ᠬᠥᠬᠡᠡᠡᠣᠲᠠ ᠳᠣᠲᠣᠭᠠᠳᠤ᠎ᠶᠢ ᠬᠠᠮᠠᠭᠠᠯᠠᠬᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ 286 ᠵᠦᠢᠯ᠎ᠦᠨ ᠨᠠᠷᠢᠨ ᠲᠠᠩᠰᠠ ᠭᠠᠷᠭᠠᠵᠠᠢ
2026-07-24 10:01:22
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠣᠢᠷ᠎ᠠ᠎ᠶᠢᠨ ᠵᠢᠯ᠎ᠳ᠋ᠤ᠂ ᠬᠥᠬᠡᠡᠡᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠳᠣᠲᠣᠭᠠᠳᠤ᠎ᠶᠢ ᠬᠠᠮᠠᠭᠠᠯᠠᠬᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ 286 ᠵᠦᠢᠯ᠎ᠦᠨ ᠨᠠᠷᠢᠨ ᠲᠠᠩᠰᠠ᠎ᠪᠠᠷ ᠪᠠᠷᠢᠮᠵᠢᠶᠠᠵᠢᠭ᠍ᠰᠠᠨ ᠰᠠᠭᠤᠷᠢ᠎ᠶᠢ ᠪᠡᠬᠢᠵᠢᠭᠦᠯᠵᠦ᠂ 100 ᠨᠢᠭᠡ ᠦᠷᠳᠡᠬᠡᠴᠢᠯᠡᠭᠰᠡᠨ ᠮᠠᠶᠢᠭ᠎ᠤᠨ ᠲᠣᠮᠢᠯᠠᠭᠰᠠᠨ ᠰᠠᠯᠪᠤᠷᠢ᠂ 78 ᠶᠡᠷᠦᠩᠬᠡᠢᠯᠡᠭᠰᠡᠨ ᠵᠠᠰᠠᠭ᠎ᠤᠨ ᠶᠠᠪᠤᠳᠠᠯ᠎ᠤᠨ ᠴᠤᠩᠬᠤᠪᠴᠢ ᠪᠡᠷ ᠦᠢᠯᠡᠴᠢᠯᠡᠭᠡᠨ᠎ᠦ ᠲᠣᠣᠷ᠎ᠢ ᠪᠠᠢᠭᠤᠯᠵᠤ᠂ ᠳᠣᠲᠣᠭᠠᠳᠤ᠎ᠶᠢ ᠬᠠᠮᠠᠭᠠᠯᠠᠬᠤ ᠰᠦᠯᠵᠢᠶ᠎ᠡ᠎ᠵᠢᠨ ᠠᠵᠢᠯᠯᠠᠬᠤ ᠲᠤᠰᠬᠠᠢ ᠲᠣᠭᠣᠷᠢᠭ᠋᠎ᠢᠶᠠᠷ ᠰᠦᠯᠵᠢᠶᠡᠨ ᠳᠡᠭᠡᠷᠡᠬᠢ ᠦᠢᠯᠡᠴᠢᠯᠡᠭᠡᠨ᠎ᠦ ᠲᠠᠪᠴᠠᠩ᠎ᠢ ᠪᠠᠢᠭᠤᠯᠵᠤ᠂ ᠰᠠᠨᠠᠭᠠᠴᠢᠯᠠᠭ᠎ᠠ᠎ᠡᠴᠨ ᠪᠠᠨ ᠭᠦᠢᠴᠡᠳᠬᠡᠬᠦ᠂ ᠭᠡᠷ ᠲᠦ᠍ᠨᠢ ᠬᠦᠷᠴᠦ ᠭᠦᠢᠴᠡᠳᠬᠡᠬᠦ᠂ ᠰᠦᠯᠵᠢᠶ᠎ᠡ᠎ᠪᠡᠷ ᠭᠦᠢᠴᠡᠳᠬᠡᠬᠦ ᠭᠤᠷᠪᠠᠨ ᠶᠡᠬᠡ ᠦᠢᠯᠡᠴᠢᠯᠡᠭᠡᠨ᠎ᠦ ᠵᠠᠭᠪᠤᠷ᠎ᠢ ᠰᠢᠨᠡᠴᠢᠯᠡᠨ ᠬᠡᠷᠡᠭᠵᠢᠭᠦᠯᠪᠡ᠃

ᠥᠩᠭᠡᠷᠡᠭᠰᠡᠨ᠎ᠳᠦ ᠣᠷᠣᠨ ᠪᠦᠰᠡ ᠠᠯᠤᠰᠯᠠᠨ ᠠᠵᠢᠯ ᠶᠠᠪᠤᠳᠠᠯ ᠭᠦᠢᠴᠡᠳᠬᠡᠬᠦ ᠪᠠᠷᠢᠮᠵᠢᠶ᠎ᠠ ᠨᠢ ᠠᠳᠠᠯᠢ ᠦᠭᠡᠢ᠂ ᠮᠠᠲᠧᠷᠢᠶᠠᠯ ᠨᠢ ᠲᠣᠳᠣᠷᠬᠠᠢ ᠦᠭᠡᠢ᠂ ᠶᠠᠪᠤᠴᠠ ᠨᠢ ᠪᠤᠳᠤᠯᠢᠶᠠᠨᠳᠠᠢ ᠪᠠᠢᠵᠤ᠂ ᠣᠯᠠᠨ ᠲᠦᠮᠡᠨ᠎ᠦ ᠲᠤᠰᠬᠠᠯ ᠶᠡᠬᠡᠲᠡᠢ ᠪᠠᠢᠭᠰᠠᠨ ᠲᠦᠭᠵᠢᠷᠡᠯ ᠤ᠋ᠨ ᠠᠰᠠᠭᠤᠳᠠᠯ ᠪᠤᠯᠵᠤ ᠪᠠᠢᠵᠠᠢ᠃ ᠡᠨᠡ ᠬᠦ᠌ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢᠨ ᠲᠤᠯᠠᠳᠠ᠂ ᠬᠦᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠵᠢᠨ ᠬᠢᠨ ᠵᠠᠮ ᠬᠠᠷᠢᠯᠴᠠᠭᠠᠨ᠎ᠤ ᠬᠠᠮᠢᠶᠠᠷᠤᠯᠲᠠ᠂ ᠡᠷᠦᠬᠡ ᠠᠮᠠ᠎ᠶᠢᠨ ᠶᠠᠪᠤᠳᠠᠯ᠂ ᠬᠢᠯᠢ᠎ᠪᠡᠷ ᠣᠷᠣᠵᠤ ᠭᠠᠷᠬᠤ᠂ ᠠᠮᠤᠷ᠎ᠢ ᠬᠠᠮᠠᠭᠠᠯᠠᠬᠤ ᠵᠡᠷᠭᠡ ᠴᠠᠭᠳᠠᠭᠠᠨ᠎ᠤ ᠲᠥᠷᠥᠯ᠎ᠦᠨ ᠲᠤᠬᠠᠢᠯᠠᠭᠰᠠᠨ ᠠᠵᠢᠯ᠎ᠢ ᠨᠡᠢᠳᠭᠡᠵᠦ᠂ 《ᠬᠥᠬᠡᠡᠡᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠳᠣᠲᠣᠭᠠᠳᠤ᠎ᠶᠢ ᠬᠠᠮᠠᠭᠠᠯᠠᠬᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠵᠦᠢᠯᠡᠰ᠎ᠦᠨ ᠨᠠᠷᠢᠨ ᠲᠠᠩᠰᠠ》 ᠵᠢ ᠨᠠᠢᠷᠠᠭᠤᠯᠤᠨ ᠵᠣᠬᠢᠶᠠᠬᠤ᠎ᠶᠢᠨ ᠬᠠᠮᠲᠤ ᠪᠣᠳᠠᠲᠠᠢᠵᠢᠭᠤᠯᠤᠨ ᠬᠡᠷᠡᠭᠵᠢᠭᠦᠯᠵᠦ᠂ ᠬᠣᠲᠠ᠂ ᠬᠣᠰᠢᠭᠤ ᠰᠢᠶᠠᠨ ᠲᠣᠭᠣᠷᠢᠭ᠋᠂ ᠲᠣᠮᠢᠯᠠᠭᠰᠠᠨ ᠰᠠᠯᠪᠤᠷᠢ᠎ᠳᠤ ᠬᠣᠯᠪᠣᠭᠳᠠᠬᠤ 286 ᠵᠦᠢᠯ᠎ᠦᠨ ᠳᠣᠲᠣᠭᠠᠳᠤ᠎ᠶᠢ ᠬᠠᠮᠠᠭᠠᠯᠠᠬᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠵᠦᠢᠯᠡᠰ᠎ᠢ ᠡᠮᠬᠢᠯᠡᠨ ᠵᠢᠷᠤᠮᠵᠢᠭᠤᠯᠵᠠᠢ᠃

ᠦᠳᠡ᠎ᠳᠦ ᠡᠭᠦᠳᠡ᠎ᠪᠡᠨ ᠬᠠᠭᠠᠬᠤ ᠦᠭᠡᠢ᠂ ᠭᠠᠷᠠᠭ᠎ᠤᠨ ᠰᠡᠭᠦᠯᠴᠢ᠎ᠳ᠋ᠸ᠋ ᠠᠮᠠᠷᠠᠬᠤ ᠦᠭᠡᠢ᠂ ᠴᠠᠭ᠎ᠢ ᠨᠢ ᠤᠷᠲᠤᠳᠬᠠᠭᠠᠳ ᠲᠠᠰᠤᠷᠠᠯᠲᠠ ᠦᠭᠡᠢ ᠦᠢᠯᠡᠴᠢᠯᠡᠬᠦ᠎ᠶᠢ ᠪᠥᠬᠥ ᠣᠷᠣᠨ ᠪᠦᠰᠡ᠎ᠳᠦ ᠬᠡᠷᠡᠭᠵᠢᠭᠦᠯᠵᠦ᠂ 24 ᠴᠠᠭ᠎ᠤᠨ ᠠᠦ᠋ᠲ᠋ᠣ᠋ ᠲᠥᠬᠦᠭᠡᠷᠦᠮᠵᠢ᠎ᠵᠢ  ᠬᠤᠳᠠᠯᠳᠤᠭᠠᠨ᠎ᠤ ᠲᠣᠭᠣᠷᠢᠭ᠋᠂ ᠶᠡᠬᠡ ᠳᠡᠭᠡᠳᠦ ᠰᠤᠷᠭᠠᠭᠤᠯᠢ᠎ᠳᠤ ᠤᠷᠤᠭᠤᠯᠤᠨ᠂ ᠣᠯᠠᠨ ᠲᠦᠮᠡᠨ᠎ᠦ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠵᠠᠢ᠃ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠤᠨ ᠬᠢᠨ ᠦᠳᠡ ᠵᠢᠨ ᠦᠢᠯᠡᠴᠢᠯᠡᠬᠡ ᠪᠠ ᠴᠠᠭ᠎ᠢ ᠤᠷᠲᠤᠳᠬᠠᠭᠰᠠᠨ ᠦᠢᠯᠡᠴᠢᠯᠡᠭᠡ ᠵᠢᠨ ᠬᠤᠭᠤᠴᠠᠭᠠᠨ ᠳ᠋ᠸ᠋ ᠨᠡᠶ᠋ᠢᠲᠡ 1275 ᠬᠤᠪᠢ ᠲᠤᠬᠠᠢᠯᠠᠭᠰᠠᠨ ᠠᠵᠢᠯ᠎ᠢ ᠭᠥᠯᠢᠶᠡᠨ ᠠᠪᠴᠤ ᠰᠢᠢᠳᠪᠦᠷᠢᠯᠡᠨ᠂ ᠬᠢᠯᠢ᠎ᠪᠡᠷ ᠣᠷᠣᠵᠤ ᠭᠠᠷᠬᠤ ᠬᠠᠮᠢᠶᠠᠷᠤᠯᠳᠠ ᠵᠢᠨ ᠭᠠᠷᠠᠭ᠎ᠤᠨ ᠰᠡᠭᠦᠯᠴᠢ᠎ᠶᠢᠨ ᠦᠢᠯᠡᠴᠢᠯᠡᠭᠡ ᠨᠢ ᠬᠠᠭᠠᠰ ᠵᠢᠯ᠎ᠳᠦ 2556 ᠬᠥᠮᠥᠨ ᠤᠳᠠᠭ᠎ᠠ ᠵᠢ ᠭᠥᠯᠢᠶᠡᠨ ᠠᠪᠴᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号