠯᠠᠵᠤ᠂ ᠪᠠᠶ᠋ᠢᠯᠳᠤᠬᠤ ᠠᠷᠭ᠎ᠠ᠎ᠶᠢᠨ ᠲᠠᠯ᠎ᠠ᠎ᠪᠠᠷ ᠨᠠᠷᠢᠨ ᠨᠢᠮᠪᠠᠢ ᠲᠥᠯᠥᠪᠵᠢᠭᠦᠯᠵᠦ᠍᠂ ᠮᠠᠨ᠎ᠤ ᠤᠯᠤᠰ᠎ᠤᠨ ᠬᠥᠭᠵᠢᠯᠲᠡ᠎ᠶᠢᠨ ᠲᠣᠭᠲᠠᠭᠠᠯᠲᠤ᠌ ᠴᠢᠨᠠᠷ ᠪᠣᠯᠤᠨ ᠦᠷᠭᠦᠯᠵᠢᠯᠡᠬᠦ᠌ ᠴᠢᠨᠠᠷ᠎ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ》᠃
ᠰᠢᠨ᠎ᠡ ᠠᠶᠠᠨ᠎ᠤ ᠠᠤᠭ᠎ᠠ ᠵᠢᠷᠤᠭ ᠨᠢᠭᠡᠨᠲᠡ ᠳᠡᠯᠭᠡᠭᠳᠡᠵᠦ᠍᠂ ᠪᠢᠳᠠ ᠤᠷᠤᠭᠰᠢᠯᠠᠨ ᠳᠠᠪᠰᠢᠬᠤ ᠵᠣᠷᠢᠭ᠎ᠢᠶᠠᠨ ᠡᠭᠦᠷᠢᠳᠡ ᠬᠠᠳᠠᠭᠠᠯᠠᠵᠤ᠂ ᠪᠣᠳᠠᠲᠠᠢ ᠠᠵᠢᠯᠯᠠᠬᠤ ᠡᠷᠴᠢ ᠵᠣᠷᠢᠭ᠎ᠢᠶᠠᠨ ᠬᠥᠪᠴᠢᠯᠡᠵᠦ᠍᠂ ᠴᠠᠭ ᠦᠶ᠎ᠡ᠎ᠶᠢᠨ ᠬᠦᠴᠦᠲᠦ᠍ ᠤᠷᠤᠰᠬᠠᠯ᠎ᠤᠨ ᠳᠤᠮᠳᠠ ᠡᠷᠡᠮᠡᠬᠡᠶ᠋ᠢᠯᠡᠨ ᠤᠷᠤᠭᠰᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠴᠣ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠰᠦᠭᠡᠢ!
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ ᠴᠠᠬᠢᠯᠭᠠᠨ ᠮᠡᠳᠡᠭᠡ)