ᠰᠢᠨᠵᠢᠶᠠᠡᠭ ᠬᠦᠷᠬᠦ ᠠᠩᠬᠠᠨ ᠎ᠤ ᠵᠢᠭᠤᠯᠴᠢᠯᠠᠯ ᠎ᠤᠨ ᠲᠤᠰᠬᠠᠶ ᠴᠤᠪᠤᠭ᠎ᠠ ᠲᠡᠷᠭᠡ ᠠᠶᠠᠯᠠᠯ᠎ᠠ
2026-07-24 12:31:59
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠎ᠤᠨ ᠡᠨᠡ ᠵᠢᠯ ᠎ᠦᠨ ᠠᠩᠬᠠᠨ ᠎ᠤ ᠡᠭᠡᠯᠵᠢ᠎ᠶᠢᠨ ᠰᠢᠨᠵᠢᠶᠠᠩ᠎ᠤᠨ ᠴᠢᠭᠯᠡᠯ ᠎ᠦᠨ ᠵᠢᠭᠤᠯᠴᠢᠯᠠᠯ ᠎ᠤᠨ ᠲᠤᠰᠬᠠᠶ ᠭᠠᠯᠲᠤ᠌ ᠲᠡᠷᠭᠡ — Y35 ᠡᠭᠡᠯᠵᠢ᠎ᠶᠢᠨ ᠵᠢᠭᠤᠯᠴᠢᠯᠠᠯ᠎ᠤᠨ ᠲᠤᠰᠬᠠᠶ ᠭᠠᠯᠲᠤ᠌ ᠲᠡᠷᠭᠡ 7 ᠰᠠᠷ᠎ᠠ ᠵᠢᠨ 21᠎ᠤ ᠡᠳᠦᠷ᠎ᠤᠨ 13 ᠴᠠᠭ 25 ᠮᠢᠨᠦ᠋ᠲ ᠲᠸ᠋ ᠬᠥᠬᠡᠬᠣᠲᠠ᠎ᠶᠢᠨ ᠵᠡᠭᠦᠨ ᠥᠷᠲᠡᠭᠡ᠎ᠡᠴᠡ ᠠᠯᠭᠤᠷᠬᠠᠨ ᠬᠦᠳᠡᠯᠵᠦ᠂ ᠬᠥᠬᠡᠬᠣᠲᠠ᠂ ᠪᠤᠭᠤᠲᠤ᠌᠂ ᠣᠷᠳᠣᠰ ᠵᠡᠷᠭᠡ ᠭᠠᠵᠠᠷ᠎ᠤᠨ 774 ᠠᠶᠠᠨᠴᠢᠨ ᠲᠤᠰᠬᠠᠶ ᠭᠠᠯᠲᠤ᠌ ᠲᠡᠷᠭᠡᠨ᠎ᠳᠦ ᠰᠠᠭᠤᠵᠤ ᠦᠵᠡᠰᠬᠦᠯᠡᠩᠲᠦ᠍ ᠰᠠᠶ᠋ᠢᠬᠠᠨ ᠰᠢᠨᠵᠢᠶᠠᠩ᠎ᠵᠢᠠᠷ ᠳᠤᠭᠤᠷᠢᠨ ᠠᠶᠠᠯᠠᠬᠤ ᠵᠢᠭᠤᠯᠴᠢᠯᠠᠯ ᠵᠢᠠᠨ ᠡᠬᠢᠯᠡᠭᠦᠯᠪᠡ᠃

ᠣᠶ᠋ᠢᠯᠠᠭᠠᠭᠰᠠᠨ᠎ᠢᠶᠠᠷ᠂ ᠲᠣᠰ ᠤᠳᠠᠭᠠᠨ᠎ᠤ ᠵᠢᠭᠤᠯᠴᠢᠯᠠᠯ᠎ᠤᠨ ᠲᠤᠰᠬᠠᠶ ᠴᠤᠪᠤᠭ᠎ᠠ ᠲᠡᠷᠭᠡ ᠨᠢ ᠥᠪᠥᠷ ᠮᠣᠩᠭᠣᠯ᠂ ᠨᠢᠩᠰᠢᠶᠠ᠂ ᠭᠠᠨᠰᠦ᠂ ᠰᠢᠨᠵᠢᠶᠠᠩ ᠳᠥᠷᠪᠡᠨ ᠮᠤᠵᠢ ᠣᠷᠣᠨ᠎ᠢ ᠰᠤᠨᠳᠠᠯᠠᠵᠤ᠂ ᠵᠠᠮ ᠳᠠᠭᠠᠤ ᠲᠠᠯ᠎ᠠ ᠨᠤᠲᠤᠭ ᠨᠤᠭᠤ ᠭᠠᠵᠠᠷ᠂ ᠡᠯᠡᠰᠦᠨ ᠴᠥᠯ ᠭᠣᠪᠢ᠂ ᠨᠠᠭᠤᠷ ᠴᠥᠭᠥᠷᠥᠮ ᠭᠤᠤᠯ ᠮᠥᠷᠡᠨ᠂ ᠴᠠᠰᠤᠲᠤ᠌ ᠠᠭᠤᠯᠠ᠎ᠶᠢᠨ ᠮᠥᠰᠥᠲᠦᠯᠭᠡ᠂ ᠲᠡᠦᠬᠡ᠎ᠶᠢᠨ ᠡᠷᠲᠡᠨ᠎ᠦ ᠬᠣᠲᠠ ᠵᠡᠷᠭᠡ ᠣᠯᠠᠨ ᠡᠰᠢᠲᠦ᠍ ᠪᠠᠶ᠋ᠢᠭᠠᠯᠢ᠎ᠶᠢᠨ ᠦᠵᠡᠮᠵᠢ ᠪᠠ ᠥᠪᠡᠷᠮᠢᠴᠡ ᠣᠨᠴᠠᠯᠢᠭ᠎ᠲᠠᠶ ᠠᠷᠠᠳ᠎ᠤᠨ ᠵᠠᠩ ᠦᠢᠯᠡ᠎ᠶᠢᠨ ᠠᠬᠤᠶ ᠪᠠᠶ᠋ᠢᠳᠠᠯ᠎ᠢ ᠪᠦᠷᠢᠯᠳᠦᠭᠦᠯᠵᠡᠶ᠃ ᠡᠨᠡ ᠤᠳᠠᠭᠠᠨ᠎ᠤ ᠵᠢᠭᠤᠯᠴᠢᠯᠠᠯ᠎ᠤᠨ ᠲᠤᠰᠬᠠᠶ ᠭᠠᠯᠲᠤ᠌ ᠲᠡᠷᠭᠡᠨ᠎ᠳᠦ ᠨᠡᠶ᠋ᠢᠲᠡ 17 ᠸᠠᠭᠤᠨ ᠪᠠᠶ᠋ᠢᠵᠤ᠂ ᠠᠭᠠᠷ ᠲᠣᠬᠢᠷᠠᠭᠤᠯᠤᠭᠴᠢ᠎ᠲᠠᠶ ᠬᠡᠪᠲᠡᠬᠦ᠌ ᠣᠷᠣ᠎ᠲᠠᠶ ᠸᠠᠭᠣᠨ᠎ᠢ ᠬᠡᠷᠡᠭᠯᠡᠵᠦ᠍᠂ ᠵᠥᠭᠡᠯᠡᠨ ᠣᠷᠣ᠂ ᠬᠠᠲᠠᠭᠤ ᠣᠷᠣ᠎ᠶᠢᠨ ᠣᠯᠠᠨ ᠶᠠᠩᠵᠤ᠎ᠶᠢᠨ ᠰᠣᠩᠭᠣᠯᠲᠠ ᠬᠠᠩᠭᠠᠵᠤ᠂ 《ᠨᠢᠭᠡ ᠤᠷᠤ ᠪᠡᠷ ᠳᠤᠯᠳᠠᠯ᠎ᠠ ᠠᠶᠠᠯᠠᠬᠤ᠂ ᠲᠡᠷᠭᠡ ᠬᠥᠮᠦᠨ᠎ᠢ ᠳᠠᠭᠠᠵᠤ ᠶᠠᠪᠤᠬᠤ᠂ ᠡᠳᠦᠷ ᠵᠤᠭᠠᠯᠠᠵᠤ ᠰᠦᠨᠢ ᠠᠶᠠᠯᠠᠬᠤ》ᠵᠠᠭᠪᠤᠷ᠎ᠢ ᠬᠡᠷᠡᠭᠯᠡᠵᠦ᠍᠂ ᠠᠶᠠᠨᠴᠢᠳ ᠪᠥᠬᠥ᠌ ᠶᠠᠪᠤᠴᠠ᠎ᠳᠤ ᠤᠷᠤ ᠰᠣᠯᠢᠬᠤ ᠴᠢᠬᠤᠯᠠ ᠥᠬᠡᠶ᠂ ᠲᠣᠮᠣ ᠪᠣᠭᠣᠳᠠᠯ ᠪᠠᠭᠯᠠᠭ᠎ᠠ᠎ᠶᠢ ᠲᠡᠷᠭᠡᠨ ᠳᠡᠭᠡᠷ᠎ᠡ ᠬᠠᠳᠠᠭᠠᠯᠠᠵᠤ᠂《ᠬᠥᠩᠭᠡᠨ ᠠᠶᠠᠯᠠᠬᠤ》 ᠵᠢ ᠪᠡᠶᠡᠯᠡᠭᠦᠯᠪᠡ᠃ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ ᠲᠣᠪᠴᠢᠶ᠎ᠠ 《ᠦᠳᠡᠰᠢ ᠮᠣᠷᠳᠠᠵᠤ ᠥᠷᠯᠥᠭᠡ ᠬᠥᠷᠬᠥ᠌》ᠠᠵᠢᠯᠯᠠᠭᠠᠨ ᠎ᠤ ᠵᠠᠭᠪᠤᠷ᠎ᠢ ᠬᠡᠷᠡᠭᠯᠡᠨ᠂ ᠲᠡᠷᠭᠡ ᠶᠠᠪᠤᠬᠤ ᠵᠠᠮ ᠱᠤᠭᠤᠮ ᠪᠠ ᠴᠠᠭ ᠮᠥᠴᠡ᠎ᠶᠢ ᠰᠢᠯᠢᠳᠡᠭᠵᠢᠭᠦᠯᠵᠦ᠍᠂ ᠠᠶᠠᠯᠠᠯ᠎ᠤᠨ ᠴᠠᠭ᠎ᠢ ᠪᠣᠭᠣᠨᠢᠰᠬᠠᠨ᠂ ᠵᠢᠭᠤᠯᠴᠢᠯᠠᠯ᠎ᠤᠨ ᠵᠠᠮ ᠱᠤᠭᠤᠮ᠎ᠤᠨ ᠲᠥᠯᠥᠪᠵᠢᠭᠦᠯᠭᠡ᠂ ᠠᠶᠠᠨᠴᠢᠳ᠎ᠢ ᠭᠥᠯᠢᠶᠡᠨ ᠠᠪᠬᠤ᠂ ᠵᠢᠭᠤᠯᠴᠢᠯᠠᠯ᠎ᠤᠨ ᠦᠢᠯᠡᠴᠢᠯᠡᠭᠡ᠂ ᠲᠡᠭᠡᠭᠡᠪᠦᠷᠢ᠎ᠶᠢᠨ ᠵᠠᠯᠭᠠᠯᠲᠠ ᠵᠡᠷᠭᠡ ᠪᠥᠬᠥ᠌ ᠬᠡᠯᠬᠢᠶᠡᠨ᠎ᠦ ᠦᠢᠯᠡᠴᠢᠯᠡᠭᠡᠨ᠎ᠦ ᠪᠠᠲᠤᠯᠠᠭ᠎ᠠ᠎ᠶᠢᠨ ᠠᠵᠢᠯ᠎ᠢ ᠨᠠᠷᠢᠨ ᠨᠢᠮᠪᠠᠶ ᠰᠠᠶ᠋ᠢᠲᠤᠷ ᠬᠢᠪᠠ᠃ ᠬᠡᠷ ᠪᠦᠯᠢ ᠦᠷ᠎ᠡ ᠬᠡᠦᠬᠡᠳ᠂ ᠨᠠᠰᠤᠲᠠᠶ᠋ᠢᠴᠤᠳ᠎ᠤᠨ ᠰᠡᠯᠡᠭᠦᠴᠡᠯ᠎ᠢᠶᠡᠷ ᠭᠤᠤᠯ ᠪᠣᠯᠭᠠᠭᠰᠠᠨ ᠠᠶᠠᠨᠴᠢᠳ᠎ᠤᠨ ᠪᠦᠯᠦᠭᠵᠢᠯ᠎ᠤᠨ ᠣᠨᠴᠠᠯᠢᠭ᠎ᠲᠤ᠌ ᠴᠢᠭᠯᠡᠭᠦᠯᠦᠨ᠂ ᠲᠤᠰᠬᠠᠶ ᠴᠤᠪᠤᠭ᠎ᠠ ᠲᠡᠷᠭᠡᠨ᠎ᠳᠦ ᠨᠠᠰᠤᠵᠢᠯᠲᠠ᠎ᠳᠤ ᠳᠣᠭᠢᠷᠠᠬᠤ᠂ ᠵᠢᠭᠤᠯᠴᠢᠯᠠᠯ᠎ᠳᠤ ᠳᠣᠭᠢᠷᠠᠬᠤ ᠥᠭᠡᠷᠡᠴᠢᠯᠡᠯᠲᠡ ᠬᠢᠵᠦ᠍᠂ ᠨᠢᠭᠡ ᠳᠠᠷᠤᠪᠴᠢᠲᠤ᠌ ᠳᠠᠭᠤᠳᠠᠭᠤᠷ᠂ ᠴᠠᠬᠢᠯᠭᠠᠨ ᠴᠡᠨᠡᠭᠯᠡᠬᠦᠷ᠂ ᠤᠨᠠᠬᠤ ᠡᠴᠡ ᠰᠡᠷᠭᠡᠶ᠋ᠢᠯᠡᠬᠦ᠌ ᠲᠦᠰᠢᠭᠦᠷ ᠵᠡᠷᠭᠡ ᠲᠣᠨᠣᠭ ᠲᠥᠬᠥᠭᠡᠷᠦᠮᠵᠢ᠎ᠶᠢ ᠨᠠᠮᠠᠨ ᠤᠭᠰᠠᠷᠠᠵᠤ᠂ ᠲᠤᠰᠬᠠᠶ ᠣᠨᠴᠠᠯᠢᠭᠲᠤ᠌ ᠦᠢᠯᠡᠴᠢᠯᠡᠭᠡ᠎ᠶᠢ ᠪᠣᠶ ᠪᠣᠯᠭᠠᠵᠤ᠂ ᠲᠤᠰᠬᠠᠶ ᠵᠠᠮᠴᠢᠯᠠᠭᠴᠢ ᠪᠥᠬᠥ᠌ ᠶᠠᠪᠤᠴᠠ᠎ᠳᠤ ᠪᠠᠷ᠎ᠠ ᠪᠣᠯᠵᠣ᠂ ᠡᠷᠡᠭᠦᠯᠵᠢᠯ᠎ᠦᠨ ᠡᠮᠴᠢ ᠲᠡᠷᠭᠡᠨ ᠳᠡᠭᠡᠷ᠎ᠡ ᠳᠠᠭᠠᠵᠤ ᠠᠶᠠᠯᠠᠯ ᠬᠠᠮᠠᠭᠠᠯᠠᠨ᠂ ᠣᠷᠣ ᠳᠡᠪᠢᠰᠬᠡᠷ᠎ᠢ ᠨᠢᠭᠡᠳᠦᠯᠲᠡᠶ ᠲᠥᠯᠥᠪᠵᠢᠭᠦᠯᠦᠨ ᠪᠠᠶ᠋ᠢᠷᠢᠰᠢᠭᠤᠯᠵᠤ᠂ ᠲᠥᠷᠥᠯ ᠰᠠᠳᠤᠨ ᠨᠠᠶ᠋ᠢᠵᠠ ᠨᠥᠬᠥᠳ᠎ᠵᠢᠠᠷ᠎ᠢᠶᠡᠨ ᠣᠶ᠋ᠢᠷ᠎ᠠ ᠬᠠᠪᠢ᠎ᠳᠠᠭᠠᠨ ᠰᠠᠭᠤᠬᠤ ᠬᠡᠷᠡᠭᠴᠡᠭᠡ ᠱᠠᠭᠠᠷᠳᠠᠯᠭ᠎ᠠ᠎ᠶᠢ ᠤᠷᠢᠳ ᠵᠢᠠᠷ ᠬᠠᠩᠭᠠᠵᠤ᠂ ᠣᠨᠴᠠᠯᠢᠭᠲᠤ᠌ ᠬᠣᠭᠣᠯᠠ ᠤᠮᠳᠠ᠂ ᠤᠢᠷ᠎ᠠ ᠬᠠᠷᠠᠭ᠎ᠠ ᠵᠢᠨ ᠰᠢᠯ᠂ ᠴᠠᠬᠢᠯᠭᠠᠨ ᠴᠡᠨᠡᠭᠯᠡᠬᠦᠷ᠂ ᠲᠥᠬᠥᠮ ᠠᠪᠰᠠᠷ ᠲᠠᠶᠠᠭ᠂ ᠦᠢᠯᠡᠴᠢᠯᠡᠭᠡᠨ᠎ᠦ ᠪᠣᠭᠴᠣ ᠵᠡᠷᠭᠡ ᠠᠷᠠᠳ᠎ᠲᠤ᠌ ᠲᠥᠬᠥᠮ ᠦᠵᠡᠭᠦᠯᠬᠦ᠌ ᠡᠳ᠋ ᠪᠣᠳᠠᠰ᠎ᠢ ᠪᠠᠢᠡᠭᠭᠤ ᠵᠢᠨ ᠴᠢᠨᠠᠷᠳᠠᠢ ᠬᠠᠡᠭᠭᠠᠵᠤ᠂ ᠵᠢᠭᠤᠯᠴᠢᠯᠠᠭᠰᠠᠳ᠎ᠤᠨ ᠰᠠᠨᠠᠭ᠎ᠠ ᠠᠮᠤᠷ ᠠᠶᠠᠯᠠᠵᠤ ᠵᠢᠭᠤᠯᠴᠢᠯᠠᠬᠤ ᠵᠢ ᠪᠦᠭᠦ ᠭᠦᠴᠦᠨ ᠵᠢᠠᠷ ᠪᠠᠳᠤᠯᠠᠵᠤ ᠪᠤᠢ᠃

ᠵᠢᠭᠤᠯᠴᠢᠯᠠᠯ᠎ᠤᠨ ᠵᠠᠬ᠎ᠠ ᠳᠡᠯᠭᠡᠭᠦᠷ ᠵᠢᠴᠢ ᠠᠷᠠᠳ ᠣᠯᠠᠨ᠎ᠤ ᠡᠳᠦᠷ ᠢᠷᠡᠬᠦᠶ᠎ᠡ ᠣᠯᠠᠨ ᠶᠠᠩᠵᠤ᠎ᠶᠢᠨ ᠬᠢ ᠪᠣᠯᠵᠣ ᠪᠠᠶ᠋ᠢᠭ᠎ᠠ ᠶᠠᠪᠤᠵᠤ ᠰᠠᠭᠤᠬᠤ ᠬᠡᠷᠡᠭᠴᠡᠭᠡ᠎ᠳᠦ ᠴᠢᠭᠯᠡᠭᠦᠯᠦᠨ᠂ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ ᠲᠣᠪᠴᠢᠶ᠎ᠠ ᠪᠠᠰᠠ ᠣᠯᠠᠨ ᠤᠳᠠᠭᠠᠨ᠎ᠤ ᠴᠢᠨᠠᠷ ᠰᠠᠶ᠋ᠢᠲᠠᠶ ᠵᠢᠭᠤᠯᠴᠢᠯᠠᠯ᠎ᠤᠨ ᠲᠤᠰᠬᠠᠶ ᠴᠤᠪᠤᠭ᠎ᠠ ᠲᠡᠷᠭᠡ ᠶᠠᠪᠤᠭᠤᠯᠬᠤ᠎ᠪᠠᠷ ᠲᠥᠯᠥᠪᠯᠡᠵᠦ᠍᠂ ᠠᠳᠠᠯᠢ ᠪᠤᠰᠤ ᠵᠢᠭᠤᠯᠴᠢᠯᠠᠭᠰᠠᠳ᠎ᠤᠨ ᠵᠣᠨ᠎ᠤ ᠠᠮᠠᠷᠠᠯᠲᠠ ᠵᠢᠴᠢ ᠨᠠᠮᠤᠷ ᠎ᠤᠨ ᠤᠯᠠᠷᠢᠯ᠎ᠤᠨ ᠵᠢᠭᠤᠯᠴᠢᠯᠠᠯ᠎ᠤᠨ ᠬᠡᠷᠡᠭᠴᠡᠭᠡ᠎ᠶᠢ ᠬᠠᠩᠭᠠᠵᠤ᠂ ᠣᠷᠣᠨ ᠪᠦᠰᠡ ᠎ᠶᠢᠨ ᠠᠵᠤ ᠠᠬᠤᠶ ᠬᠢᠭᠡᠳ ᠰᠣᠶᠣᠯ ᠵᠢᠭᠤᠯᠴᠢᠯᠠᠯ᠎ᠤᠨ ᠠᠵᠤ ᠦᠢᠯᠡᠰ ᠎ᠦᠨ ᠠᠭᠤᠰᠤᠯᠴᠠᠨ ᠬᠥᠭᠵᠢᠬᠦ᠌ ᠎ᠳᠦ ᠬᠦᠴᠦᠨ ᠨᠡᠮᠡᠷᠢᠯᠡᠬᠦ᠌ ᠪᠣᠯᠤᠨ᠎ᠠ᠃

 

ᠢᠷᠡᠯᠲᠡ ᠄ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ

ᠲᠣᠪᠴᠢᠶ᠎ᠠ ᠎ᠶᠢᠨ  ᠪᠦᠯᠦᠭᠯᠡᠯ ᠎ᠦᠨ  ᠬᠢᠵᠠᠭᠠᠷᠲᠤ᠌  ᠺᠣᠮᠫᠠᠨᠢ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号