ᠪᠦᠬᠦ ᠤᠯᠤᠰ᠎ᠤᠨ ᠰᠠᠭᠤᠷᠢ ᠰᠤᠷᠭᠠᠨ ᠬᠥᠮᠦᠵᠢᠯ᠎ᠦᠨ ᠠᠵᠢᠯ᠎ᠤᠨ ᠬᠤᠷᠠᠯ 22᠎ᠤᠨ
ᠡᠳᠦᠷ ᠪᠡᠭᠡᠵᠢᠩ᠎ᠳᠦ ᠬᠤᠷᠠᠯᠳᠤᠪᠠ᠃ ᠣᠢᠯᠠᠭᠠᠭᠰᠠᠨ᠎ᠢᠶᠠᠷ᠂ ᠣᠳᠣᠬᠠᠨ᠎ᠳᠤ ᠮᠠᠨ᠎ᠤ ᠤᠯᠤᠰ᠎ᠲᠤ ᠨᠡᠶ᠋ᠢᠲᠡ 43 ᠲᠦᠮᠡᠨ
ᠳᠤᠮᠳᠠᠳᠤ ᠪᠠᠭ᠎ᠠ ᠰᠤᠷᠭᠠᠭᠤᠯᠢ ᠬᠡᠦᠬᠡᠳ᠎ᠦᠨ ᠴᠡᠴᠡᠷᠯᠢᠭ᠂ 2.2 ᠳ᠋ᠦᠩᠰᠢᠭᠤᠷ
ᠰᠤᠷᠭᠠᠭᠤᠯᠢ᠎ᠳᠤ ᠪᠠᠢᠭ᠎ᠠ ᠰᠣᠷᠣᠭ᠍ᠴᠢ᠂ 1577 ᠲᠦᠮᠡᠨ ᠲᠤᠰᠬᠠᠢ ᠪᠠᠭ᠍ᠰᠢ᠎ᠲᠠᠢ
ᠪᠠᠢᠵᠤ᠂ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠪᠥᠭᠡᠳ ᠴᠢᠨᠠᠷ ᠰᠠᠢᠲᠠᠢ ᠰᠠᠭᠤᠷᠢ
ᠰᠤᠷᠭᠠᠨ ᠬᠥᠮᠦᠵᠢᠯ᠎ᠦᠨ ᠰᠢᠰᠲᠧᠮ᠎ᠢ ᠪᠠᠢᠭᠤᠯᠵᠤ᠂ ᠶᠡᠷᠦᠩᠬᠡᠢ᠎ᠳᠡᠭᠡᠨ ᠳᠡᠯᠡᠬᠡᠢ᠎ᠶᠢᠨ ᠥᠨᠳᠥᠷ ᠣᠷᠣᠯᠭ᠎ᠠ᠎ᠲᠠᠢ
ᠤᠯᠤᠰ᠎ᠤᠳ᠎ᠤᠨ ᠳᠤᠮᠳᠠᠴᠢ ᠲᠦᠪᠰᠢᠨ᠎ᠳᠦ ᠭᠦᠷᠦᠭᠰᠡᠨ ᠪᠠᠢᠨ᠎ᠠ᠃ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠠᠷ᠂
ᠰᠤᠷᠤᠭ᠍ᠴᠢᠳ᠎ᠤᠨ ᠶᠣᠰᠣ᠌ ᠮᠤᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ᠎ᠶᠢᠨ ᠪᠦᠬᠦ
ᠲᠠᠯ᠎ᠠ᠎ᠶᠢᠨ ᠬᠥᠭᠵᠢᠯᠲᠡ᠎ᠶᠢᠨ ᠪᠠᠢᠳᠠᠯ ᠦᠷᠭᠦᠯᠵᠢᠯᠡᠨ ᠰᠠᠢᠵᠢᠷᠠᠵᠤ ᠪᠠᠢᠨ᠎ᠠ᠃
ᠰᠤᠷᠭᠠᠨ ᠬᠥᠮᠦᠵᠢᠯ ᠦᠨ ᠶᠠᠮᠤᠨ᠎ᠤ
ᠰᠤᠷᠭᠠᠨ ᠬᠥᠮᠦᠵᠢᠯ᠎ᠦᠨ ᠬᠢᠨᠠᠨ ᠵᠢᠯᠤᠭᠣᠳᠬᠤ ᠲᠣᠪᠴᠢᠶ᠎ᠠ᠎ᠶᠢᠨ ᠵᠣᠬᠢᠶᠠᠨ ᠪᠠᠢᠭᠤᠯᠵᠤ ᠥᠷᠨᠢᠭᠦᠯᠦᠭᠰᠡᠨ 《2023
︱ 2025 ᠣᠨ᠎ᠤ ᠤᠯᠤᠰ᠎ᠤᠨ ᠠᠯᠪᠠᠨ ᠵᠢᠷᠤᠮ᠎ᠤᠨ
ᠰᠤᠷᠭᠠᠨ ᠬᠥᠮᠦᠵᠢᠯ᠎ᠦᠨ ᠶᠠᠰᠤ ᠴᠢᠨᠠᠷ ᠤᠨ ᠬᠢᠨᠠᠨ ᠬᠡᠮᠵᠢᠯᠲᠡ》ᠵᠢᠨ
ᠪᠦᠷᠢᠳᠬᠡᠯ᠎ᠦᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠮᠠᠨ ᠤ ᠤᠯᠤᠰ᠎ᠤᠨ ᠬᠡᠪ ᠴᠢᠨᠠᠷ᠎ᠤᠨ ᠰᠤᠷᠭᠠᠨ
ᠬᠥᠮᠦᠵᠢᠯ ᠡᠯᠪᠡᠭ ᠪᠠᠶᠠᠯᠢᠭ᠋ ᠦᠷ᠎ᠡ ᠪᠦᠲᠦᠭᠡᠯ ᠣᠯᠵᠠᠢ᠃
l 80% ᠣᠷᠴᠢᠮ᠎ᠤᠨ ᠰᠣᠷᠣᠭ᠍ᠴᠢ᠎ᠶᠢᠨ ᠲᠣᠭᠠᠨ ᠤ ᠤᠬᠠᠭᠠᠨ᠂ ᠬᠡᠯᠡ ᠪᠢᠴᠢᠭ᠂
ᠠᠩᠭ᠌ᠯᠢ ᠬᠡᠯᠡ᠂ ᠰᠢᠨᠵᠢᠯᠡᠬᠦ ᠤᠬᠠᠭᠠᠨ ᠵᠡᠷᠭᠡ ᠦᠨᠳᠦᠰᠦᠨ ᠬᠡᠪ ᠪᠣᠯᠪᠠᠰᠤᠷᠠᠯ ᠨᠢ ᠬᠢᠴᠢᠶᠡᠯ᠎ᠦᠨ ᠪᠠᠷᠢᠮᠵᠢᠶ᠎ᠠ᠎ᠶᠢᠨ
ᠱᠠᠭᠠᠷᠳᠠᠯᠭ᠎ᠠ᠎ᠳᠤ ᠬᠦᠷᠪᠡ;
l 55% ᠣᠷᠴᠢᠮ ᠨᠢ ᠰᠢᠯᠢᠳᠡᠭ ᠬᠢᠷᠢ ᠲᠦᠪᠰᠢᠨ᠎ᠳᠦ ᠬᠦᠷᠴᠦ᠂ ᠳᠡᠯᠡᠬᠡᠢ᠎ᠶᠢᠨ
ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠲᠡᠷᠢᠭᠦᠨ᠎ᠦ ᠡᠩᠨᠡᠭᠡᠨ᠎ᠳᠦ ᠣᠷᠣᠪᠠ᠃
ᠰᠤᠷᠤᠭ᠍ᠴᠢᠳ᠎ᠤᠨ ᠤᠯᠤᠰ᠎ᠤᠨ
ᠮᠡᠳᠡᠷᠡᠮᠵᠢ᠎ᠶᠢᠨ ᠰᠡᠳᠬᠢᠯᠭᠡ᠂ ᠤᠯᠤᠰ ᠤᠨ ᠠᠮᠤᠷ ᠲᠦᠪᠰᠢᠨ ᠦ ᠤᠬᠠᠮᠰᠠᠷ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ
ᠰᠣᠶᠣᠯ ᠤᠨ ᠮᠡᠳᠡᠷᠡᠮᠵᠢ᠎ᠶᠢᠨ ᠰᠡᠳᠬᠢᠯᠭᠡ᠂ ᠦᠶ᠋ᠯᠡ ᠠᠵᠢᠯᠯᠠᠭᠠᠨ᠎ᠤ ᠳᠠᠳᠬᠠᠯ᠎ᠤᠨ ᠵᠢᠷᠤᠮᠵᠢᠯ᠎ᠤᠨ ᠬᠢᠷᠢ ᠬᠡᠮᠵᠢᠶ᠎ᠡ᠎ᠪᠡᠷ
ᠨᠡᠯᠢᠶᠡᠳ ᠥᠨᠳᠥᠷ ᠪᠠᠢᠬᠤ ᠡᠵᠡᠯᠡᠬᠦ ᠬᠠᠷᠢᠴᠠᠯ ᠦᠷᠭᠦᠯᠵᠢᠯᠡᠨ ᠳᠡᠭᠡᠭᠰᠢᠯᠡᠪᠡ᠃ ᠡᠭᠦᠨ᠎ᠡᠴᠡ ᠭᠠᠳᠠᠨ᠎ᠠ᠂ ᠰᠣᠷᠣᠭ᠍ᠴᠢ᠎ᠶᠢᠨ
ᠪᠡᠶ᠎ᠡ᠎ᠶᠢᠨ ᠥᠨᠳᠥᠷ᠂ ᠠᠭᠤᠰᠬᠢᠨ᠎ᠤ ᠠᠮᠢᠰᠬᠤᠯ᠎ᠤᠨ ᠪᠠᠭᠲᠠᠭᠠᠮᠵᠢ᠂ ᠬᠦᠴᠦ ᠲᠠᠮᠢᠷ ᠵᠡᠷᠭᠡ᠎ᠶᠢᠨ ᠥᠰᠦᠯᠲᠡ ᠪᠣᠶ᠋ᠢᠵᠢᠯᠲᠠ᠎ᠶᠢᠨ
ᠭᠦᠢᠴᠡᠳᠬᠡᠯ ᠲᠣᠭ᠎ᠠ ᠰᠠᠢᠵᠢᠷᠠᠬᠤ ᠬᠠᠨᠳᠤᠰᠢ᠎ᠲᠠᠢ ᠪᠣᠯᠵᠤ᠂ ᠮᠠᠷᠢᠶᠠᠯᠠᠬᠤ ᠨᠣᠷᠮ᠎ᠠ ᠪᠠ ᠬᠠᠷᠠᠭ᠎ᠠ ᠮᠠᠭᠤᠳᠠᠭᠰᠠᠨᠢ
ᠪᠠᠢᠴᠠᠭᠠᠨ ᠭᠠᠷᠭᠠᠬᠰᠠᠨ ᠨᠣᠷᠮ᠎ᠠ᠎ᠶᠢᠨ ᠳᠡᠭᠡᠭᠰᠢᠯᠡᠬᠦ ᠬᠠᠨᠳᠤᠰᠢ᠎ᠶᠢ ᠢᠯᠡᠳᠲᠡ ᠬᠢᠵᠠᠭᠠᠷᠯᠠᠪᠠ᠃
ᠰᠤᠷᠭᠠᠨ ᠬᠥᠮᠦᠵᠢᠯ ᠦᠨ ᠶᠠᠮᠤᠨ ᠤ
ᠬᠣᠯᠪᠣᠭᠳᠠᠯ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠣᠢᠷ᠎ᠠ᠎ᠶᠢᠨ ᠵᠢᠯ ᠦᠳ ᠲᠦ ᠡᠯ᠎ᠡ
ᠭᠠᠵᠠᠷ᠎ᠤᠨ ᠬᠢᠨ ᠰᠤᠷᠭᠠᠭᠤᠯᠢ᠎ᠶᠢᠨ ᠳᠣᠲᠣᠨ᠎ᠠ ᠭᠠᠳᠠᠨᠠᠬᠢ ᠬᠥᠮᠥᠨ ᠬᠥᠮᠥᠵᠢᠭᠦᠯᠬᠦ ᠠᠬᠤᠢ ᠪᠠᠢᠳᠠᠯ ᠢ᠋ ᠬᠠᠮᠳᠤᠳᠬᠠᠵᠤ᠂
ᠶᠣᠰᠣ᠌ ᠮᠤᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ ᠪᠥᠬᠥ ᠲᠠᠯ᠎ᠠ᠎ᠪᠠᠷ ᠬᠥᠭᠵᠢᠭᠰᠡᠨ
ᠬᠥᠮᠥᠨ ᠢ᠋ ᠬᠥᠮᠥᠵᠢᠭᠦᠯᠬᠦ ᠤᠷᠴᠢᠨ ᠨᠦᠬᠦᠴᠡᠯ᠎ᠢ ᠪᠣᠶ ᠪᠣᠯᠭᠠᠭᠰᠠᠨ ᠪᠠᠢᠨ᠎ᠠ᠃
ᠬᠤᠪᠢᠰᠬᠠᠯ᠎ᠤᠨ ᠰᠢᠨᠵᠢᠯᠡᠬᠦ
ᠤᠬᠠᠭᠠᠨ᠎ᠤ ᠰᠤᠳᠤᠯᠤᠯ᠂ ᠬᠥᠳᠡᠯᠮᠦᠷᠢ᠎ᠶᠢᠨ ᠦᠢᠯᠡᠳᠦᠯᠭᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠳᠦᠯᠭᠡ᠂
ᠪᠡᠶ᠎ᠡ᠎ᠶᠢᠨ ᠲᠠᠮᠢᠷ᠎ᠤᠨ ᠪᠤᠯᠪᠠᠰᠤᠷᠠᠯ ᠵᠡᠷᠭᠡ ᠪᠠᠶᠠᠯᠢᠭ᠋ ᠰᠠᠢᠬᠠᠨ ᠠᠵᠢᠯᠯᠠᠭ᠎ᠠ ᠨᠢ ᠵᠠᠯᠠᠭᠤᠴᠤᠳ ᠪᠠᠭᠠᠴᠤᠳ᠎ᠤᠨ
ᠠᠮᠠᠷᠠᠯᠲᠠ᠎ᠶᠢᠨ ᠬᠤᠭᠤᠴᠠᠭᠠᠨ ᠤ ᠠᠮᠢᠳᠤᠷᠠᠯ᠎ᠢ ᠪᠠᠶᠠᠯᠢᠭ᠍ᠵᠢᠭᠤᠯᠵᠤ᠂ ᠡᠯ᠎ᠡ ᠭᠠᠵᠠᠷ᠎ᠤᠨ ᠬᠢᠨ《ᠡᠷᠡᠭᠦᠯ ᠮᠡᠨᠳᠦ᠎ᠶᠢ ᠲᠡᠷᠢᠭᠦᠨ ᠳᠦ ᠲᠠᠯᠪᠢᠬᠤ》ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ᠎ᠶᠢᠨ ᠡᠳᠦᠷ
ᠪᠦᠷᠢ ᠶᠢᠨ ᠶᠡᠷᠦᠩᠬᠡᠢᠯᠡᠭᠰᠡᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ 2 ᠴᠠᠭ ᠪᠠᠢᠯᠭᠠᠬᠤ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂
15 ᠮᠢᠨᠦ᠋ᠲ᠎ᠤᠨ ᠬᠢᠴᠢᠶᠡᠯ ᠦᠨ ᠵᠠᠪᠰᠠᠷᠯᠠᠭ᠎ᠠ
ᠵᠢ ᠨᠡᠢᠳᠡᠮ ᠰᠦᠪᠡᠭᠴᠢᠯᠡᠨ ᠬᠡᠷᠡᠭᠵᠢᠭᠦᠯᠵᠦ᠂ 《ᠬᠦᠳᠡᠯᠭᠡᠭᠡᠨ
ᠬᠢᠭᠡᠳ ᠬᠥᠯᠥᠰᠦᠭᠠᠷᠬᠤ᠂ ᠴᠤᠭ ᠲᠡᠢ ᠵᠤᠯᠪᠤᠭ᠎ᠠ ᠲᠠᠢ》ᠪᠠᠢᠬᠤ ᠵᠢ
ᠪᠤᠳᠠᠳᠠᠢᠵᠢᠭᠤᠯᠵᠤ ᠪᠠᠢᠨ᠎ᠠ᠃