ᠨᠡᠢᠭᠡᠮ ᠎ᠦᠨ ᠳᠠᠭᠠᠳᠬᠠᠯ ᠎ᠤᠨ ᠦᠢᠯᠡᠰ ᠎ᠦᠨ ᠦᠢᠯᠡᠴᠢᠯᠡᠭᠡᠨ ᠎ᠦ ᠲᠥᠪ ᠰᠠᠨᠠᠭᠤᠯᠤᠮᠵᠢ ᠨᠡᠢᠳᠡᠯᠡᠪᠡ
2026-07-24 11:46:12
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ᠎ᠦᠨ《ᠬᠣᠲᠠ᠎ᠶᠢᠨ ᠨᠢᠭᠡ ᠯᠡ ᠳᠠᠨᠭᠰᠠᠨ ᠡᠷᠦᠬᠡ ᠪᠡᠷ ᠨᠡᠪᠳᠡᠷᠡᠬᠦ》 APP᠎ᠳᠤ ᠭᠠᠷ᠎ᠤᠨ ᠥᠰᠥᠭ ᠵᠢᠷᠤᠵᠤ ᠣᠯᠭᠣᠭᠰᠠᠨ ᠡᠯᠧᠺᠲᠷᠣᠨ ᠨᠡᠢᠭᠡᠮ᠎ᠦᠨ ᠳᠠᠭᠠᠳᠬᠠᠯ᠎ᠤᠨ ᠺᠠᠷᠲ ᠎ᠤᠨ ᠬᠡᠷᠡᠭᠯᠡᠭᠴᠢ᠎ᠶᠢᠨ ᠮᠡᠳᠡᠭᠡ ᠵᠠᠩᠭᠢ ᠵᠢ ᠨᠡᠭᠦᠯᠭᠡᠨ ᠰᠢᠯᠵᠢᠭᠦᠯᠬᠦ ᠲᠤᠬᠠᠢ ᠰᠠᠨᠠᠭᠤᠯᠤᠮᠵᠢ


《ᠬᠣᠲᠠ᠎ᠶᠢᠨ ᠨᠢᠭᠡ ᠯᠡ ᠳᠠᠨᠭᠰᠠᠨ ᠡᠷᠦᠬᠡ ᠪᠡᠷ ᠨᠡᠪᠳᠡᠷᠡᠬᠦ》 APP ᠵᠢᠨ ᠡᠯᠧᠺᠲᠷᠣᠨ ᠨᠡᠢᠭᠡᠮ᠎ᠦᠨ ᠳᠠᠭᠠᠳᠬᠠᠯ᠎ᠤᠨ ᠺᠠᠷᠲ ᠠᠪᠬᠤ᠎ᠪᠠᠷ ᠭᠤᠶᠤᠴᠢᠯᠠᠵᠤ ᠪᠠᠢᠭ᠎ᠠ ᠺᠠᠷᠲ ᠡᠵᠡᠮᠰᠢᠭᠴᠢ᠎ᠳᠦ

《ᠬᠣᠲᠠ᠎ᠶᠢᠨ ᠨᠢᠭᠡ ᠯᠡ ᠳᠠᠨᠭᠰᠠᠨ ᠡᠷᠦᠬᠡ ᠪᠡᠷ ᠨᠡᠪᠳᠡᠷᠡᠬᠦ》 APP ᠵᠢᠨ ᠡᠯᠧᠺᠲᠷᠣᠨ ᠨᠡᠢᠭᠡᠮ᠎ᠦᠨ ᠳᠠᠭᠠᠳᠬᠠᠯ᠎ᠤᠨ ᠺᠠᠷᠲ᠎ᠲᠤ ᠭᠠᠷ᠎ᠤᠨ ᠥᠰᠥᠭ ᠵᠢᠷᠤᠵᠤ ᠣᠯᠭᠣᠬᠤ ᠦᠢᠯᠡᠴᠢᠯᠡᠭᠡ᠎ᠶᠢ ᠨᠢᠭᠡᠨᠲᠡ ᠵᠣᠭᠰᠣᠭᠠᠭᠰᠠᠨ ᠪᠣᠯᠬᠣᠷ᠂ 《ᠡᠯᠧᠺᠲᠷᠣᠨ ᠨᠡᠢᠭᠡᠮ᠎ᠦᠨ ᠳᠠᠭᠠᠳᠬᠠᠯ᠎ᠤᠨ ᠺᠠᠷᠲ᠎ᠤᠨ ᠦᠢᠯᠡᠴᠢᠯᠡᠭᠡᠨ᠎ᠦ ᠠᠷᠭ᠎ᠠ ᠵᠠᠮ᠎ᠤᠨ ᠬᠠᠮᠢᠶᠠᠷᠤᠯᠲᠠ᠎ᠶᠢᠨ ᠠᠷᠭ᠎ᠠ(ᠲᠤᠷᠰᠢᠨ ᠬᠡᠷᠡᠭᠵᠢᠭᠦᠯᠬᠦ)》 ᠵᠢᠨ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠪᠡᠯ᠂ ᠲᠣᠰ ᠠᠷᠭ᠎ᠠ ᠵᠠᠮ᠎ᠢᠶᠠᠷ ᠳᠠᠮᠵᠢᠭᠤᠯᠤᠨ ᠡᠯᠧᠺᠲᠷᠣᠨ ᠨᠡᠢᠭᠡᠮ ᠎ᠦᠨ ᠳᠠᠭᠠᠳᠬᠠᠯ᠎ᠤᠨ ᠺᠠᠷᠲ ᠭᠤᠶᠤᠴᠢᠯᠠᠨ ᠠᠪᠤᠭᠰᠠᠨ ᠬᠡᠷᠡᠭᠯᠡᠭᠴᠢ᠎ᠶᠢᠨ ᠮᠡᠳᠡᠭᠡ ᠵᠠᠩᠭᠢ᠎ᠶᠢ ᠰᠢᠯᠵᠢᠬᠦᠯᠬᠦ ᠴᠢᠬᠤᠯᠠᠲᠠᠢ ᠪᠠᠢᠨ᠎ᠠ᠃ ᠬᠡᠷᠡᠭᠯᠡᠭᠴᠢ᠎ᠶᠢᠨ ᠡᠯᠧᠺᠲᠷᠣᠨ ᠨᠡᠢᠭᠡᠮ᠎ᠦᠨ ᠳᠠᠭᠠᠳᠬᠠᠯ᠎ᠤᠨ ᠺᠠᠷᠲ᠎ᠤᠨ ᠦᠢᠯᠡᠴᠢᠯᠡᠭᠡ᠎ᠶᠢᠨ ᠦᠷᠭᠦᠯᠵᠢᠯᠡᠬᠦ ᠴᠢᠨᠠᠷ᠎ᠢ ᠪᠠᠲᠤᠯᠠᠬᠤ᠎ᠶᠢᠨ ᠲᠥᠯᠥᠭᠡ᠂ 《ᠬᠣᠲᠠ᠎ᠶᠢᠨ ᠨᠢᠭᠡ ᠯᠡ ᠳᠠᠨᠭᠰᠠᠨ ᠡᠷᠦᠬᠡ ᠪᠡᠷ ᠨᠡᠪᠳᠡᠷᠡᠬᠦ》 APP ᠪᠡᠷ  ᠴᠣᠷ᠎ᠤᠨ ᠭᠠᠭᠴᠠ ᠠᠷᠭ᠎ᠠ ᠵᠠᠮ ᠪᠤᠯᠭᠠᠨ ᠭᠠᠷ᠎ᠤᠨ ᠥᠰᠥᠭ ᠵᠢᠷᠤᠵᠤ ᠺᠠᠷᠲ ᠣᠯᠭᠤᠭᠰᠠᠨ ᠬᠡᠷᠡᠭᠯᠡᠭᠴᠢ ᠵᠢᠨ ᠡᠯᠧᠺᠲᠷᠣᠨ ᠨᠡᠢᠭᠡᠮ᠎ᠦᠨ ᠳᠠᠭᠠᠳᠬᠠᠯ᠎ᠤᠨ ᠺᠠᠷᠲ᠎ᠤᠨ ᠮᠡᠳᠡᠭᠡ ᠵᠠᠩᠭᠢ᠎ᠶᠢ ᡁᠢ ᠹᠦ ᠪᠤᠤ ᠵᠢᠨ ᠵᠢᠵᠢᠭ ᠫᠷᠣᠭ᠌ᠷᠠᠮ᠎ᠳᠤ ᠰᠢᠯᠵᠢᠭᠦᠯᠦᠨ᠎ᠡ᠂ ᠵᠢᠱ᠌ᠢᠯᠲᠡ᠎ᠪᠡᠷ ᠰᠢᠯᠵᠢᠬᠦᠯᠬᠦ ᠠᠵᠢᠯ᠎ᠢ 2026 ᠣᠨ᠎ᠤ 7 ᠰᠠᠷ᠎ᠠ᠎ᠶᠢᠨ 24᠎ᠦ ᠡᠳᠦᠷ ᠳᠠᠭᠤᠰᠬᠠᠨ᠎ᠠ᠂ ᠲᠤᠬᠠᠢ᠎ᠶᠢᠨ ᠴᠠᠭ᠎ᠲᠤ ᠬᠡᠷᠡᠭᠯᠡᠭᠴᠢ ᠲᠣᠰ ᠵᠢᠵᠢᠭ ᠫᠷᠣᠭ᠌ᠷᠠᠮ᠎ᠳᠤ ᠤᠷᠤᠬᠤ᠎ᠶᠢᠨ ᠬᠠᠮᠲᠤ ᠡᠷᠬᠡ ᠣᠯᠭᠣᠯᠲᠠ᠎ᠶᠢ ᠭᠦᠢᠴᠡᠳᠭᠡᠭᠰᠡᠨ᠎ᠦ ᠳᠠᠷᠠᠭ᠎ᠠ ᠬᠣᠯᠪᠣᠭᠳᠠᠯ ᠪᠦᠬᠦᠢ ᠦᠢᠯᠡᠴᠢᠯᠡᠭᠡ᠎ᠶᠢ ᠬᠡᠪ᠎ᠦᠨ ᠶᠣᠰᠣᠭᠠᠷ ᠬᠡᠷᠡᠭᠯᠡᠵᠦ ᠪᠣᠯᠣᠨ᠎ᠠ᠃

 

2026 ᠣᠨ ᠎ᠤ 7 ᠰᠠᠷ᠎ᠠ᠎ᠶᠢᠨ 22᠎ᠤᠨ ᠡᠳᠦᠷ

ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠨᠡᠢᠭᠡᠮ᠎ᠦᠨ

ᠳᠠᠭᠠᠳᠬᠠᠯ  ᠎ᠤᠨ   ᠦᠢᠯᠡᠰ  ᠎ᠦᠨ   ᠦᠢᠯᠡᠴᠢᠯᠡᠭᠡᠨ ᠎ᠦ   ᠲᠥᠪ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号