ᠬᠥᠬᠡᠬᠣᠲᠠ 《ᠳᠡᠯᠡᠬᠡᠢ ᠵᠢᠨ ᠰᠦ ᠵᠢᠨ ᠬᠤᠲᠠ》 ᠪᠤᠯᠤᠨ᠎ᠠ
2026-07-24 16:58:11
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 23᠎ᠤ ᠡᠳᠦᠷ᠂ ᠳᠡᠯᠡᠬᠡᠢ᠎ᠶᠢᠨ ᠰᠦ᠎ᠶᠢᠨ ᠦᠢᠯᠡᠰ᠎ᠦᠨ ᠶᠡᠬᠡ ᠬᠤᠷᠠᠯ ᠎ᠢ ᠭᠣᠣᠯᠯᠠᠨ ᠡᠷᠭᠢᠯᠡᠭᠦ ᠢᠯᠢ ᠪᠦᠯᠦᠭᠯᠡᠯ ᠪᠣᠯᠣᠨ ᠮᠧᠩ ᠨᠢᠦ ᠪᠦᠯᠦᠭᠯᠡᠯ ᠬᠠᠮᠲᠤᠷᠠᠨ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠶᠡᠬᠡ ᠬᠤᠷᠠᠯ᠎ᠤᠨ ᠪᠡᠯᠡᠳᠬᠡᠯ ᠠᠵᠢᠯ᠎ᠤᠨ ᠠᠬᠢᠴᠠ᠎ᠶᠢ ᠵᠠᠷᠯᠠᠨ ᠮᠡᠳᠡᠭᠳᠡᠪᠡ᠃ ᠲᠣᠰ ᠤᠳᠠᠭᠠᠨ᠎ᠤ ᠶᠡᠬᠡ ᠬᠤᠷᠠᠯ ᠨᠢ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠥᠲᠥᠯᠥᠨ ᠳᠠᠭᠠᠭᠤᠯᠬᠤ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ᠋ ᠭᠥᠷᠳᠡᠬᠦ᠂ ᠪᠥᠬᠥ ᠪᠥᠮᠪᠥᠷᠴᠡᠭ᠎ᠦᠨ ᠰᠦ ᠎ᠶᠢᠨ ᠦᠢᠯᠡᠰ᠎ᠦᠨ ᠦᠷᠭᠦᠯᠵᠢᠯᠡᠬᠦ ᠠᠮᠢ ᠠᠬᠤᠢ᠎ᠶᠢᠨ ᠲᠣᠭᠣᠷᠢᠭ᠋᠎ᠢ ᠬᠠᠮᠲᠤ᠎ᠪᠠᠷ ᠪᠠᠶ᠋ᠢᠭᠤᠯᠬᠤ》ᠪᠠᠷ ᠭᠣᠣᠯ ᠰᠡᠳᠦᠪ ᠪᠣᠯᠭᠠᠵᠤ᠂ ᠡᠬᠢᠯᠡᠯᠲᠡ᠎ᠶᠢᠨ ᠶᠣᠰᠣᠯᠠᠯ᠂ ᠪᠥᠬᠥ ᠠᠵᠤ ᠦᠢᠯᠡᠰ᠎ᠦᠨ ᠬᠡᠯᠬᠢᠶ᠎ᠡ᠎ᠶᠢ ᠲᠤᠭᠤᠷᠢᠨ ᠦᠵᠡᠬᠦ ᠵᠢᠴᠢ ᠵᠡᠷᠭᠡᠴᠡᠭᠡ ᠬᠤᠷᠠᠯ ᠵᠡᠷᠭᠡ ᠭᠣᠭᠴᠣᠭ᠎ᠠ᠎ᠶᠢ ᠲᠣᠬᠢᠷᠠᠭᠤᠯᠵᠤ᠂ ᠪᠥᠬᠥ ᠪᠥᠮᠪᠥᠷᠴᠡᠭ ᠎ᠦᠨ ᠰᠦ᠎ᠶᠢᠨ ᠦᠢᠯᠡᠰ᠎ᠦᠨ ᠰᠣᠯᠢᠯᠴᠠᠭ᠎ᠠ ᠬᠠᠮᠲᠤᠷᠠᠯᠴᠠᠭᠠᠨ᠎ᠤ ᠲᠠᠪᠴᠠᠩ᠎ᠢ ᠪᠠᠶ᠋ᠢᠭᠤᠯᠬᠤ᠎ᠪᠠᠷ ᠵᠣᠷᠢᠯᠭ᠎ᠠ᠎ᠪᠠᠨ ᠪᠣᠯᠭᠠᠵᠠᠢ᠃ ᠲᠤᠬᠠᠢ ᠎ᠶᠢᠨ ᠴᠠᠭ᠎ᠲᠤ᠂ ᠬᠥᠬᠡᠬᠣᠲᠠ ᠵᠢᠨ ᠠᠯᠳᠠᠷ ᠴᠤᠯᠠ᠎ᠵᠢ ᠳᠡᠰ ᠳᠡᠪᠰᠢᠭᠦᠯᠵᠦ᠂ 《ᠳᠡᠯᠡᠬᠡᠢ᠎ᠶᠢᠨ ᠰᠦ ᠵᠢᠨ ᠬᠤᠲᠠ》 ᠭᠡᠬᠦ ᠫᠠᠢᠰᠠ ᠣᠯᠭᠣᠬᠤ᠎ᠪᠠᠷ ᠪᠣᠶ᠃

ᠶᠡᠬᠡ ᠬᠤᠷᠠᠯ᠎ᠳᠤ ᠪᠠᠰᠠ ᠶᠠᠮᠠᠷ ᠬᠢᠯᠠᠰ ᠴᠡᠭ ᠪᠠᠢᠬᠤ ᠪᠣᠶ︖

ᠨᠢᠭᠡ᠂ ᠶᠡᠬᠡ ᠬᠤᠷᠠᠯ᠎ᠤᠨ ᠡᠬᠢᠯᠡᠯᠲᠠ ᠵᠢᠨ ᠶᠣᠰᠣᠯᠠᠯ ᠡᠷᠬᠢᠯᠡᠬᠦ᠃ ᠶᠡᠬᠡ ᠬᠤᠷᠠᠯ᠎ᠤᠨ ᠡᠬᠢᠯᠡᠯᠲᠡ᠎ᠶᠢᠨ ᠶᠣᠰᠣᠯᠠᠯ ᠨᠢ 8 ᠰᠠᠷ᠎ᠠ᠎ᠶᠢᠨ 1᠎ᠦ ᠡᠳᠦᠷ᠎ᠦᠨ ᠦᠳᠡ᠎ᠶᠢᠨ ᠡᠮᠦᠨᠡᠬᠢ 9 ᠴᠠᠭ᠎ᠲᠤ ᠴᠡᠯᠡᠭᠡᠷ ᠲᠠᠯ᠎ᠠ ᠵᠢᠨ ᠮᠢᠩᠭᠠᠨ ᠬᠥᠮᠥᠨ᠎ᠦ ᠬᠤᠷᠠᠯ᠎ᠤᠨ ᠲᠥᠪ᠎ᠲᠦ ᠶᠠᠪᠤᠭᠳᠠᠵᠤ᠂ ᠣᠯᠠᠨ ᠤᠯᠤᠰ᠎ᠤᠨ ᠠᠵᠢᠯ ᠲᠥᠷᠥᠯ᠎ᠦᠨ ᠨᠡᠢᠭᠡᠮᠯᠢᠭ᠎ᠦᠨ ᠬᠠᠷᠢᠭᠤᠴᠠᠯᠭᠠᠲᠠᠨ᠂ ᠠᠺᠠᠳᠧᠮᠢᠴᠢ᠂ ᠪᠥᠬᠥ ᠪᠥᠮᠪᠥᠷᠴᠡᠭ᠎ᠦᠨ ᠰᠦ᠎ᠶᠢᠨ ᠠᠵᠤ ᠦᠢᠯᠡᠰ᠎ᠦᠨ ᠬᠡᠯᠬᠢᠶ᠎ᠡ᠎ᠶᠢᠨ ᠲᠤᠯᠤᠭᠠᠢᠯᠠᠭᠴᠢ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠢ ᠤᠷᠢᠵᠤ ᠣᠷᠣᠯᠴᠠᠭᠤᠯᠤᠨ᠎ᠠ᠃ ᠡᠬᠢᠯᠡᠯᠲᠡ ᠵᠢᠨ ᠶᠤᠰᠤᠯᠠᠯ᠎ᠳᠤ ᠣᠯᠠᠨ ᠤᠯᠤᠰ ᠎ᠤᠨ ᠢᠳᠡᠭᠡᠨ ᠎ᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠣᠯᠪᠣᠭ᠎ᠠ᠎ᠠᠴᠠ ᠬᠥᠬᠡᠬᠣᠲᠠ ᠎ᠳᠤ《ᠳᠡᠯᠡᠬᠡᠢ ᠎ᠶᠢᠨ ᠰᠦ ᠵᠢᠨ ᠬᠤᠲᠠ》ᠵᠢᠨ ᠫᠠᠢᠰᠠ ᠢᠯᠡᠷᠬᠡᠢᠯᠡᠯ ᠣᠯᠭᠣᠬᠤ ᠪᠦᠭᠡᠳ ᠡᠨᠡ ᠨᠢ ᠬᠥᠬᠡᠬᠣᠲᠠ ᠎ᠶᠢᠨ ᠰᠦ ᠎ᠶᠢᠨ ᠦᠢᠯᠡᠰ ᠎ᠦᠨ ᠬᠥᠭᠵᠢᠯᠲᠡ᠎ᠳᠦ ᠲᠡᠦᠬᠡᠨ ᠬᠥᠰᠢᠶ᠎ᠡ ᠳᠤᠷᠠᠰᠬᠠᠯ ᠪᠣᠯᠬᠤ ᠴᠢᠬᠤᠯᠠ ᠦᠢᠯᠡ ᠶᠠᠪᠤᠳᠠᠯ  ᠪᠣᠯᠣᠨ᠎ᠠ᠃

ᠬᠣᠶᠠᠷ᠂ ᠬᠣᠣᠰ ᠱᠤᠭᠤᠮ᠎ᠤᠨ ᠪᠦᠬᠦ ᠠᠵᠤ ᠦᠢᠯᠡᠰ᠎ᠦᠨ ᠬᠡᠯᠬᠢᠶ᠎ᠡ᠎ᠶᠢ ᠲᠤᠬᠠᠢ᠎ᠶᠢᠨ ᠭᠠᠵᠠᠷ ᠲᠤᠨᠢ ᠲᠣᠭᠣᠷᠢᠨ ᠦᠵᠡᠬᠦ ᠠᠵᠢᠯᠯᠠᠭ᠎ᠠ᠎ᠶᠢ ᠵᠣᠬᠢᠶᠠᠨ ᠪᠠᠢᠭᠤᠯᠤᠨ᠎ᠠ᠃ ᠶᠡᠬᠡ ᠬᠤᠷᠠᠯ᠎ᠤᠨ ᠬᠤᠭᠤᠴᠠᠭᠠᠨ᠎ᠳᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠵᠣᠴᠢᠳ᠎ᠢ ᠵᠣᠬᠢᠶᠠᠨ ᠪᠠᠢᠭᠤᠯᠵᠤ ᠢᠯᠢ᠂ ᠮᠧᠩ ᠨᠢᠦ᠎ᠶᠢᠨ ᠪᠠᠷᠢᠮᠵᠢᠶᠠᠵᠢᠭᠤᠯᠤᠭᠰᠠᠨ ᠣᠶᠤᠨᠴᠢ ᠮᠠᠯᠵᠢᠯ᠎ᠤᠨ ᠲᠠᠯᠠᠪᠠᠢ᠂ ᠰᠦ᠎ᠶᠢᠨ ᠦᠢᠯᠡᠰ᠎ᠦᠨ ᠤᠯᠤᠰ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠂ ᠣᠶᠤᠨᠲᠤ ᠦᠢᠯᠡᠳᠬᠦ ᠰᠠᠭᠤᠷᠢᠨ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠦᠷᠢᠶᠡᠯᠡᠩ ᠵᠡᠷᠭᠡ ᠰᠦ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ᠎ᠦᠨ ᠦᠷ᠎ᠡ ᠪᠦᠲᠦᠭᠡᠯ᠎ᠢ ᠲᠤᠬᠠᠢ᠎ᠶᠢᠨ ᠭᠠᠵᠠᠷ ᠲᠤᠨᠢ ᠲᠣᠭᠣᠷᠢᠨ ᠦᠵᠡᠭᠦᠯᠵᠦ᠂ ᠡᠪᠡᠰᠦ ᠪᠣᠷᠳᠣᠭ᠎ᠠ᠎ᠡᠴᠠ ᠪᠦᠲᠦᠭᠡᠭᠳᠡᠬᠦᠨ ᠬᠦᠷᠲᠡᠯᠡᠬᠢ ᠪᠦᠬᠦ ᠦᠶᠡᠯᠡᠯ᠎ᠦᠨ ᠬᠤᠭᠤᠴᠠᠭᠠᠨ᠎ᠤ ᠪᠣᠬᠢᠷᠲᠤᠯ ᠦᠭᠡᠢ ᠬᠥᠭᠵᠢᠯᠲᠡ᠎ᠶᠢᠨ ᠰᠢᠰᠲ᠋ᠧᠮ᠎ᠢ ᠪᠦᠷᠢᠨ ᠬᠠᠷᠠᠭᠤᠯᠤᠨ᠎ᠠ᠃

ᠭᠤᠷᠪᠠ᠂ ᠤᠯᠠᠨ ᠤᠯᠤᠰ᠎ᠤᠨ ᠳᠡᠭᠡᠳᠦ ᠲᠡᠰ᠎ᠤᠨ ᠵᠡᠷᠭᠡᠴᠡᠭᠡ ᠬᠤᠷᠠᠯ᠎ᠢ ᠡᠷᠬᠢᠯᠡᠨ᠎ᠡ᠃ ᠶᠡᠬᠡ ᠬᠤᠷᠠᠯ᠎ᠤᠨ ᠬᠤᠭᠤᠴᠠᠭᠠᠨ᠎ᠳᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠮᠤ ᠪᠤᠳᠠᠭ᠎ᠠ ᠬᠥᠳᠡᠭᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠂ ᠳᠤᠮᠳᠠᠳᠤ ᠤᠯᠤᠰ᠎ᠤᠨ ᠢᠳᠡᠭᠡᠨ᠎ᠤ ᠦᠢᠯᠡᠰ᠎ᠤᠨ ᠨᠤᠲᠤᠭ᠎ᠤᠨ ᠮᠠᠯ᠎ᠢ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠬᠤᠳᠠᠯᠳᠤᠭᠠᠴᠢᠳ᠎ᠤᠨ ᠡᠪᠯᠡᠯ ᠲᠤᠰ ᠪᠦᠷᠢ ᠬᠠᠭᠠᠯᠲᠠᠲᠠᠢ ᠬᠤᠷᠠᠯ ᠬᠤᠷᠠᠯᠳᠤᠭᠤᠯᠵᠤ᠂ ᠪᠦᠬᠦ ᠪᠥᠮᠪᠥᠷᠴᠡᠭ᠎ᠦᠨ ᠠᠵᠢᠯ ᠲᠦᠷᠦᠯ᠎ᠦᠨ ᠬᠦᠷᠢᠶᠡᠨ᠎ᠦ ᠲᠤᠰᠬᠠᠢ ᠮᠡᠷᠭᠡᠵᠢᠯᠲᠡᠨ᠂ ᠠᠵᠤ ᠦᠢᠯᠡᠰ᠎ᠦᠨ ᠬᠡᠯᠬᠢᠶ᠎ᠡ᠎ᠶᠢᠨ ᠳᠡᠭᠡᠳᠦ ᠳᠣᠣᠷᠠᠳᠤ ᠤᠷᠤᠰᠬᠠᠯ᠎ᠤᠨ ᠳᠠᠭᠠᠭᠤᠯᠤᠭ᠍ᠴᠢ ᠠᠵᠤ ᠠᠬᠤᠢᠯᠠᠯ᠎ᠤᠨ ᠮᠡᠷᠭᠡᠵᠢᠯ᠎ᠦᠨ ᠬᠠᠷᠢᠭᠤᠴᠠᠯᠭᠠᠲᠠᠨ ᠎ᠢ ᠴᠤᠭᠯᠠᠭᠤᠯᠵᠤ᠂ ᠬᠣᠰᠢᠭᠤᠷᠠᠯ ᠮᠡᠷᠭᠡᠵᠢᠯ᠎ᠦᠨ ᠰᠤᠳᠤᠯᠤᠨ ᠶᠠᠷᠢᠯᠴᠠᠭ᠎ᠠ᠂ ᠠᠵᠢᠯ ᠲᠦᠷᠦ ᠯ᠎ᠦᠨ ᠪᠠᠷᠢᠮᠵᠢᠶ᠎ᠠ᠎ᠶᠢᠨ ᠰᠣᠯᠢᠯᠴᠠᠭ᠎ᠠ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠢ ᠵᠣᠯᠭᠠᠭᠤᠯᠬᠤ ᠠᠵᠢᠯᠯᠠᠭ᠎ᠠ ᠥᠷᠨᠢᠭᠦᠯᠵᠦ᠂ ᠰᠦ᠎ᠶᠢᠨ ᠦᠢᠯᠡᠰ᠎ᠦᠨ ᠬᠥᠭᠵᠢᠯᠲᠡ᠎ᠶᠢ ᠠᠬᠢᠭᠤᠯᠬᠤ ᠳᠠᠭᠤᠷᠢᠶᠠᠵᠤ ᠪᠣᠯᠬᠤᠢᠴᠠ ᠠᠷᠭ᠎ᠠ ᠵᠠᠮ᠎ᠢ ᠬᠠᠢᠨ ᠰᠦᠪᠡᠭᠴᠢᠯᠡᠨ᠎ᠡ᠃


ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠵᠢᠷᠭᠢᠶ᠎ᠡ

 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号