ᠥᠪᠥᠷ ᠮᠣᠩᠭᠣᠯ ᠲᠤᠤᠷ᠎ᠠ ᠬᠠᠭᠠᠰ ᠵᠢᠯ᠎ᠤᠨ ᠰᠢᠤᠳᠠᠨ᠎ᠤ ᠶᠠᠪᠤᠳᠠᠯ᠎ᠤᠨ ᠭᠤᠤᠯᠳᠠᠯᠭ᠎ᠠ᠎ᠲᠠᠶ ᠡᠭᠦᠷᠭᠡ ᠳ᠋ᠤ ᠪᠠᠢᠷᠢᠯᠠᠭᠤᠯᠤᠯᠲᠠ ᠬᠢᠪᠡ
2026-07-24 09:38:19
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠤᠢᠷ᠎ᠠ᠎ᠶᠢᠨ ᠡᠳᠦᠷ᠂ ᠥᠪᠥᠷ ᠮᠣᠩᠭᠣᠯ᠎ᠤᠨ ᠰᠢᠥᠳᠠᠨ᠎ᠤ ᠬᠠᠮᠢᠶᠠᠷᠤᠯᠳᠡ᠎ᠶᠢᠨ ᠲᠣᠪᠴᠢᠶ᠎ᠠ ᠬᠢᠭᠡᠳ ᠥᠪᠡᠷᠲᠡᠭᠡᠨ ᠵᠠᠰᠠᠬᠤ ᠣᠷᠣᠨ᠎ᠤ ᠰᠢᠤᠳᠠᠨ᠎ᠤ ᠬᠤᠪᠢᠶᠠᠷᠢ ᠺᠣᠮᠫᠠᠨᠢ 2026 ᠣᠨ᠎ᠤ ᠬᠣᠶᠠᠳᠤᠭᠠᠷ ᠤᠯᠠᠷᠢᠯ᠎ᠤᠨ ᠰᠢᠤᠳᠠᠨ᠎ᠤ ᠶᠠᠪᠤᠳᠠᠯ᠎ᠤᠨ ᠵᠠᠰᠠᠭ᠎ᠤᠨ ᠤᠷᠳᠤᠨ ᠪᠠ ᠠᠵᠤ ᠠᠬᠤᠶ᠋ᠢᠯᠠᠯ᠎ᠤᠨ ᠲᠦᠬᠡᠮᠡᠯ ᠦᠢᠯᠡᠴᠢᠯᠡᠬᠡ᠎ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ 2026 ᠣᠨ᠎ᠤ ᠳᠡᠭᠡᠷ᠎ᠡ ᠬᠠᠭᠠᠰ ᠵᠢᠯ᠎ᠦᠨ ᠠᠵᠢᠯ᠎ᠤᠨ ᠦᠷ᠎ᠡ ᠪᠦᠲᠦᠮᠵᠢ ᠪᠠᠨ ᠳ᠋ᠦᠩᠨᠡᠵᠦ᠍᠂ ᠬᠥᠭᠵᠢᠯᠲᠡ᠎ᠶᠢᠨ ᠪᠠᠶ᠋ᠢᠳᠠᠯ᠎ᠢ ᠰᠤᠳᠤᠯᠤᠨ ᠮᠠᠭᠠᠳᠯᠠᠵᠤ᠂ ᠬᠤᠢᠰᠢᠳᠠ᠎ᠶᠢᠨ ᠭᠤᠤᠯᠳᠠᠯᠭ᠎ᠠ᠎ᠲᠠᠶ ᠡᠭᠦᠷᠭᠡ ᠪᠠᠨ ᠪᠠᠶ᠋ᠢᠷᠢᠯᠠᠭᠤᠯᠵᠠᠢ᠃

ᠬᠤᠷᠠᠯ᠎ᠡᠴᠡ᠂ ᠳᠤᠤᠷ᠎ᠠ ᠬᠠᠭᠠᠰ ᠵᠢᠯ᠎ᠦᠨ 7 ᠵᠦᠢᠯ᠎ᠦᠨ ᠭᠤᠤᠯᠳᠠᠯᠭ᠎ᠠ᠎ᠲᠠᠶ ᠪᠣᠭᠣᠮᠲᠠ ᠰᠢᠪᠲᠤᠯᠬᠤ ᠡᠭᠦᠷᠭᠡ᠎ᠶᠢ ᠲᠣᠳᠣᠷᠬᠠᠶ᠋ᠢᠯᠠᠵᠤ᠂ ᠠᠮᠤᠷ ᠲᠦᠪᠰᠢᠨ᠎ᠦ ᠬᠣᠷᠢᠭ᠎ᠠ ᠱᠤᠭᠤᠮ᠂ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠬᠦ᠌᠂ ᠲᠥᠷᠥᠯ ᠵᠦᠢᠯ᠎ᠢ ᠨᠠᠶ᠋ᠢᠳᠠᠪᠤᠷᠢᠵᠢᠭᠤᠯᠬᠤ᠂ ᠠᠶᠤᠯ ᠲᠦᠭᠰᠢᠭᠦᠷᠢ᠎ᠶᠢ ᠠᠷᠢᠯᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ ᠤᠨᠤᠴᠠᠲᠠᠢ ᠬᠦᠴᠦᠯᠡᠬᠦ᠌ ᠬᠡᠷᠡᠭᠳᠡᠢ ᠬᠡᠵᠠᠢ᠃ ᠨᠢᠭᠡ᠎ᠳᠦ᠂ ᠨᠢᠭᠤᠴᠠ ᠴᠢᠬᠤᠯᠠ ᠴᠢᠮᠡᠭᠡ ᠬᠣᠯᠪᠣᠭᠠᠨ᠎ᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠨ᠎ᠠ᠃ ᠪᠥᠬᠥ᠌ ᠣᠷᠣᠨ᠎ᠤ 34 ᠵᠢᠯ᠎ᠦᠨ ᠨᠢᠭᠤᠴᠠ ᠴᠢᠮᠡᠭᠡ ᠬᠣᠯᠪᠣᠭ᠎ᠠ᠎ᠶᠢᠨ ᠡᠨᠳᠡᠯ᠎ᠦᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠍᠂ ᠠᠵᠤ ᠠᠬᠤᠶ᠋ᠢᠯᠠᠯ᠎ᠤᠨ ᠭᠤᠤᠯ ᠴᠣᠭᠴᠠ᠎ᠶᠢᠨ ᠬᠠᠷᠢᠭᠤᠴᠠᠯᠭ᠎ᠠ ᠵᠢᠴᠢ 《ᠨᠢᠭᠡᠳᠦᠭᠡᠷ ᠬᠠᠷᠢᠭᠤᠴᠠᠯᠭᠠᠲᠠᠨ》 ᠤ᠋ ᠬᠠᠷᠢᠭᠤᠴᠠᠯᠭ᠎ᠠ᠎ᠶᠢᠨ ᠲᠦᠷᠢᠮ᠎ᠢ ᠪᠣᠳᠠᠲᠠᠶ᠋ᠢᠵᠢᠭᠤᠯᠤᠨ᠂ ᠨᠢᠭᠤᠴᠠ᠎ᠶᠢ ᠬᠠᠮᠠᠭᠠᠯᠠᠬᠤ ᠲᠦᠷᠢᠮᠵᠢᠯ᠎ᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠬᠣᠶᠠᠷ᠎ᠲᠤ᠌᠂ ᠲᠦᠭᠡᠮᠡᠯ ᠦᠢᠯᠡᠴᠢᠯᠡᠭᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠶᠢ ᠭᠦᠨᠵᠡᠭᠡᠶ᠋ᠢᠷᠡᠭᠦᠯᠦᠨ᠎ᠡ᠃ ᠬᠢᠯᠢ ᠬᠢᠵᠠᠭᠠᠷ᠎ᠤᠨ ᠲᠣᠰᠬᠣᠨ᠎ᠳᠤ ᠰᠢᠦᠳᠠᠨ ᠨᠡᠪᠲᠡᠷᠡᠭᠦᠯᠬᠦ᠌ ᠶᠠᠰᠤ ᠴᠢᠨᠠᠷ ᠦᠷ᠎ᠡ ᠪᠦᠲᠦᠮᠵᠢ᠎ᠶᠢ ᠭᠣᠣᠯᠳᠠᠯᠭ᠎ᠠ᠎ᠲᠠᠶ ᠳᠡᠭᠡᠭᠰᠢᠯᠡᠭᠦᠯᠵᠦ᠍᠂ ᠬᠢᠯᠢ᠎ᠶᠢᠨ ᠰᠢᠦᠳᠠᠨ ᠨᠡᠪᠲᠡᠷᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ᠂ ᠬᠥᠳᠡᠭᠡ ᠲᠣᠰᠬᠣᠨ᠎ᠤ ᠲᠦᠭᠡᠮᠡᠯ ᠦᠢᠯᠡᠴᠢᠯᠡᠭᠡ᠎ᠶᠢᠨ ᠳᠤᠲᠠᠭᠤᠳᠠᠯ᠎ᠢ ᠨᠥᠬᠥᠪᠥᠷᠢᠯᠡᠵᠦ᠍᠂ ᠦᠨᠳᠦᠰᠦᠨ ᠵᠦᠢᠯ᠎ᠢ ᠪᠠᠲᠤᠯᠠᠬᠤ ᠦᠢᠯᠡᠴᠢᠯᠡᠭᠡ᠎ᠶᠢ ᠴᠡᠭᠴᠡᠯᠡᠨ ᠰᠠᠶ᠋ᠢᠵᠢᠷᠠᠭᠤᠯᠵᠤ ᠳᠡᠭᠡᠭᠰᠢᠯᠡᠭᠦᠯᠬᠦ᠌᠎ᠶᠢ ᠪᠣᠳᠠᠲᠠᠢ ᠠᠳᠬᠤᠨ᠂ ᠰᠢᠦᠳᠠᠨ᠎ᠤ ᠬᠠᠤᠯᠢ᠎ᠪᠠᠷ ᠲᠣᠭᠲᠠᠭᠠᠭᠰᠠᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠤᠰᠢᠶᠠᠯ ᠬᠠᠷᠢᠭᠤᠴᠠᠯᠭ᠎ᠠ᠎ᠪᠠᠨ ᠴᠢᠩᠭ᠎ᠠ ᠭᠦᠢᠴᠡᠳᠬᠡᠨ᠎ᠡ᠃ ᠭᠤᠷᠪᠠ᠎ᠳᠤ᠂ ᠭᠤᠤᠯ ᠰᠡᠳᠦᠪᠲᠦ᠍ ᠰᠢᠤᠳᠠᠨ᠎ᠤ ᠬᠠᠮᠢᠶᠠᠷᠤᠯᠳᠡ᠎ᠶᠢᠨ ᠲᠣᠪᠴᠢᠶ᠎ᠠ᠎ᠶᠢᠨ ᠪᠠᠶ᠋ᠢᠭᠤᠯᠤᠯᠲᠠ᠎ᠶᠢ ᠲᠦᠷᠭᠡᠳᠬᠡᠨ᠎ᠡ᠃ ᠦᠵᠡᠮᠵᠢ᠎ᠶᠢᠨ ᠣᠷᠣᠨ᠎ᠤ ᠡᠵᠡᠩᠨᠡᠯᠲᠡ᠎ᠶᠢᠨ ᠣᠨᠴᠠᠯᠢᠭ᠎ᠲᠠᠶ ᠤᠶᠠᠯᠳᠤᠭᠤᠯᠤᠨ᠂ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠲᠡᠶ ᠵᠣᠯᠭᠠᠭᠤᠯᠵᠤ᠂ 《ᠲᠣᠭᠲᠠᠮᠠᠯ ᠥᠷᠲᠡᠭᠡ + ᠨᠡᠭᠦᠳᠡᠯ ᠦᠢᠯᠡᠴᠢᠯᠡᠬᠡᠨ᠎ᠦ ᠲᠡᠷᠭᠡ》 ᠶ᠋ᠢᠨ ᠪᠥᠲᠥᠭᠡᠨ ᠪᠠᠶ᠋ᠢᠭᠤᠯᠤᠯᠲᠠ᠎ᠶᠢᠨ ᠪᠠᠷᠢᠮᠵᠢᠶ᠎ᠠ᠎ᠶᠢ ᠲᠣᠳᠣᠷᠬᠠᠶ᠋ᠢᠯᠠᠵᠤ᠂ 9 ᠰᠠᠷ᠎ᠠ᠎ᠶᠢᠨ ᠰᠡᠭᠦᠯᠴᠢ᠎ᠡᠴᠡ ᠡᠮᠦᠨ᠎ᠡ ᠪᠥᠬᠥ᠌ ᠣᠷᠣᠨ ᠪᠠᠶ᠋ᠢᠷᠢ᠎ᠶᠢ ᠲᠣᠭᠲᠠᠭᠠᠨ᠂ ᠬᠥᠭᠵᠢᠶᠡᠨᠲᠡᠶ ᠤᠯᠠᠷᠢᠯ᠎ᠢ ᠵᠠᠪᠳᠤᠨ ᠨᠠᠶ᠋ᠢᠳᠠᠪᠤᠷᠢᠵᠢᠭᠤᠯᠵᠤ᠂ ᠵᠢᠯ᠎ᠤᠨ ᠬᠠᠷᠠᠯᠲᠠ᠎ᠪᠠᠨ ᠪᠡᠶᠡᠯᠡᠭᠦᠯᠬᠦ᠌᠎ᠶᠢ ᠦᠨᠡᠨ ᠬᠦ᠌ ᠪᠠᠲᠤᠯᠠᠨ᠎ᠠ᠃ ᠳᠥᠷᠪᠡ᠎ᠳᠦ᠂ ᠠᠶᠠᠨᠴᠢᠳ ᠪᠠ ᠪᠠᠷᠠᠭ᠎ᠠ᠎ᠶᠢᠨ ᠰᠢᠤᠳᠠᠨ᠎ᠤ ᠠᠭᠤᠰᠤᠯᠴᠠᠨ ᠬᠥᠭᠵᠢᠬᠦ᠌᠎ᠶᠢ ᠭᠦᠨᠵᠡᠭᠡᠶ᠋ᠢᠷᠡᠭᠦᠯᠦᠨ᠎ᠡ᠃ ᠤᠯᠤᠰ᠎ᠤᠨ ᠰᠢᠥᠳᠠᠨ᠎ᠤ ᠬᠠᠮᠢᠶᠠᠷᠤᠯᠳᠡ᠎ᠶᠢᠨ ᠲᠣᠪᠴᠢᠶ᠎ᠠ᠎ᠶᠢᠨ ᠠᠵᠢᠯ᠎ᠤᠨ ᠱᠠᠭᠠᠷᠳᠠᠯᠭ᠎ᠠ᠎ᠪᠠᠷ ᠪᠠᠷᠢᠮᠵᠢᠶᠠᠯᠠᠵᠤ᠂ ᠵᠠᠮ ᠬᠠᠷᠢᠯᠴᠠᠭᠠᠨ᠎ᠤ ᠰᠠᠯᠠᠭ᠎ᠠ ᠮᠥᠴᠢᠷ ᠲᠠᠢ ᠬᠣᠯᠪᠣᠭᠠᠯᠠᠨ ᠬᠥᠳᠡᠯᠦᠯᠴᠡᠵᠦ᠂ ᠲᠠᠯᠠᠪᠤᠷ ᠥᠷᠲᠡᠭᠡ᠎ᠶᠢᠨ ᠵᠠᠮ ᠱᠤᠭᠤᠮ᠎ᠤᠨ ᠡᠬᠢ ᠪᠠᠶᠠᠯᠢᠭ᠎ᠢ ᠠᠮᠢᠯᠠᠭᠤᠯᠵᠤ᠂ ᠪᠣᠯᠪᠠᠰᠤᠷᠠᠩᠭᠤᠶ ᠥᠷᠲᠡᠭᠡ ᠴᠡᠭ᠎ᠦᠨ ᠵᠠᠮ ᠱᠤᠭᠤᠮ᠎ᠢ ᠪᠣᠳᠠᠲᠠᠶ᠋ᠢᠵᠢᠭᠤᠯᠬᠤ᠎ᠶᠢ ᠠᠬᠢᠭᠤᠯᠤᠨ᠎ᠠ᠃ ᠲᠠᠪᠤ᠎ᠳᠤ᠂ ᠲᠦᠷᠭᠡᠨ ᠬᠦᠷᠭᠡᠯᠲᠡ᠎ᠶᠢ ᠲᠣᠰᠬᠣᠨ᠎ᠳᠤ ᠣᠷᠣᠭᠤᠯᠬᠤ ᠲᠤᠷᠰᠢᠯᠲᠠ᠎ᠶᠢᠨ ᠴᠡᠭ᠎ᠦᠨ ᠬᠦᠴᠢᠷᠳᠡᠯ᠎ᠢ ᠰᠢᠢᠳᠪᠦᠷᠢᠯᠡᠨ᠎ᠠ᠃ ᠬᠠᠮᠲᠤᠷᠠᠯᠴᠠᠭᠠᠨ᠎ᠤ ᠰᠦᠢᠳᠬᠡᠯ ᠥᠷᠢᠲᠦᠵᠦ᠍ ᠪᠠᠶ᠋ᠢᠭ᠎ᠠ ᠠᠰᠠᠭᠤᠳᠠᠯ᠎ᠢ ᠬᠠᠨᠳᠤᠯᠭᠠᠲᠤ᠌ ᠴᠢᠨᠠᠷᠲᠠᠢ᠎ᠪᠠᠷ ᠰᠢ᠌ᠳᠪᠦᠷᠢᠯᠡᠵᠦ᠍᠂ ᠬᠠᠮᠲᠤᠷᠠᠯᠴᠠᠭᠠᠨ᠎ᠤ ᠲᠠᠯ᠎ᠠ᠎ᠶᠢᠨ ᠭᠡᠷ᠎ᠡ᠎ᠪᠡᠨ ᠭᠦᠢᠴᠡᠳᠬᠡᠬᠦ᠌ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠵᠤ᠂ ᠦᠨᠳᠦᠰᠦᠨ ᠵᠦᠢᠯ᠎ᠢ ᠪᠠᠲᠤᠯᠠᠬᠤ ᠦᠢᠯᠡᠴᠢᠯᠡᠭᠡ᠎ᠶᠢᠨ ᠲᠣᠭᠲᠠᠭᠤᠨ ᠪᠥᠭᠡᠳ ᠦᠷᠭᠦᠯᠵᠢᠯᠡᠬᠦ᠌᠎ᠶᠢ ᠪᠠᠲᠤᠯᠠᠨ᠎ᠠ᠃ ᠵᠢᠷᠭᠤᠭ᠎ᠠ᠎ᠳᠤ᠂ ᠠᠷᠠᠳ᠎ᠤᠨ ᠠᠮᠢᠳᠤᠷᠠᠯ᠎ᠤᠨ ᠦᠢᠯᠡᠴᠢᠯᠡᠭᠡ᠎ᠶᠢ ᠪᠣᠳᠠᠲᠠᠢ ᠠᠳᠬᠤᠨ᠎ᠠ᠃ ᠶᠡᠬᠡ ᠳᠡᠭᠡᠳᠦ ᠰᠤᠷᠭᠠᠭᠤᠯᠢ᠎ᠶᠢᠨ ᠰᠤᠷᠤᠭᠴᠢ ᠡᠯᠰᠡᠬᠦ᠌ ᠮᠡᠳᠡᠭᠳᠡᠯ᠎ᠦᠨ ᠪᠢᠴᠢᠭ᠎ᠦᠨ ᠲᠤᠰᠬᠠᠢ ᠬᠦᠷᠭᠡᠬᠦ᠌ ᠶᠠᠪᠤᠴᠠ᠎ᠶᠢ ᠰᠢᠯᠢᠳᠡᠭᠵᠢᠭᠦᠯᠵᠦ᠍᠂ ᠦᠢᠯᠡᠴᠢᠯᠡᠭᠡᠨ᠎ᠦ ᠪᠠᠲᠤᠯᠠᠭ᠎ᠠ᠎ᠶᠢ ᠴᠢᠩᠭᠠᠳᠬᠠᠨ᠂ ᠰᠢᠦᠳᠠᠨ᠎ᠤ ᠠᠷᠠᠳ᠎ᠤᠨ ᠠᠮᠢᠳᠤᠷᠠᠯ᠎ᠤᠨ ᠦᠢᠯᠡᠴᠢᠯᠡᠭᠡᠨ᠎ᠦ ᠲᠦᠷᠦᠯ ᠲᠡᠮᠳᠡᠭ᠎ᠢ ᠰᠢᠨᠡᠳᠬᠡᠵᠦ᠍᠂ ᠤᠯᠠᠨ ᠲᠦᠮᠡᠨ᠎ᠦ ᠰᠢᠦᠳᠠᠨ ᠬᠡᠷᠡᠭᠯᠡᠬᠦ᠌ ᠬᠡᠷᠡᠭᠴᠡᠭᠡ᠎ᠶᠢ ᠪᠠᠲᠤᠯᠠᠨ᠎ᠠ᠃ ᠳᠣᠯᠣᠭ᠎ᠠ᠎ᠳᠤ᠂ ᠦᠶᠡᠷ᠎ᠦᠨ ᠬᠤᠭᠤᠴᠠᠭᠠᠨ᠎ᠳᠠᠬᠢ ᠠᠵᠢᠯ ᠲᠥᠷᠥᠯ᠎ᠦᠨ ᠠᠮᠤᠷ ᠲᠦᠪᠰᠢᠨ᠎ᠦ ᠰᠡᠷᠭᠡᠶ᠋ᠢᠯᠡᠯᠲᠡ᠎ᠶᠢᠨ ᠱᠤᠭᠤᠮ᠎ᠢ ᠪᠠᠲᠤ᠌ ᠴᠣᠭᠴᠠᠯᠠᠨ᠎ᠠ᠃ ᠦᠶᠡᠷ᠎ᠢ ᠰᠡᠷᠭᠡᠶ᠋ᠢᠯᠡᠬᠦ᠌ ᠠᠵᠢᠯ᠎ᠤᠨ ᠪᠠᠶ᠋ᠢᠷᠢᠯᠠᠭᠤᠯᠤᠯᠲᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ ᠬᠡᠮ ᠰᠤᠭᠤᠭ᠎ᠢ ᠪᠥᠬᠥ᠌ ᠲᠠᠯ᠎ᠠ᠎ᠪᠠᠷ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠵᠤ᠂ ᠦᠶᠡᠷ᠎ᠦᠨ ᠬᠤᠭᠤᠴᠠᠭᠠᠨ᠎ᠳᠠᠬᠢ ᠠᠵᠢᠯ ᠲᠥᠷᠥᠯ᠎ᠦᠨ ᠠᠮᠤᠷ ᠲᠦᠪᠰᠢᠨ ᠲᠣᠭᠲᠠᠭᠤᠨ᠎ᠢᠶᠠᠷ ᠠᠵᠢᠯᠯᠠᠬᠤ᠎ᠶᠢ ᠦᠨᠡᠨ ᠬᠦ᠌ ᠪᠠᠲᠤᠯᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号