《ᠲᠤᠭᠠᠴᠢᠯᠠᠯᠲᠠ᠎ᠪᠠᠷ ᠪᠣᠬᠢᠷᠲᠤᠯ ᠦᠭᠡᠢ ᠬᠦᠭᠵᠢᠯᠲᠡ ᠵᠢ ᠬᠠᠷᠠᠭᠤᠯᠵᠦ ᠤᠶᠤᠨᠴᠢᠯᠠᠯᠳᠠ ᠪᠡᠷ ᠬᠦᠭᠵᠢᠯᠲᠡ ᠵᠢ ᠬᠦᠲᠦᠯᠬᠦᠢ》 ᠥᠪᠥᠷ ᠮᠣᠩᠭᠣᠯ᠎ᠳᠡᠬᠢ ᠠᠶᠠᠯᠠᠯ᠎ᠤᠨ ᠤᠬᠠᠭᠤᠯᠭ᠎ᠠ᠎ᠶᠢᠨ ᠠᠵᠢᠯᠯᠠᠭ᠎ᠠ ᠡᠬᠢᠯᠡᠯ᠎ᠠ
2026-07-24 09:54:00
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 21 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠢ᠋ᠢᠨ ᠬᠤᠷᠢᠶ᠎ᠠ ᠢ᠋ᠢᠨ ᠠᠯᠪᠠᠨ ᠭᠡᠷ᠎ᠡᠴᠡ ᠭᠣᠣᠯᠯᠠᠨ ᠡᠷᠬᠢᠯᠡᠵᠦ᠂ ᠳᠤᠮᠳᠠᠳᠤ ᠤᠯᠤᠰ᠎ᠤᠨ ᠢᠨᠲ᠋ᠸᠷ ᠰᠦᠯᠵᠢᠶᠡᠨ᠎ᠦ ᠬᠥᠭᠵᠢᠬᠦᠯᠤᠯᠲᠡ᠎ᠶᠢᠨ ᠰᠠᠭᠤᠷᠢ ᠮᠥᠩᠭᠥᠨ᠎ᠦ ᠨᠡᠢᠭᠡᠮᠯᠢᠭ ᠡᠴᠡ ᠳᠡᠮᠵᠢᠵᠦ᠂ ᠭᠤᠸᠠᠩ ᠮᠢᠩ ᠰᠦᠯᠵᠢᠶ᠎ᠡ ᠡᠴᠡ ᠳᠠᠭᠠᠭᠠᠴᠢᠯᠠᠨ ᠡᠷᠬᠢᠯᠡᠭᠰᠡᠨ《ᠲᠤᠭᠠᠴᠢᠯᠠᠯᠲᠠ᠎ᠪᠠᠷ ᠪᠣᠬᠢᠷᠲᠤᠯ ᠦᠭᠡᠢ ᠬᠦᠭᠵᠢᠯᠲᠡ ᠵᠢ ᠬᠠᠷᠠᠭᠤᠯᠵᠦ ᠤᠶᠤᠨᠴᠢᠯᠠᠯᠳᠠ ᠪᠡᠷ ᠬᠦᠭᠵᠢᠯᠲᠡ ᠵᠢ ᠬᠦᠲᠦᠯᠬᠦᠢ》 ᠥᠪᠥᠷ ᠮᠣᠩᠭᠣᠯ᠎ᠳᠡᠬᠢ ᠠᠶᠠᠯᠠᠯ᠎ᠤᠨ ᠰᠦᠯᠵᠢᠶᠡᠨ᠎ᠦ ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ ᠬᠥᠬᠡᠬᠣᠲᠠ᠎ᠳᠤ ᠡᠬᠢᠯᠡᠪᠡ᠃

ᠲᠤᠰ ᠤᠳᠠᠭᠠᠨ᠎ᠤ ᠠᠵᠢᠯᠯᠠᠭ᠎ᠠ ᠨᠢ ᠥᠪᠥᠷ ᠮᠣᠩᠭᠣᠯ᠎ᠤᠨ ᠲᠣᠭᠠᠴᠢᠯᠠᠭᠰᠠᠨ ᠮᠡᠷᠭᠡᠵᠢᠯ᠎ᠢᠶᠡᠷ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠠᠢᠰᠢ ᠬᠡᠯᠪᠡᠷᠢ ᠪᠠᠨ ᠬᠤᠪᠢᠷᠠᠭᠤᠯᠬᠤ ᠭᠣᠣᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠲᠤᠰᠬᠠᠢ ᠮᠡᠷᠭᠡᠵᠢᠯᠲᠡᠨ ᠡᠷᠳᠡᠮᠲᠡᠨ᠂ ᠰᠢᠭᠦᠮᠵᠢᠯᠡᠭᠴᠢ᠂ ᠲᠥᠪ᠎ᠦᠨ ᠪᠠ ᠣᠷᠣᠨ ᠨᠤᠲᠤᠭ᠎ᠤᠨ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠵᠡᠷᠭᠡ 30 ᠭᠠᠷᠤᠢ ᠬᠥᠮᠥᠨ᠎ᠢ ᠤᠷᠢᠵᠤ ᠰᠤᠷᠪᠤᠯᠵᠢᠯᠠᠨ ᠪᠠᠢᠴᠠᠭᠠᠨ ᠰᠤᠳᠤᠯᠬᠤ ᠪᠦᠯᠬᠦᠮ ᠪᠠᠢᠭᠤᠯᠵᠤ᠂ ᠬᠥᠬᠡᠬᠣᠲᠠ᠂ ᠪᠤᠭᠤᠲᠤ᠂ ᠤᠯᠠᠭᠠᠨᠴᠠᠪ᠎ᠤᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠂ ᠳᠠᠭᠤᠷᠢᠶᠠᠯ ᠠᠵᠤ ᠠᠬᠤᠢᠯᠠᠯ ᠵᠡᠷᠭᠡ᠎ᠳᠦ ᠭᠦᠨᠵᠡᠭᠡᠢᠷᠡᠵᠦ᠂ ᠲᠣᠭᠠᠴᠢᠯᠠᠭᠰᠠᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠢᠶᠡᠷ ᠬᠦᠴᠦᠨ ᠣᠯᠭᠣᠬᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠠᠢᠰᠢ ᠬᠡᠯᠪᠡᠷᠢ ᠪᠠᠨ ᠬᠤᠪᠢᠷᠠᠭᠤᠯᠬᠤ᠂ ᠠᠮᠢ ᠠᠬᠤᠢ᠎ᠶᠢᠨ ᠤᠷᠤᠰᠢᠨ ᠰᠠᠭᠤᠷᠢᠰᠢᠬᠤ᠎ᠳᠤ ᠲᠣᠬᠢᠷᠠᠮᠵᠢᠲᠠᠢ ᠪᠦᠲᠦᠭᠡᠨ ᠪᠠᠢᠭᠤᠯᠤᠯᠲᠠ ᠵᠡᠷᠭᠡ᠎ᠶᠢᠨ ᠲᠣᠭᠣᠷᠢᠨ᠎ᠳᠤ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠦᠷᠨᠢᠭᠦᠯᠵᠦ᠂ ᠨᠢᠭᠡ ᠪᠦᠯᠦᠭ ᠬᠠᠮ ᠵᠠᠭᠤᠴᠢᠯᠠᠭᠤᠷ᠎ᠤᠨ ᠰᠣᠳᠣᠨ ᠪᠦᠲᠦᠭᠡᠯ᠎ᠢ ᠤᠬᠠᠭᠠᠯᠠᠨ ᠦᠢᠯᠡᠳᠴᠤ᠂ ᠥᠪᠥᠷ ᠮᠣᠩᠭᠣᠯ᠎ᠤᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠂ ᠲᠣᠭᠠᠴᠢᠯᠠᠯᠲᠠ ᠪᠤᠯᠤᠨ ᠪᠣᠬᠢᠷᠲᠤᠯ ᠦᠭᠡᠢ ᠬᠦᠭᠵᠢᠯᠲᠡ ᠵᠢ ᠬᠠᠮᠵᠢᠯᠴᠠᠭᠤᠯᠤᠨ ᠬᠦᠭᠵᠢᠭᠦᠯᠦᠭᠰᠡᠨ ᠦᠢᠯᠡᠳᠦᠯᠭᠡ᠎ᠶᠢᠨ ᠦᠷ᠎ᠡ ᠪᠦᠲᠦᠭᠡᠯ ᠪᠠ ᠰᠢᠨ᠎ᠡ᠎ᠶᠢ ᠡᠭᠦᠳᠦᠭᠰᠡᠨ ᠲᠤᠷᠰᠢᠯᠭ᠎ᠠ᠎ᠶᠢ ᠪᠥᠬᠥ ᠲᠠᠯ᠎ᠠ ᠪᠡᠷ ᠣᠯᠠᠨ ᠬᠠᠷᠠᠭᠠᠰᠤ ᠠ᠋ᠴᠠ ᠳᠡᠯᠭᠡᠨ ᠦᠵᠡᠭᠦᠯᠵᠦ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠠᠮᠢ ᠠᠬᠤᠢ᠎ᠶᠢᠨ ᠬᠠᠮᠠᠭᠠᠯᠠᠯᠲᠠ᠂ ᠠᠵᠤ ᠦᠢᠯᠡᠰ᠎ᠦᠨ ᠲᠠᠰ ᠳᠠᠪᠰᠢᠯᠲᠠ᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠥᠯᠢᠭᠡᠷ᠎ᠢ ᠠᠮᠢᠳᠤᠯᠢᠭ᠋᠎ᠢᠶᠠᠷ ᠰᠠᠢᠲᠤᠷ ᠶᠠᠷᠢᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠰᠦᠯᠵᠢᠶᠡᠨ᠎ᠦ ᠶᠠᠷᠢᠶ᠎ᠠ ᠬᠡᠯᠡᠯᠴᠡᠭᠡᠨ᠎ᠦ ᠰᠠᠢᠨ ᠰᠠᠢᠬᠠᠨ ᠤᠷᠴᠢᠨ ᠠᠬᠤᠢ ᠵᠢ ᠪᠣᠶ ᠪᠣᠯᠭᠠᠬᠤ ᠪᠤᠯᠤᠨ᠎ᠠ᠃

ᠪᠡᠭᠡᠵᠢᠩ᠎ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠣᠷᠴᠢᠨ ᠲᠣᠭᠣᠷᠢᠨ᠎ᠤ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠱᠦᠵᠢ ᠰᠢᠦᠢ ᠯᠢᠨ ᠢᠦᠢ ᠡᠬᠢᠯᠡᠯᠲᠡ᠎ᠶᠢᠨ ᠶᠣᠰᠣᠯᠠᠯ ᠳᠡᠭᠡᠷ᠎ᠡ᠄ 《ᠪᠢ ᠥᠪᠥᠷ ᠮᠣᠩᠭᠣᠯ᠎ᠳᠤ ᠪᠠᠢᠴᠠᠭᠠᠨ ᠰᠤᠳᠤᠯᠵᠤ ᠴᠤᠭᠯᠠᠭᠤᠯᠤᠭᠰᠠᠨ ᠰᠢᠨ᠎ᠡ᠎ᠶᠢ ᠡᠭᠦᠳᠦᠭᠰᠡᠨ ᠦᠢᠯᠡᠳᠦᠯᠭᠡ᠎ᠶᠢᠨ ᠲᠤᠷᠰᠢᠯᠭ᠎ᠠ ᠵᠢ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠢᠴᠢᠶᠡᠯ᠎ᠦᠨ ᠲᠠᠩᠬᠢᠮ᠎ᠳᠤ ᠠᠪᠠᠴᠢᠵᠤ᠂ ᠮᠠᠨ᠎ᠤ ᠪᠦᠯᠬᠦᠮ᠎ᠦᠨ ᠠᠮᠢ ᠠᠬᠤᠢ᠎ᠶᠢᠨ ᠳᠠᠭᠤᠷᠢᠶᠠᠮᠠᠬ᠂ ᠣᠷᠣᠨ ᠪᠦᠰᠡ᠎ᠶᠢᠨ ᠣᠷᠴᠢᠨ ᠲᠣᠭᠣᠷᠢᠨ᠎ᠤ ᠲᠥᠯᠦᠪᠵᠢᠭᠦᠯᠭᠡ ᠵᠡᠷᠭᠡ ᠲᠠᠯ᠎ᠠ᠎ᠶᠢᠨ ᠰᠤᠳᠤᠯᠭᠠᠨ᠎ᠤ ᠬᠤᠷᠠᠮᠳᠤᠭᠤᠯᠤᠯ᠎ᠲᠠᠢ ᠪᠠᠨ ᠤᠶᠠᠯᠳᠤᠭᠤᠯᠤᠨ᠂ ᠥᠪᠥᠷ ᠮᠣᠩᠭᠣᠯ᠎ᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠢᠲᠠᠢ ᠬᠥᠭᠵᠢᠯᠲᠡ᠎ᠳᠦ ᠦᠷᠭᠦᠯᠵᠢᠯᠡᠨ ᠡᠷᠳᠡᠮ ᠰᠢᠨᠵᠢᠯᠡᠭᠡᠨ᠎ᠦ ᠲᠤᠯᠭᠠᠭᠤᠷᠢᠯᠠᠯ ᠬᠠᠩᠭᠠᠨ᠎ᠠ》 ᠭᠡᠵᠦ ᠢᠯᠡᠳᠬᠡᠪᠡ᠃

ᠲᠤᠬᠠᠢ᠎ᠶᠢᠨ ᠡᠳᠦᠷ᠂ ᠰᠤᠷᠪᠤᠯᠵᠢᠯᠠᠨ ᠪᠠᠢᠴᠠᠭᠠᠨ ᠰᠤᠳᠤᠯᠬᠤ ᠪᠦᠯᠬᠦᠮ᠎ᠦᠨ ᠬᠢᠨ ᠰᠦ᠎ᠶᠢᠨ ᠦᠢᠯᠡᠰ᠎ᠦᠨ ᠤᠯᠤᠰ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠂ ᠢᠯᠢ᠎ᠶᠢᠨ ᠣᠲᠣ᠌ ᠦᠶ᠎ᠡ᠎ᠶᠢᠨ ᠣᠶᠤᠨᠲᠤ ᠡᠷᠡᠭᠦᠯ ᠮᠡᠨᠳᠦ᠎ᠶᠢᠨ ᠬᠥᠨᠳᠡᠢ᠂ ᠴᠡᠯᠡᠭᠡᠷ ᠲᠠᠯ᠎ᠠ ᠠᠮᠢ ᠠᠬᠤᠢ᠎ᠶᠢᠨ ᠦᠢᠯᠡᠳᠦᠯᠭᠡ᠎ᠶᠢᠨ ᠰᠠᠭᠤᠷᠢᠨ ᠵᠡᠷᠭᠡ᠎ᠳᠤ ᠭᠦᠨᠵᠡᠭᠡᠢᠷᠡᠨ ᠰᠤᠷᠪᠤᠯᠵᠢᠯᠠᠨ ᠪᠠᠢᠴᠠᠭᠠᠨ ᠰᠤᠳᠤᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号