ᠳᠠᠬᠢᠨ ᠡᠭᠦᠰᠴᠦ ᠪᠣᠯᠬᠤ ᠡᠨᠧᠷᠭᠢ᠎ᠶᠢᠨ ᠬᠦᠭᠵᠢᠯᠲᠡ ᠵᠢᠨ ᠲᠤᠬᠠᠢ ᠤᠯᠠᠨ ᠵᠦᠢᠯ᠎ᠤᠨ ᠡᠭᠦᠷᠭᠡ ᠵᠢ ᠳᠤᠳᠤᠷᠬᠠᠢᠯᠠᠪᠠ
2026-07-24 17:00:29
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠦᠪᠯᠡᠯ᠂ ᠤᠯᠤᠰ᠎ᠤᠨ ᠡᠨᠧᠷᠭᠢ᠎ᠶᠢᠨ ᠲᠣᠪᠴᠢᠶ᠎ᠠ ᠤᠢᠷ᠎ᠠ ᠳ᠋ᠤ《ᠳᠠᠬᠢᠨ ᠡᠭᠦᠰᠴᠦ ᠪᠣᠯᠬᠤ ᠡᠨᠧᠷᠭᠢ᠎ᠶᠢᠨ ᠬᠥᠭᠵᠢᠯᠲᠡ᠎ᠶᠢᠨ 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ》 (ᠳᠤᠷᠤᠭᠰᠢ 《ᠲᠥᠯᠦᠪᠵᠢᠭᠦᠯᠭᠡ》ᠭᠡᠵᠦ ᠳᠦᠭᠦᠮᠴᠢᠯᠡᠨ᠎ᠡ)᠎ᠶᠢ ᠬᠠᠮᠲᠤᠷᠠᠨ ᠳᠠᠷᠤᠮᠠᠯᠯᠠᠨ ᠲᠠᠷᠬᠠᠭᠠᠪᠠ᠃《ᠲᠥᠯᠦᠪᠵᠢᠭᠦᠯᠭᠡ》᠎ᠳᠤ ᠡᠨᠧᠷᠭᠢ᠎ᠶᠢᠨ ᠪᠠᠢᠷᠢᠰᠢᠭᠤᠯᠤᠯᠲᠠ᠂ ᠠᠵᠤ ᠦᠢᠯᠡᠰ᠎ᠦᠨ ᠰᠢᠨ᠎ᠡ᠎ᠶᠢ ᠡᠭᠦᠳᠬᠦ ᠵᠡᠷᠭᠡ ᠲᠠᠯ᠎ᠠ᠎ᠪᠠᠷ ᠣᠯᠠᠨ ᠵᠦᠢᠯ᠎ᠦᠨ ᠡᠭᠦᠷᠭᠡ᠎ᠶᠢ ᠲᠣᠳᠣᠷᠬᠠᠢᠯᠠᠵᠤ᠂ ᠮᠠᠨ᠎ᠤ ᠤᠯᠤᠰ᠎ᠤᠨ ᠳᠠᠬᠢᠨ ᠡᠭᠦᠰᠴᠦ ᠪᠣᠯᠬᠤ ᠡᠨᠧᠷᠭᠢ᠎ᠶᠢᠨ ᠬᠡᠪᠴᠢᠶ᠎ᠡ᠎ᠶᠢ ᠥᠷᠭᠡᠳᠬᠡᠬᠦ᠂ ᠪᠠᠢᠳᠠᠯ᠎ᠢ ᠥᠷᠭᠡᠳᠬᠡᠬᠦ᠂ ᠶᠠᠰᠤ ᠴᠢᠨᠠᠷ ᠎ᠢ ᠳᠡᠭᠡᠭᠰᠢᠯᠡᠭᠦᠯᠬᠦ᠎ᠶᠢ ᠠᠬᠢᠭᠤᠯᠬᠤ ᠪᠤᠯᠤᠨ᠎ᠠ᠃  

《ᠲᠥᠯᠦᠪᠵᠢᠭᠦᠯᠭᠡ》ᠳ᠋ᠤ《ᠤᠮᠠᠷᠠᠲᠤ ᠵᠢᠨ ᠭᠤᠷᠪᠠᠨ ᠤᠷᠤᠨ》᠎ᠤ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ ᠎ᠦᠨ ᠰᠠᠭᠤᠷᠢᠨ᠂ ᠲᠡᠯᠡᠶ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ᠂ ᠤᠰᠤ ᠰᠠᠯᠬᠢ ᠬᠡᠷᠡᠯ ᠎ᠢ ᠨᠢᠭᠡ ᠴᠣᠭᠴᠠᠵᠢᠭᠤᠯᠬᠤ ᠪᠠ ᠲᠠᠷᠬᠠᠯᠲᠠ᠎ᠶᠢᠨ ᠮᠠᠶᠢᠭ᠋᠎ᠤᠨ ᠰᠢᠨ᠎ᠡ ᠡᠨᠧᠷᠭᠢ᠎ᠶᠢᠨ ᠪᠠᠢᠷᠢᠰᠢᠭᠤᠯᠤᠯᠲᠠ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠵᠤ᠂《ᠠᠷᠪᠠᠨ ᠲᠠᠪᠤᠳᠤᠭᠠᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠤᠭᠤᠴᠠᠭᠠᠨ᠎ᠳᠤ᠂《ᠤᠮᠠᠷᠠᠲᠤ ᠵᠢᠨ ᠭᠤᠷᠪᠠᠨ ᠤᠷᠤᠨ》 ᠎ᠤ ᠰᠠᠯᠬᠢᠨ ᠬᠦᠴᠦᠨ ᠎ᠦ ᠴᠠᠬᠢᠯᠭᠠᠨ ᠬᠡᠷᠡᠯᠴᠢ ᠴᠡᠨᠡᠭ᠎ᠦᠨ ᠰᠠᠭᠤᠷᠢᠨ᠎ᠤ ᠮᠠᠰᠢᠨ ᠴᠣᠭᠴᠠᠯᠠᠪᠤᠷᠢ᠎ᠶᠢ 3.7 ᠳ᠋ᠦᠩᠰᠢᠭᠤᠷ ᠺᠢᠯᠦᠸᠠᠲ᠎ᠡᠴᠠ ᠳᠡᠭᠡᠭᠰᠢ ᠰᠢᠨ᠎ᠡ᠎ᠪᠡᠷ ᠨᠡᠮᠡᠭᠳᠡᠭᠦᠯᠵᠦ᠂ ᠪᠥᠬᠥ ᠤᠯᠤᠰ᠎ᠤᠨ ᠲᠡᠯᠡᠶ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ᠎ᠤ ᠰᠢᠨ᠎ᠡ᠎ᠪᠡᠷ ᠠᠵᠢᠯ ᠡᠬᠢᠯᠡᠭᠦᠯᠬᠦ ᠬᠡᠪᠴᠢᠶ᠎ᠡ᠎ᠶᠢ 1 ᠳ᠋ᠦᠩᠰᠢᠭᠤᠷ ᠺᠢᠯᠦᠸᠠᠲ ᠣᠷᠴᠢᠮ ᠪᠠᠢᠯᠭᠠᠨ᠎ᠠ᠃ ᠳᠠᠬᠢᠨ ᠡᠭᠦᠰᠴᠦ ᠪᠣᠯᠬᠤ ᠡᠨᠧᠷᠭᠢ᠎ᠶᠢ ᠴᠠᠬᠢᠯᠭᠠᠨ ᠪᠤᠰᠤ᠎ᠪᠠᠷ ᠠᠰᠢᠭ᠍ᠯᠠᠬᠤ᠎ᠶᠢ ᠰᠢᠪᠲᠤᠯᠤᠯᠲᠠ᠎ᠲᠠᠢ ᠪᠣᠯᠭᠠᠬᠤ᠎ᠶᠢ ᠠᠬᠢᠭᠤᠯᠵᠤ᠂ ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷ ᠎ᠦᠨ ᠠᠯᠺᠣᠣᠯ᠂ ᠰᠠᠯᠬᠢ ᠭᠡᠷᠡᠯᠴᠢ ᠴᠡᠨᠡᠭ ᠎ᠢᠶᠡᠷ ᠢᠯᠴᠢ ᠬᠠᠩᠭᠠᠬᠤ᠎ᠶᠢ ᠢᠳᠡᠪᠬᠢᠲᠡᠢ ᠬᠥᠭᠵᠢᠭᠦᠯᠵᠦ᠂ ᠠᠮᠢᠳᠤ ᠪᠣᠳᠠᠰ ᠎ᠤᠨ ᠮᠠᠰ ᠡᠨᠧᠷᠭᠢ ᠎ᠶᠢ ᠤᠯᠠᠨ ᠡᠰᠢᠵᠢᠭᠦᠯᠦᠨ ᠥᠨᠳᠥᠷ ᠪᠦᠲᠦᠮᠵᠢᠲᠡᠢ ᠠᠰᠢᠭ᠍ᠯᠠᠬᠤ᠎ᠶᠢ ᠠᠬᠢᠭᠤᠯᠬᠤ᠎ᠶᠢᠨ ᠬᠠᠮᠲᠤ ᠳᠠᠬᠢᠨ ᠡᠭᠦᠰᠴᠦ ᠪᠣᠯᠬᠤ ᠡᠨᠧᠷᠭᠢ᠎ᠶᠢᠨ ᠬᠡᠷᠡᠭᠯᠡᠭᠡᠨ᠎ᠦ ᠬᠢᠷᠢ ᠲᠦᠪᠰᠢᠨ ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ ᠭᠡᠵᠦ ᠳᠤᠷᠠᠳᠴᠠᠢ᠃

ᠡᠭᠦᠨ᠎ᠡᠴᠡ ᠭᠠᠳᠠᠨ᠎ᠠ᠂ 《ᠲᠥᠯᠦᠪᠵᠢᠭᠦᠯᠭᠡ》 ᠳ᠋ᠤ ᠪᠠᠰᠠ ᠳᠠᠬᠢᠨ ᠡᠭᠦᠰᠴᠦ ᠪᠣᠯᠬᠤ ᠡᠨᠧᠷᠭᠢ᠎ᠶᠢᠨ ᠮᠡᠷᠭᠡᠵᠢᠯ ᠪᠠ ᠠᠵᠤ ᠦᠢᠯᠡᠰ᠎ᠦᠨ ᠳᠠᠪᠠᠭᠤᠯᠢᠭ᠋ ᠎ᠢ ᠥᠷᠭᠡᠳᠬᠡᠵᠦ᠂ ᠮᠡᠷᠭᠡᠵᠢᠯ᠎ᠦᠨ ᠰᠢᠨ᠎ᠡ ᠎ᠶᠢ ᠡᠭᠦᠳᠬᠦ ᠪᠣᠭᠣᠮᠲᠠ ᠰᠢᠪᠲᠤᠯᠬᠤ ᠪᠠ ᠠᠵᠤ ᠦᠢᠯᠡᠰ ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠰᠢᠨ᠎ᠡ ᠡᠨᠧᠷᠭᠢ᠎ᠶᠢᠨ ᠴᠠᠬᠢᠯᠭᠠᠨ ᠥᠷᠲᠡᠭᠡ᠎ᠶᠢᠨ ᠵᠠᠬ᠎ᠠ ᠳᠡᠯᠭᠡᠭᠦᠷᠴᠢᠯᠡᠨ ᠡᠵᠡᠩᠨᠡᠬᠦ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠲᠡᠢ᠃ ᠡᠭᠦᠨ ᠎ᠦ ᠰᠠᠭᠤᠷᠢᠨ ᠳᠡᠭᠡᠷ᠎ᠡ ᠬᠠᠤᠯᠢ ᠴᠠᠭᠠᠵᠠ ᠬᠠᠤᠯᠢ ᠲᠣᠭᠲᠠᠭᠠᠯ᠂ ᠬᠥᠭᠵᠢᠯᠲᠡ᠎ᠶᠢᠨ ᠲᠣᠭᠲᠠᠴᠠ᠂ ᠵᠠᠬ᠎ᠠ ᠳᠡᠯᠭᠡᠭᠦᠷ᠎ᠦᠨ ᠲᠣᠭᠲᠠᠴᠠ᠂ ᠴᠢᠬᠤᠯᠠ ᠡᠯᠧᠮᠧᠨ᠋ᠲ᠎ᠦᠨ ᠪᠠᠲᠤᠯᠠᠭ᠎ᠠ᠎ᠶᠢᠨ ᠲᠣᠭᠲᠠᠴᠠ ᠵᠡᠷᠭᠡ ᠲᠠᠯ᠎ᠠ᠎ᠠᠴᠠ ᠳᠠᠬᠢᠨ ᠡᠭᠦᠰᠴᠦ ᠪᠣᠯᠬᠤ ᠡᠨᠧᠷᠭᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠲᠥᠷᠥ᠎ᠶᠢᠨ ᠪᠣᠳᠣᠯᠭ᠎ᠠ᠎ᠶᠢᠨ ᠰᠢᠰᠲᠧᠮ ᠪᠣᠯᠣᠨ ᠣᠷᠳᠣ᠌ ᠬᠤᠭᠤᠴᠠᠭᠠᠨ ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠭᠦᠯᠬᠦ ᠬᠡᠷᠡᠭᠲᠡᠢ ᠭᠡᠵᠦ ᠳᠤᠷᠠᠳᠪᠠ᠃


ᠢᠷᠡᠯᠲᠡ᠄  ᠲᠥᠪ ᠲᠧᠯᠸᠢᠰ᠎ᠦᠨ ᠰᠣᠨᠢᠨ ᠮᠡᠳᠡᠭᠡ ᠰᠢᠯᠵᠢᠶ᠎ᠡ

 

 

                                 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号