ᠤᠰᠤ ᠠᠪᠬᠤ ᠡᠷᠬᠡ᠎ᠶᠢᠨ ᠥᠯᠥ᠍ ᠬᠥᠳᠡᠯᠬᠦ᠌ ᠬᠥᠷᠥᠩᠭᠡ ᠵᠢᠨ ᠡᠷᠬᠡ ᠵᠢᠨ ᠠᠩᠬᠠᠨ᠎ᠤ ᠦᠨᠡᠮᠯᠡᠯ᠎ᠢ ᠲᠦᠩᠯᠢᠶᠣᠤ᠎ᠳᠤ ᠲᠠᠷᠬᠠᠭᠠᠪᠠ
2026-07-24 12:52:05
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 20᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠪᠬᠤ ᠡᠷᠬᠡ᠎ᠶᠢᠨ ᠥᠯᠥ᠍ ᠬᠥᠳᠡᠯᠬᠦ᠌ ᠬᠥᠷᠥᠩᠭᠡ᠎ᠶᠢᠨ ᠠᠩᠬᠠᠨ᠎ᠤ ᠦᠨᠡᠮᠯᠡᠯ᠎ᠢ ᠲᠦᠩᠯᠢᠶᠣᠤ ᠬᠣᠲᠠ᠎ᠳᠤ ᠣᠯᠭᠣᠵᠤ᠂ ᠡᠨᠡ ᠨᠢ ᠲᠦᠩᠯᠢᠶᠣᠤ ᠬᠣᠲᠠ᠎ᠶᠢᠨ ᠪᠠᠶ᠋ᠢᠭᠠᠯᠢ᠎ᠶᠢᠨ ᠡᠬᠢ ᠪᠠᠶᠠᠯᠢᠭ᠎ᠤᠨ ᠡᠷᠬᠡ᠎ᠶᠢ ᠨᠤᠲᠠᠯᠠᠨ ᠲᠣᠭᠲᠠᠭᠠᠵᠤ ᠳᠡᠩᠰᠡᠯᠡᠨ ᠲᠡᠮᠳᠡᠭᠯᠡᠬᠦ᠌ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠠᠵᠢᠯ ᠴᠢᠬᠤᠯᠠ ᠶᠡᠬᠡ ᠰᠢᠪᠲᠤᠯᠤᠯᠲᠠ᠎ᠲᠠᠶ ᠪᠣᠯᠤᠭᠰᠠᠨ᠎ᠢ ᠬᠠᠷᠠᠭᠤᠯᠵᠤ᠂ ᠮᠥᠨ ᠴᠦ᠍ ᠪᠥᠬᠥ᠌ ᠣᠷᠣᠨ᠎ᠤ ᠤᠰᠤᠨ᠎ᠤ ᠡᠬᠢ ᠪᠠᠶᠠᠯᠢᠭ᠎ᠢ ᠡᠳ᠋ ᠬᠥᠷᠥᠩᠭᠡᠵᠢᠭᠦᠯᠦᠨ ᠬᠠᠮᠢᠶᠠᠷᠬᠤ᠎ᠳᠤ ᠬᠠᠭᠤᠯᠪᠤᠷᠢᠯᠠᠵᠤ ᠪᠣᠯᠬᠤ ᠠᠷᠭ᠎ᠠ ᠵᠠᠮ᠎ᠢ ᠬᠠᠶ᠋ᠢᠨ ᠰᠦᠪᠡᠭᠴᠢᠯᠡᠪᠡ᠃

ᠲᠣᠰ ᠦᠨᠡᠮᠯᠡᠯ ᠨᠢ ᠤᠰᠤᠨ᠎ᠤ ᠡᠬᠢ ᠪᠠᠶᠠᠯᠢᠭ᠎ᠲᠤ᠌ ᠬᠠᠤᠯᠢ᠎ᠪᠠᠷ ᠲᠣᠭᠲᠠᠭᠠᠭᠰᠠᠨ《ᠥᠮᠴᠢᠯᠡᠬᠦ᠌ ᠡᠷᠬᠡ᠎ᠶᠢᠨ ᠪᠡᠶ᠎ᠡ᠎ᠶᠢᠨ ᠦᠨᠡᠮᠯᠡᠯ》 ᠣᠯᠭᠣᠵᠤ᠂ ᠤᠰᠤ ᠠᠪᠬᠤ ᠡᠷᠬᠡᠲᠦ᠍ ᠬᠥᠮᠦᠨ᠂ ᠣᠷᠣᠨ ᠪᠠᠶ᠋ᠢᠷᠢ᠂ ᠬᠡᠷᠡᠭᠯᠡᠬᠦ᠌ ᠬᠤᠭᠤᠴᠠᠭ᠎ᠠ᠂ ᠤᠰᠤ ᠠᠪᠬᠤ ᠬᠡᠮᠵᠢᠶ᠎ᠡ᠂ ᠤᠰᠤᠨ᠎ᠤ ᠡᠬᠢ ᠰᠤᠷᠪᠤᠯᠵᠢ᠎ᠶᠢᠨ ᠲᠥᠷᠥᠯ ᠬᠡᠯᠪᠡᠷᠢ᠂ ᠤᠰᠤ ᠠᠪᠬᠤ ᠲᠥᠷᠥᠯ ᠬᠡᠯᠪᠡᠷᠢ ᠵᠡᠷᠭᠡ ᠭᠤᠤᠯ ᠮᠡᠳᠡᠭᠡ ᠵᠠᠩᠭᠢ᠎ᠶᠢ ᠢᠯᠡᠷᠬᠡᠢ ᠲᠣᠳᠣᠷᠬᠠᠶ᠋ᠢᠯᠠᠵᠤ᠂ ᠤᠰᠤ ᠠᠪᠬᠤ ᠡᠷᠬᠡᠲᠦ᠍ ᠬᠥᠮᠦᠨ᠎ᠦ ᠬᠠᠤᠯᠢ ᠶᠣᠰᠣᠨ᠎ᠤ ᠡᠷᠬᠡ ᠠᠰᠢᠭ᠎ᠢ ᠪᠦᠲᠦᠮᠵᠢᠲᠡᠶ ᠪᠠᠲᠤᠯᠠᠵᠤ᠂ ᠤᠰᠤᠨ᠎ᠤ ᠡᠬᠢ ᠪᠠᠶᠠᠯᠢᠭ᠎ᠢ ᠪᠠᠶ᠋ᠢᠭᠠᠯᠢ᠎ᠶᠢᠨ ᠡᠬᠢ ᠪᠠᠶᠠᠯᠢᠭ᠎ᠡᠴᠠ ᠨᠢ ᠬᠡᠮᠵᠢᠶᠡᠯᠡᠵᠦ᠍ ᠪᠣᠯᠬᠤ᠂ ᠠᠮᠢᠳᠤᠯᠢᠭ ᠪᠣᠯᠭᠠᠵᠤ ᠪᠣᠯᠬᠤ᠂ ᠥᠷᠲᠡᠭ ᠨᠡᠮᠡᠭᠳᠡᠭᠦᠯᠵᠦ᠍ ᠪᠣᠯᠬᠤ ᠠᠮᠢ ᠠᠬᠤᠶ᠎ᠶᠢᠨ ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠤᠰᠤᠨ᠎ᠤ ᠡᠬᠢ ᠪᠠᠶᠠᠯᠢᠭ᠎ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ᠎ᠶᠢᠨ ᠬᠢᠷᠢ ᠲᠦᠪᠰᠢᠨ᠎ᠢ ᠬᠦᠴᠦᠲᠡᠶ ᠳᠡᠭᠡᠭᠰᠢᠯᠡᠭᠦᠯᠬᠦ᠌ ᠪᠣᠯᠤᠨ᠎ᠠ᠃

《ᠤᠰᠤ ᠠᠪᠬᠤ ᠡᠷᠬᠡ᠎ᠶᠢᠨ ᠥᠯᠥ᠍ ᠬᠥᠳᠡᠯᠬᠦ᠌ ᠬᠥᠷᠥᠩᠭᠡ᠎ᠶᠢᠨ ᠡᠷᠬᠡ᠎ᠶᠢᠨ ᠦᠨᠡᠮᠯᠡᠯ᠎ᠲᠡᠶ ᠪᠣᠯᠪᠠᠯ᠂ ᠤᠰᠤ ᠠᠪᠬᠤ ᠡᠷᠬᠡ ᠨᠢ ᠳᠠᠷᠤᠶ ᠦᠨᠡᠨ ᠪᠣᠳᠠᠲᠠᠶ ᠠᠵᠤ ᠠᠬᠤᠶ᠋ᠢᠯᠠᠯ᠎ᠤᠨ ᠡᠳ᠋ ᠬᠥᠷᠥᠩᠭᠡ ᠪᠣᠯᠵᠣ᠂ ᠪᠠᠷᠢᠴᠠᠭᠠᠯᠠᠵᠤ ᠪᠠᠯᠠ ᠳᠣᠭᠢᠷᠠᠭᠤᠯᠬᠤ ᠪᠠ ᠤᠰᠤᠨ᠎ᠤ ᠡᠷᠬᠡ᠎ᠶᠢ ᠡᠷᠭᠢᠯᠳᠦᠭᠦᠯᠬᠦ᠌᠎ᠳᠦ ᠬᠡᠷᠡᠭᠯᠡᠵᠦ᠍᠂ ᠪᠠᠯᠠ ᠳᠣᠭᠢᠷᠠᠭᠤᠯᠬᠤ ᠠᠷᠭ᠎ᠠ ᠵᠠᠮ᠎ᠢ ᠪᠦᠲᠦᠮᠵᠢᠲᠡᠶ ᠥᠷᠭᠡᠳᠬᠡᠪᠡ᠃ ᠡᠨᠡ ᠬᠦ᠌ ᠥᠭᠡᠷᠡᠴᠢᠯᠡᠯᠲᠡ ᠨᠢ ᠠᠵᠤ ᠠᠬᠤᠶ᠋ᠢᠯᠠᠯ᠎ᠤᠨ ᠦᠢᠯᠡᠳᠪᠦᠷᠢᠯᠡᠯ᠎ᠢᠶᠡᠨ ᠥᠷᠭᠡᠳᠬᠡᠬᠦ᠌᠎ᠳᠦ ᠦᠨᠡᠨ ᠪᠣᠳᠠᠲᠠᠶ ᠬᠠᠪᠰᠤᠷᠤᠯᠭ᠎ᠠ ᠦᠵᠡᠭᠦᠯᠦᠭᠰᠡᠨ ᠪᠠᠶ᠋ᠢᠨ᠎ᠠ》 ᠭᠡᠵᠦ ᠲᠦᠩᠯᠢᠶᠣᠤ ᠵᠢᠨ ᠱᠸᠨ ᠳ᠋ᠸ ᠰᠢᠨ᠎ᠡ ᠡᠨᠧᠷᠭᠢ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ᠌ ᠺᠣᠮᠫᠠᠨᠢ᠎ᠶᠢᠨ ᠠᠵᠢᠯᠲᠠᠨ ᠸᠠᠩ ᠶᠤᠸᠠᠢ ᠭᠡᠯᠡᠵᠦ ᠪᠠᠢᠯ᠎ᠠ ᠃

ᠲᠦᠩᠯᠢᠶᠣᠤ ᠬᠣᠲᠠ᠎ᠶᠢᠨ ᠤᠰᠤᠨ᠎ᠤ ᠶᠠᠪᠤᠳᠠᠯ᠎ᠤᠨ ᠲᠣᠪᠴᠢᠶᠠᠨ᠎ᠤ ᠳᠡᠳ᠋ ᠳᠠᠷᠤᠭ᠎ᠠ ᠯᠢ ᠬᠠᠶ ᠵᠢᠶᠠᠩ ᠢᠯᠡᠷᠬᠡᠶ᠋ᠢᠯᠡᠬᠦ᠌᠎ᠳᠡᠭᠡᠨ᠂ ᠲᠠᠷᠠᠭᠠᠴᠢ᠎ᠶᠢᠨ ᠠᠯᠬᠤᠮ᠎ᠳᠤ ᠤᠰᠤ ᠠᠪᠬᠤ ᠡᠷᠬᠡ᠎ᠶᠢ ᠳᠠᠩᠰᠠᠯᠠᠬᠤ ᠠᠵᠢᠯ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠥᠭᠡᠷᠡᠴᠢᠯᠡᠯᠲᠡ᠎ᠶᠢᠨ ᠬᠠᠮᠤᠷᠬᠤ ᠬᠡᠪᠴᠢᠶ᠎ᠡ᠎ᠶᠢ ᠠᠯᠬᠤᠮ ᠠᠯᠬᠤᠮ᠎ᠢᠶᠠᠷ ᠥᠷᠭᠡᠳᠬᠡᠨ᠂ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ ᠡᠷᠴᠢᠮᠵᠢᠭᠦᠯᠦᠨ ᠠᠰᠢᠭᠯᠠᠬᠤ᠎ᠶᠢ ᠠᠬᠢᠭᠤᠯᠵᠤ᠂ ᠲᠦᠩᠯᠢᠶᠣᠤ ᠬᠣᠲᠠ᠎ᠶᠢᠨ ᠠᠵᠤ ᠠᠬᠤᠶ ᠨᠡᠶ᠋ᠢᠭᠡᠮ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠪᠠᠲᠤ᠌ ᠪᠠᠬᠢ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ ᠬᠠᠩᠭᠠᠨ᠎ᠠ ᠭᠡᠵᠡᠶ᠃

 

ᠢᠷᠡᠯᠲᠡ᠄  ᠲᠠᠯ᠎ᠠ ᠨᠤᠲᠤᠭ᠎ᠤᠨ ᠡᠭᠦᠯᠡ ᠰᠢᠯᠵᠢᠶ᠎ᠡ

 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号