ᠥᠪᠥᠷ ᠮᠣᠩᠭᠣᠯ ᠵᠢᠵᠢᠭ ᠳᠡᠯᠭᠡᠭᠦᠷ ᠪᠠ ᠬᠡᠲᠦ᠍ ᠳᠡᠯᠭᠡᠭᠦᠷ ᠡᠷᠬᠢᠯᠡᠬᠦ ᠭᠠᠷᠳᠠᠮ᠎ᠤ᠋ᠨ ᠬᠢᠨᠡᠨ ᠵᠦᠪᠰᠢᠶᠡᠷᠡᠬᠦ ᠠᠬᠢᠴᠠ ᠶ᠋ᠢ ᠨᠠᠡᠭ ᠰᠢᠯᠢᠳᠡᠭᠵᠢᠭᠦᠯᠵᠡᠢ
2026-07-24 09:44:02
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠤᠢᠷ᠎ᠠ ᠳ᠋ᠤ ᠦᠪᠡᠷᠳᠡᠭᠡᠨ ᠵᠠᠰᠠᠬᠤ ᠤᠷᠤᠨ ᠤ᠋ 7 ᠰᠠᠯᠠᠭ᠎ᠠ ᠮᠥᠴᠢᠷ ᠲᠠᠢ ᠬᠠᠮᠲᠤᠷᠠᠨ ᠵᠢᠵᠢᠭ ᠳᠡᠯᠭᠡᠭᠦᠷ᠂ ᠬᠡᠲᠦ᠍ ᠳᠡᠯᠭᠡᠭᠦᠷ ᠡᠷᠬᠢᠯᠡᠬᠦ ᠭᠠᠷᠳᠠᠮ ᠢ᠋ ᠰᠦᠯᠵᠢᠶ᠎ᠠ ᠪᠡᠷ 《ᠦᠨᠳᠦᠷ ᠪᠦᠲᠦᠮᠵᠢᠲᠡᠢ ᠪᠠᠷ ᠭᠦᠢᠴᠡᠳᠭᠡᠬᠦ》 ᠦᠢᠯᠡᠴᠢᠯᠡᠭᠡ ᠭᠠᠷᠭᠠᠵᠤ᠂ ᠶᠠᠪᠤᠴᠠ ᠵᠢ ᠳᠠᠬᠢᠨ ᠲᠤᠬᠢᠷᠠᠭᠤᠯᠬᠤ᠂ ᠲᠣᠭ᠎ᠠ ᠪᠠᠷᠢᠮᠲᠠ ᠵᠢ ᠬᠠᠮᠲᠤ ᠪᠡᠷ ᠡᠳ᠋ᠯᠡᠬᠦ᠂ ᠬᠡᠷᠡᠭ ᠶᠠᠪᠤᠳᠠᠯ ᠢ᠋ ᠨᠡᠢᠳᠭᠡᠬᠦ ᠪᠡᠷ ᠳᠠᠮᠵᠢᠭᠤᠯᠤᠨ᠂ ᠵᠢᠵᠢᠭ ᠳᠡᠯᠭᠡᠭᠦᠷ ᠪᠠ ᠬᠡᠲᠦ᠍ ᠳᠡᠯᠭᠡᠭᠦᠷ ᠡᠷᠬᠢᠯᠡᠬᠦ ᠭᠠᠷᠳᠠᠮ᠎ᠤ᠋ᠨ ᠬᠢᠨᠡᠨ ᠵᠦᠪᠰᠢᠶᠡᠷᠡᠬᠦ ᠠᠬᠢᠴᠠ ᠶ᠋ᠢ ᠨᠠᠡᠭ ᠰᠢᠯᠢᠳᠡᠭᠵᠢᠭᠦᠯᠪᠡ᠃

7 ᠰᠠᠷ᠎ᠠ ᠶ᠋ᠢᠨ 1 ᠤ᠋ ᠡᠳᠦᠷ ᠡᠴᠡ ᠡᠬᠢᠯᠡᠨ᠂ ᠬᠤᠳᠠᠯᠳᠤᠭᠠᠴᠢᠳ ᠥᠪᠥᠷ ᠮᠣᠩᠭᠣᠯ ᠤ᠋ᠨ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠤ᠋ ᠰᠦᠯᠵᠢᠶ᠎ᠡ ᠶ᠋ᠢᠨ 《ᠦᠨᠳᠦᠷ ᠪᠦᠲᠦᠮᠵᠢᠲᠡᠢ ᠪᠠᠷ ᠨᠢᠭᠡ ᠶᠠᠪᠤᠳᠠᠯ ᠢ᠋ ᠭᠦᠢᠴᠡᠳᠭᠡᠬᠦ》 ᠲᠤᠰᠬᠠᠶ ᠪᠤᠯᠤᠩ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠶᠡᠷᠦᠩᠬᠡᠶ᠋ᠢᠯᠡᠭᠰᠡᠨ ᠦᠢᠯᠡᠴᠢᠯᠡᠭᠡᠨ ᠤ᠋ ᠲᠠᠪᠴᠠᠩ᠂ 《ᠮᠥᠩᠬᠡ ᠰᠤᠪᠠᠭ》 APP ᠪᠡᠷ ᠳᠠᠮᠵᠢᠭᠤᠯᠤᠨ ᠰᠦᠯᠵᠢᠶᠡᠨ ᠳᠡᠭᠡᠷ᠎ᠡ ᠳᠡᠯᠭᠡᠭᠦᠷ ᠡᠷᠬᠢᠯᠡᠬᠦ ᠬᠠᠮᠢᠶ᠎ᠠ ᠪᠥᠬᠥᠶ ᠭᠠᠷᠳᠠᠮ ᠢ᠋ ᠭᠦᠢᠴᠡᠳᠭᠡᠵᠦ ᠪᠣᠯᠤᠨ᠎ᠠ᠃ ᠦᠢᠯᠡᠴᠢᠯᠡᠭᠡ ᠳ᠋ᠤ ᠡᠵᠡᠩᠨᠡᠯᠲᠡ ᠶ᠋ᠢᠨ ᠦᠨᠡᠮᠯᠡᠯ ᠤ᠋ᠨ ᠮᠡᠳᠡᠭᠡ ᠵᠠᠩᠭᠢ ᠵᠢ ᠬᠢᠨᠠᠨ ᠰᠢᠯᠭᠠᠬᠤ᠂ ᠢᠳᠡᠭᠡᠨ ᠤ᠋ ᠵᠦᠢᠯ ᠤ᠋ᠨ ᠡᠵᠡᠩᠨᠡᠯᠲᠡ ᠶ᠋ᠢᠨ ᠵᠥᠪᠰᠢᠶᠡᠷᠡᠯ ᠢ᠋ ᠰᠢᠨ᠎ᠡ ᠪᠡᠷ ᠭᠠᠷᠭᠠᠬᠤ᠂ ᠤᠷᠢᠳᠴᠢᠯᠠᠨ ᠪᠣᠭᠣᠳᠠᠯᠯᠠᠬᠤ ᠢᠳᠡᠭᠡᠨ ᠤ᠋ ᠳᠡᠩᠰᠡᠯᠡᠯᠲᠡ᠂ ᠠᠵᠤ ᠠᠬᠤᠶ᠋ᠢᠯᠠᠯ ᠤ᠋ᠨ ᠬᠣᠶᠠᠳᠤᠭᠠᠷ ᠲᠥᠷᠥᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠡᠵᠡᠩᠨᠡᠯᠲᠡ ᠶ᠋ᠢᠨ ᠳᠡᠩᠰᠡᠯᠡᠯᠲᠡ᠂ ᠨᠠᠪᠴᠢᠨ ᠲᠠᠮᠠᠬᠢ ᠲᠤᠰᠬᠠᠶ ᠬᠤᠳᠠᠯᠳᠤᠬᠤ ᠵᠢᠵᠢᠭᠯᠡᠨ ᠪᠤᠷᠤᠯᠠᠭᠤᠯᠬᠤ ᠵᠥᠪᠰᠢᠶᠡᠷᠡᠯ ᠤ᠋ᠨ ᠦᠨᠡᠮᠯᠡᠯ ᠢ᠋ ᠬᠢᠨᠠᠨ ᠣᠯᠭᠣᠬᠤ᠂ ᠬᠡᠷ ᠤ᠋ᠨ ᠭᠠᠳᠠᠨᠠᠬᠢ ᠬᠤᠳᠠᠯᠳᠤᠭᠠᠨ ᠤ᠋ ᠫᠠᠶ᠋ᠢᠰᠠ ᠢᠯᠡᠷᠬᠡᠢᠯᠡᠯ ᠢ᠋ ᠵᠢᠷᠤᠮᠵᠢᠭᠤᠯᠤᠨ ᠬᠠᠮᠢᠶᠠᠷᠬᠤ᠂ ᠣᠯᠠᠨ ᠨᠡᠶ᠋ᠢᠲᠡ ᠶ᠋ᠢᠨ ᠲᠠᠯᠠᠪᠤᠷ ᠤ᠋ᠨ ᠡᠷᠡᠭᠦᠯ ᠬᠠᠮᠠᠭᠠᠯᠠᠯ ᠤ᠋ᠨ ᠵᠥᠪᠰᠢᠶᠡᠷᠡᠯ ᠵᠡᠷᠭᠡ ᠳᠡᠯᠭᠡᠭᠦᠷ ᠡᠷᠬᠢᠯᠡᠬᠦ ᠳ᠋ᠤ ᠡᠷᠬᠡᠪᠰᠢ ᠭᠦᠢᠴᠡᠳᠭᠡᠬᠦ ᠭᠠᠷ ᠭᠦᠢᠴᠡᠳᠭᠡᠯ ᠢ᠋ ᠪᠠᠭᠲᠠᠭᠠᠨ᠎ᠠ᠃ ᠦᠢᠯᠡᠴᠢᠯᠡᠭᠡ ᠳ᠋ᠤ 《ᠨᠢᠭᠡ ᠯᠡ ᠤᠳᠠᠭ᠎ᠠ ᠳ᠋ᠤ ᠮᠡᠳᠡᠭᠳᠡᠬᠦ᠌᠂ ᠨᠢᠭᠡ ᠬᠦᠰᠦᠨᠦᠭᠲᠦ ᠪᠡᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ᠂ ᠨᠢᠭᠡ ᠴᠣᠩᠬᠣᠪᠴᠢ ᠪᠡᠷ ᠭᠥᠯᠢᠶᠡᠨ ᠠᠪᠴᠤ᠌ ᠰᠢᠢᠳᠪᠤᠷᠢᠯᠡᠬᠦ᠂ ᠨᠢᠭᠡ ᠰᠦᠯᠵᠢᠶ᠎ᠡ ᠪᠡᠷ ᠭᠦᠢᠴᠡᠳᠭᠡᠬᠦ》 ᠵᠠᠭᠪᠤᠷ ᠢ᠋ ᠪᠥᠬᠥ᠌ ᠲᠠᠯ᠎ᠠ ᠪᠡᠷ ᠬᠡᠷᠡᠭᠵᠢᠭᠦᠯᠵᠦ᠍᠂ ᠠᠵᠢᠯ ᠶᠠᠪᠤᠳᠠᠯ ᠭᠦᠢᠴᠡᠳᠭᠡᠬᠦ ᠠᠬᠢᠴᠠ ᠵᠢ ᠶᠡᠬᠡ ᠪᠡᠷ ᠳᠦᠭᠦᠮᠴᠢᠯᠡᠪᠡ᠃

ᠡᠢᠨ ᠬᠦ᠌ ᠥᠭᠡᠷᠡᠴᠢᠯᠡᠯᠲᠡ ᠪᠡᠷ ᠳᠠᠮᠵᠢᠨ᠂ ᠵᠢᠵᠢᠭ ᠳᠡᠯᠭᠡᠭᠦᠷ᠂ ᠬᠡᠲᠦ᠍ ᠳᠡᠯᠭᠡᠭᠦᠷ ᠡᠷᠬᠢᠯᠡᠬᠦ ᠭᠠᠷᠳᠠᠮ ᠭᠦᠢᠴᠡᠳᠭᠡᠬᠦ ᠭᠣᠭᠴᠣᠭ᠎ᠠ ᠵᠢ 2 ᠠᠵᠢᠯᠯᠠᠬᠤ ᠡᠳᠦᠷ ᠪᠣᠯᠭᠠᠨ ᠪᠣᠭᠣᠨᠢᠰᠬᠠᠵᠤ᠂ ᠪᠥᠬᠥ᠌ ᠶᠠᠪᠤᠴᠠ ᠶ᠋ᠢᠨ ᠭᠦᠢᠴᠡᠳᠭᠡᠬᠦ ᠴᠠᠭ ᠤ᠋ᠨ ᠬᠢᠵᠠᠭᠠᠷ ᠢ᠋ 8 ᠠᠵᠢᠯᠯᠠᠬᠤ ᠡᠳᠦᠷ ᠪᠣᠯᠭᠠᠨ ᠪᠣᠭᠣᠨᠢᠰᠬᠠᠵᠤ᠂ ᠳᠡᠯᠭᠡᠭᠦᠷ ᠡᠷᠬᠢᠯᠡᠬᠦ ᠳ᠋ᠡᠭᠡᠨ ᠳᠤᠲᠠᠭᠤ ᠭᠦᠶᠦᠬᠦ᠂ ᠬᠢᠨᠠᠨ ᠵᠥᠪᠰᠢᠶᠡᠷᠡᠬᠦ᠌ ᠳ᠋ᠤ ᠨᠠᠩ ᠲᠦᠷᠭᠡᠨ᠂ ᠠᠵᠢᠯ ᠶᠠᠪᠤᠳᠠᠯ ᠭᠦᠢᠴᠡᠳᠭᠡᠬᠦ ᠳ᠋ᠤ ᠨᠠᠩ ᠥᠨᠳᠥᠷ ᠪᠦᠲᠦᠮᠵᠢᠲᠡᠶ ᠪᠠᠶ᠋ᠢᠬᠤ ᠵᠢ ᠦᠨᠡᠨ ᠬᠦ᠌ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号