ᠰᠤᠷᠪᠤᠯᠵᠢᠯᠠᠭ᠍ᠴᠢ ᠥᠪᠡᠷᠲᠡᠭᠡᠨ ᠵᠠᠰᠠᠬᠤ
ᠣᠷᠣᠨ ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠣᠢᠯᠠᠭᠠᠭᠰᠠᠨ᠎ᠢᠶᠠᠷ᠂ ᠲᠦᠷᠦᠭᠦᠬᠡᠨ ᠥᠪᠥᠷ ᠮᠣᠩᠭᠣᠯ᠎ᠤᠨ ᠲᠠᠷᠢᠶᠠᠯᠠᠩ᠎ᠤᠨ
ᠶᠡᠬᠡ ᠰᠤᠷᠭᠠᠭᠤᠯᠢ 3 ᠭᠠᠳᠠᠭᠠᠳᠤᠳ᠋ᠡᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠢ
ᠲᠥᠪᠯᠡᠷᠡᠭᠦᠯᠦᠨ ᠫᠠᠢᠰᠠ ᠰᠡᠬᠦᠵᠦ᠂ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠭᠠᠳᠠᠭᠠᠳᠤᠳ᠋ᠡᠬᠢ
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠢ ᠪᠠᠶ᠋ᠢᠭᠤᠯᠬᠤ ᠬᠥᠰᠢᠭᠡ᠎ᠶᠢ ᠰᠡᠬᠦᠭᠰᠡᠨ
ᠪᠠᠢᠨ᠎ᠠ᠃
ᠡᠨᠡ ᠤᠳᠠᠭ᠎ᠠ ᠮᠣᠩᠭᠣᠯ ᠤᠯᠤᠰ᠂ ᠮᠣᠽᠠᠮᠪᠢᠺ᠂
ᠨᠠᠮᠢᠪᠢᠶ᠎ᠠ ᠵᠡᠷᠭᠡ ᠭᠤᠷᠪᠠᠨ ᠤᠯᠤᠰ᠎ᠲᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠢ
ᠤᠨᠤᠪᠴᠢᠲᠠᠢ ᠪᠠᠢᠷᠢᠰᠢᠭᠤᠯᠵᠠᠢ᠃ ᠡᠭᠦᠨ᠎ᠳᠦ᠂ ᠮᠣᠩᠭᠣᠯ ᠤᠯᠤᠰ᠎ᠲᠤ ᠪᠠᠢᠭᠤᠯᠤᠭᠰᠠᠨ ᠭᠠᠳᠠᠭᠠᠳᠤᠳ᠋ᠡᠬᠢ ᠰᠢᠨᠵᠢᠯᠡᠬᠦ
ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ ᠨᠢ ᠳᠤᠮᠳᠠᠳᠤ ᠮᠣᠩᠭᠣᠯ᠎ᠤᠨ ᠣᠷᠣᠨ ᠪᠦᠰᠡ ᠪᠠ ᠠᠵᠤ
ᠦᠢᠯᠡᠰ᠎ᠦᠨ ᠳᠠᠪᠠᠭᠤᠯᠢᠭ᠋᠎ᠲᠤ ᠰᠠᠭᠤᠷᠢᠯᠠᠵᠤ᠂ ᠲᠠᠯ᠎ᠠ ᠨᠤᠲᠤᠭ᠎ᠤᠨ ᠠᠮᠢ ᠠᠬᠤᠢ᠎ᠶᠢ ᠬᠠᠮᠠᠭᠠᠯᠠᠬᠤ᠂ ᠮᠠᠯ ᠠᠵᠤ
ᠠᠬᠤᠢ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠂ ᠬᠠᠭᠤᠷᠠᠢ ᠲᠠᠷᠢᠶᠠᠯᠠᠩ᠎ᠢ
ᠰᠠᠢᠵᠢᠷᠠᠭᠤᠯᠬᠤ᠂ ᠬᠢᠯᠢ ᠠᠯᠤᠰᠯᠠᠭᠰᠠᠨ ᠲᠠᠷᠢᠶᠠᠯᠠᠩ ᠮᠠᠯ ᠠᠵᠤ ᠠᠬᠤᠢ᠎ᠶᠢ ᠬᠠᠮᠵᠢᠯᠴᠠᠨ ᠬᠥᠭᠵᠢᠭᠦᠯᠬᠦ ᠵᠡᠷᠭᠡ᠎ᠳᠦ
ᠠᠩᠬᠠᠷᠤᠯ᠎ᠢᠶᠠᠨ ᠲᠥᠪᠯᠡᠷᠡᠭᠦᠯᠵᠦ᠂ ᠬᠠᠮᠲᠤᠷᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ᠎ᠦᠨ
ᠵᠢᠱ᠌ᠢᠶ᠎ᠡ ᠦᠵᠡᠭᠦᠯᠬᠦ ᠪᠠ ᠲᠠᠷᠢᠶᠠᠯᠠᠩ ᠤᠨ ᠮᠡᠷᠭᠡᠵᠢᠯ ᠦᠨ ᠪᠣᠯᠪᠠᠰᠤᠷᠠᠯ ᠥᠷᠨᠢᠭᠦᠯᠵᠦ᠂ ᠮᠣᠩᠭᠣᠯ ᠤᠯᠤᠰ᠎ᠤᠨ
ᠮᠠᠯ ᠠᠵᠤ ᠠᠬᠤᠢ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠳᠦ ᠬᠦᠴᠦᠨ ᠨᠡᠮᠡᠷᠢᠯᠡᠵᠦ᠂ ᠬᠢᠯᠢ ᠠᠯᠤᠰᠯᠠᠭᠰᠠᠨ
ᠲᠠᠷᠢᠶᠠᠯᠠᠩ᠎ᠤᠨ ᠬᠠᠮᠲᠤᠷᠠᠯᠴᠠᠭ᠎ᠠ ᠪᠠ ᠠᠮᠢ ᠠᠬᠤᠢ ᠶᠢᠨ ᠠᠮᠤᠷ ᠲᠦᠪᠰᠢᠨ ᠦ ᠬᠠᠯᠬᠠᠪᠴᠢ᠎ᠶᠢ ᠪᠡᠬᠢᠵᠢᠭᠦᠯᠤᠨᠠ︔ᠮᠣᠽᠠᠮᠪᠢᠺ ᠲᠤ
ᠪᠠᠢᠭᠤᠯᠤᠭᠰᠠᠨ ᠭᠠᠳᠠᠭᠠᠳᠤ᠎ᠳᠠᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ
ᠨᠢ ᠬᠠᠯᠠᠭᠤᠨ ᠪᠦᠰᠡᠨ᠎ᠦ ᠲᠠᠷᠢᠮᠠᠯ ᠳᠠᠷᠢᠬᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂
ᠭᠡᠮ ᠬᠣᠷᠣᠬᠠᠢᠳᠤᠯᠤᠨ ᠬᠥᠨᠥᠭᠡᠯ᠎ᠢ ᠪᠣᠬᠢᠷᠲᠤᠯ ᠦᠭᠡᠢ᠎ᠪᠡᠷ ᠰᠡᠷᠭᠡᠢᠯᠡᠨ ᠡᠵᠡᠮᠳᠡᠬᠦ᠂ ᠲᠠᠷᠢᠶᠠᠯᠠᠩ᠎ᠤᠨ ᠪᠦᠲᠦᠭᠡᠭᠳᠡᠬᠦᠨ᠎ᠢ
ᠡᠳ᠋ᠰᠢᠭᠦᠯᠬᠦ ᠵᠡᠷᠭᠡ ᠵᠠᠩᠭᠢᠯᠠᠭ᠎ᠠ᠎ᠶᠢᠨ ᠬᠦᠷᠢᠶ᠎ᠡ ᠴᠠᠷᠠᠭ᠎ᠠ᠎ᠶᠢᠨ ᠲᠣᠭᠣᠷᠢᠨ᠎ᠳᠤ ᠮᠡᠷᠭᠡᠵᠢᠯ᠎ᠢ ᠰᠤᠳᠤᠯᠤᠨ
ᠨᠡᠭᠡᠭᠡᠬᠦ ᠪᠠ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠢ ᠥᠷᠨᠢᠭᠦᠯᠵᠦ᠂ ᠲᠡᠷᠢᠭᠦᠨ᠎ᠦ ᠲᠠᠷᠢᠶᠠᠯᠠᠩ᠎ᠤᠨ
ᠮᠡᠷᠭᠡᠵᠢᠯ᠎ᠢ ᠲᠤᠬᠠᠢ᠎ᠶᠢᠨ ᠭᠠᠵᠠᠷ ᠲᠤᠨᠢ ᠬᠡᠷᠡᠭᠯᠡᠬᠦ᠎ᠶᠢ ᠠᠬᠢᠭᠤᠯᠵᠤ᠂ ᠲᠤᠬᠠᠢ᠎ᠶᠢᠨ ᠭᠠᠵᠠᠷ᠎ᠤᠨ ᠲᠠᠷᠢᠶᠠᠯᠠᠩ᠎ᠤᠨ
ᠦᠢᠯᠡᠳᠪᠦᠷᠢᠯᠡᠯ ᠦᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠦ ᠬᠦᠴᠦᠨ ᠨᠡᠮᠡᠷᠢᠯᠡᠵᠦ᠂ ᠲᠠᠷᠢᠶᠠᠯᠠᠩ ᠤᠨ ᠠᠵᠤ
ᠦᠢᠯᠡᠰ ᠦᠨ ᠰᠠᠭᠤᠷᠢ᠎ᠶᠢ ᠪᠡᠬᠢᠵᠢᠭᠦᠯᠤᠨᠠ︔ᠨᠠᠮᠢᠪᠢᠶ᠎ᠠ᠎ᠳᠤ ᠪᠠᠢᠭᠤᠯᠤᠭᠰᠠᠨ ᠭᠠᠳᠠᠭᠠᠳᠤ ᠳᠠᠬᠢ ᠰᠢᠨᠵᠢᠯᠡᠬᠦ
ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ ᠨᠢ ᠤᠰᠤ ᠠᠷᠪᠢᠯᠠᠬᠤ ᠲᠠᠷᠢᠶᠠᠯᠠᠩ᠂ ᠭᠠᠩ᠎ᠳᠤ ᠲᠡᠰᠪᠦᠷᠢᠲᠡᠢ
ᠡᠭᠦᠯᠳᠡᠷ᠎ᠢ ᠰᠣᠩᠭᠣᠨ ᠪᠣᠢᠵᠢᠭᠤᠯᠬᠤ᠂ ᠴᠦᠯᠯᠡᠷᠬᠡᠭᠵᠢᠯ᠎ᠢ ᠰᠠᠢᠵᠢᠷᠠᠭᠤᠯᠬᠤ᠂ ᠠᠮᠢ ᠠᠬᠤᠢ᠎ᠶᠢᠨ ᠲᠠᠷᠢᠶᠠᠯᠠᠩ
ᠵᠡᠷᠭᠡ ᠮᠡᠷᠭᠡᠵᠢᠯ᠎ᠦᠨ ᠰᠤᠳᠤᠯᠭᠠᠨ ᠪᠠ ᠳᠡᠯᠭᠡᠷᠡᠭᠦᠯᠦᠯᠲᠡ᠎ᠶᠢ ᠭᠣᠣᠯᠳᠠᠯᠭ᠎ᠠ᠎ᠲᠠᠢ ᠥᠷᠨᠢᠭᠦᠯᠵᠦ᠂ ᠠᠹᠷᠢᠺᠠ
ᠲᠢᠪ᠎ᠦᠨ ᠭᠠᠩ ᠬᠠᠭᠤᠷᠠᠢ ᠭᠠᠵᠠᠷ ᠣᠷᠣᠨ᠎ᠳᠤ ᠲᠣᠬᠢᠷᠠᠭᠰᠠᠨ ᠣᠲᠣ᠌ ᠦᠶ᠎ᠡ᠎ᠶᠢᠨ ᠲᠠᠷᠢᠶᠠᠯᠠᠩ᠎ᠤᠨ ᠬᠥᠭᠵᠢᠯᠲᠡ᠎ᠶᠢᠨ
ᠵᠠᠭᠪᠤᠷ᠎ᠢ ᠪᠣᠶ ᠪᠣᠯᠭᠠᠨ᠎ᠠ᠃
ᠭᠠᠳᠠᠭᠠᠳᠤ ᠳ᠋ᠡᠬᠢ 3 ᠰᠢᠨᠵᠢᠯᠡᠬᠦ
ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ ᠨᠢ ᠡᠯ᠎ᠡ ᠤᠯᠤᠰ᠎ᠤᠨ ᠬᠥᠳᠡᠭᠡ ᠠᠵᠤ ᠠᠬᠤᠢ ᠵᠢᠨ ᠡᠬᠢ
ᠪᠠᠶᠠᠯᠢᠭ᠋᠎ᠤᠨ ᠣᠨᠴᠠᠯᠢᠭ᠋ ᠬᠢᠭᠡᠳ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠤᠶᠠᠯᠳᠤᠭᠤᠯᠤᠨ᠂
ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠲᠠᠷᠢᠶᠠᠯᠠᠩ ᠣᠶ ᠰᠢᠭᠤᠢ ᠮᠠᠯ ᠠᠵᠤ ᠠᠬᠤᠢ᠎ᠶᠢᠨ
ᠣᠨᠴᠠᠯᠢᠭ᠍ᠲᠤ ᠰᠢᠨᠵᠢᠯᠡᠭᠡᠨ ᠬᠢᠭᠡᠳ ᠰᠢᠨᠵᠢᠯᠡᠬᠦ ᠤᠬᠠᠭᠠᠨ᠎ᠤ ᠰᠤᠳᠤᠯᠭᠠᠨ᠎ᠤ ᠴᠢᠳᠠᠪᠤᠷᠢᠲᠠᠨ᠎ᠤ ᠳᠠᠪᠠᠭᠤᠯᠢᠭ᠋᠎ᠲᠤ
ᠲᠦᠰᠢᠭᠯᠡᠨ᠂ ᠳᠤᠮᠳᠠᠳᠤ ᠭᠠᠳᠠᠭᠠᠳᠤ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ
ᠰᠣᠯᠢᠯᠴᠠᠭ᠎ᠠ᠂ ᠬᠠᠮᠲᠤᠷᠠᠨ ᠪᠣᠭᠣᠮᠲᠠ ᠰᠢᠪᠲᠤᠯᠬᠤ᠂ ᠦᠷ᠎ᠡ ᠪᠦᠲᠦᠭᠡᠯ᠎ᠢ ᠤᠯᠠᠷᠢᠭᠤᠯᠬᠤ ᠪᠠ ᠴᠢᠳᠠᠪᠤᠷᠢᠲᠠᠨ᠎ᠢ
ᠬᠠᠮᠲᠤ᠎ᠪᠠᠷ ᠬᠥᠮᠥᠵᠢᠭᠦᠯᠬᠦ ᠪᠠᠢᠩᠭᠤᠵᠢᠭ᠍ᠰᠠᠨ ᠬᠠᠮᠲᠤᠷᠠᠯᠴᠠᠭᠠᠨ ᠤ ᠲᠠᠪᠴᠠᠩ ᠢ ᠪᠠᠢᠭᠤᠯᠵᠤ᠂ ᠥᠪᠥᠷ ᠮᠣᠩᠭᠣᠯ᠎ᠤᠨ
ᠬᠥᠳᠡᠭᠡ ᠠᠵᠤ ᠠᠬᠤᠢ ᠵᠢᠨ ᠳᠡᠭᠡᠳᠦ ᠵᠡᠷᠭᠡ ᠶᠢᠨ ᠰᠤᠷᠭᠠᠨ ᠬᠥᠮᠦᠵᠢᠯ᠎ᠦᠨ ᠳᠡᠯᠡᠬᠡᠢ ᠳ᠋ᠡᠬᠢ ᠨᠥᠯᠥᠭᠡᠯᠡᠬᠦ
ᠬᠦᠴᠦᠨ᠎ᠢ ᠪᠦᠲᠦᠮᠵᠢᠲᠡᠶ ᠳᠡᠭᠡᠭᠰᠢᠯᠡᠭᠦᠯᠬᠦ ᠪᠤᠯᠦᠨ᠎ᠡ᠃ ᠣᠳᠣᠬᠠᠨ᠎ᠳᠤ᠂ ᠡᠯ᠎ᠡ ᠪᠠᠭ᠎ᠠ ᠬᠦᠷᠢᠶᠡᠯᠡᠩ᠎ᠳᠤ ᠲᠣᠮᠢᠯᠠᠨ
ᠰᠠᠭᠤᠯᠭᠠᠬᠤ ᠬᠥᠮᠥᠰ᠎ᠢ ᠨᠢᠭᠡᠨᠲᠡ ᠵᠠᠯᠠᠭᠤ ᠪᠠᠭ᠍ᠰᠢ ᠨᠠᠷ ᠵᠢᠴᠢ ᠠᠰᠫᠢᠷᠠᠨᠲ᠎ᠢᠶᠠᠷ ᠪᠦᠷᠢᠯᠳᠦᠭᠦᠯᠵᠦ᠂ ᠶᠠᠭ
ᠬᠢᠯᠢ᠎ᠡᠴᠡ ᠭᠠᠷᠬᠤ ᠭᠠᠷᠳᠠᠮ ᠭᠦᠢᠴᠡᠳᠬᠡᠬᠦ᠂ ᠶᠠᠪᠤᠬᠤ᠎ᠠᠴᠠ ᠡᠮᠦᠨᠡᠬᠢ ᠪᠣᠯᠪᠠᠰᠤᠷᠠᠯ ᠬᠢᠬᠦ ᠵᠡᠷᠭᠡ ᠠᠵᠢᠯ ᠢ
ᠭᠦᠢᠴᠡᠳᠬᠡᠵᠦ ᠪᠠᠢᠨ᠎ᠠ᠃ ᠭᠠᠳᠠᠭᠠᠳᠤ ᠳᠠᠬᠢ ᠲᠤᠷᠰᠢᠯᠲᠠ᠎ᠶᠢᠨ ᠰᠠᠭᠤᠷᠢᠨ ᠤ ᠡᠮᠦᠨᠡᠬᠢ ᠬᠤᠭᠤᠴᠠᠭᠠᠨ᠎ᠤ ᠪᠦᠲᠦᠭᠡᠨ
ᠪᠠᠢᠭᠤᠯᠤᠯᠲᠠ ᠶᠢ ᠨᠢᠭᠡᠨᠲᠡ ᠦᠨᠳᠦᠰᠦᠨ᠎ᠳᠡᠭᠡᠨ ᠳᠠᠭᠤᠰᠬᠠᠵᠤ᠂ ᠣᠴᠢᠵᠦ ᠰᠠᠭᠤᠬᠤ ᠪᠠᠭ᠍ᠰᠢ ᠰᠤᠷᠤᠭ᠍ᠴᠢᠳ᠎ᠲᠤ
ᠦᠨᠳᠦᠰᠦᠨ ᠠᠵᠢᠯ ᠠᠮᠢᠳᠤᠷᠠᠯ᠎ᠤᠨ ᠨᠥᠬᠥᠴᠡᠯ ᠪᠠ ᠠᠮᠤᠷ ᠲᠦᠪᠰᠢᠨ᠎ᠦ ᠪᠠᠲᠤᠯᠠᠭ᠎ᠠ ᠬᠠᠩᠭᠠᠵᠤ ᠴᠢᠳᠠᠨ᠎ᠠ᠃ ᠮᠣᠽᠠᠮᠪᠢᠺ᠎ᠲᠤ
ᠲᠣᠮᠢᠯᠠᠨ ᠰᠠᠭᠤᠯᠭᠠᠬᠤ ᠠᠩᠬᠠᠨ᠎ᠤ ᠪᠦᠯᠦᠭ ᠬᠥᠮᠥᠰ 7 ᠰᠠᠷ᠎ᠠ᠎ᠶᠢᠨ ᠰᠡᠭᠦᠯᠴᠢ᠎ᠪᠡᠷ ᠮᠣᠷᠳᠠᠵᠤ᠂ ᠲᠤᠬᠠᠢ᠎ᠶᠢᠨ
ᠭᠠᠵᠠᠷ᠎ᠲᠤ ᠬᠦᠷᠴᠦ ᠮᠣᠽᠠᠮᠪᠢᠺᠢ ᠲᠤᠰᠠᠯᠠᠬᠤ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠳᠡᠭᠡᠳᠦ
ᠵᠡᠷᠭᠡ᠎ᠶᠢᠨ ᠬᠥᠳᠡᠭᠡ ᠠᠵᠤ ᠠᠬᠤᠢ᠎ᠶᠢ ᠳᠡᠮᠵᠢᠬᠦ ᠲᠤᠰᠬᠠᠢ ᠮᠡᠷᠭᠡᠵᠢᠯᠲᠡᠨ᠎ᠦ ᠳᠤᠭᠤᠢᠯᠠᠩ᠎ᠲᠠᠢ ᠬᠠᠮᠲᠤ ᠪᠠᠷ
ᠰᠢᠨᠵᠢᠯᠡᠬᠦ ᠤᠬᠠᠭᠠᠨ ᠤ ᠰᠤᠳᠤᠯᠭᠠᠨ᠎ᠤ ᠲᠤᠷᠰᠢᠯᠲᠠ ᠪᠣᠯᠣᠨ ᠮᠡᠷᠭᠡᠵᠢᠯ᠎ᠦᠨ ᠦᠢᠯᠡᠴᠢᠯᠡᠭᠡ ᠵᠡᠷᠭᠡ ᠠᠵᠢᠯ᠎ᠢ
ᠥᠷᠨᠢᠭᠦᠯᠬᠦ ᠪᠣᠯᠣᠨ᠎ᠠ︔ ᠪᠤᠰᠤᠳ ᠪᠠᠭ᠎ᠠ ᠬᠦᠷᠢᠶᠡᠯᠡᠩ᠎ᠳᠦ ᠲᠣᠮᠢᠯᠠᠨ ᠰᠠᠭᠤᠯᠭᠠᠬᠤ ᠬᠥᠮᠥᠰ 8 ᠰᠠᠷ᠎ᠠ᠎ᠶᠢᠨ
ᠳᠤᠮᠳᠠᠴᠢ᠎ᠪᠠᠷ ᠡᠯ᠎ᠡ ᠤᠯᠤᠰ᠎ᠲᠤ ᠬᠦᠷᠴᠦ ᠠᠵᠢᠯ᠎ᠢᠶᠠᠨ ᠥᠷᠨᠢᠭᠦᠯᠬᠦ ᠪᠣᠯᠣᠨ᠎ᠠ᠃
ᠥᠪᠡᠷᠲᠡᠭᠡᠨ ᠵᠠᠰᠠᠬᠤ ᠣᠷᠣᠨ ᠤ ᠰᠤᠷᠭᠠᠨ
ᠬᠥᠮᠦᠵᠢᠯ᠎ᠦᠨ ᠲᠢᠩᠬᠢᠮ᠎ᠦᠨ ᠬᠠᠮᠲᠤᠷᠠᠯᠴᠠᠭ᠎ᠠ ᠰᠣᠯᠢᠯᠴᠠᠭᠠᠨ᠎ᠤ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ
ᠲᠠᠨᠢᠯᠴᠠᠭᠤᠯᠬᠤ᠎ᠳᠠᠭᠠᠨ᠂ ᠥᠪᠥᠷ ᠮᠣᠩᠭᠣᠯ ᠭᠠᠳᠠᠭᠠᠳᠤ ᠳ᠋ᠡᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ
ᠪᠠᠭ᠎ᠠ ᠬᠦᠷᠢᠶᠡᠯᠡᠩ᠎ᠦᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠪᠣᠳᠠᠲᠠᠢᠵᠢᠭᠤᠯᠵᠤ᠂ ᠣᠯᠠᠨ ᠤᠯᠤᠰ ᠤᠨ
ᠬᠥᠳᠡᠭᠡ ᠠᠵᠤ ᠠᠬᠤᠢ ᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ
ᠭᠦᠨᠵᠡᠭᠡᠢ ᠥᠷᠨᠢᠭᠦᠯᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠦᠨ ᠴᠢᠨᠠᠷ ᠰᠠᠢᠲᠠᠢ ᠡᠬᠢ ᠪᠠᠶᠠᠯᠢᠭ᠋᠎ᠢ
ᠭᠠᠳᠠᠭ᠍ᠰᠢ ᠭᠠᠷᠭᠠᠵᠤ᠂ ᠳᠤᠮᠳᠠᠳᠤ ᠮᠣᠩᠭᠣᠯ᠂ ᠳᠤᠮᠳᠠᠳᠤ ᠠᠹᠷᠢᠺᠠ᠎ᠶᠢᠨ ᠬᠥᠳᠡᠭᠡ ᠠᠵᠤ ᠠᠬᠤᠢ ᠵᠢᠨ ᠬᠠᠮᠵᠢᠯᠴᠠᠭᠰᠠᠨ
ᠬᠥᠭᠵᠢᠯᠲᠡ᠎ᠳᠦ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠭᠠᠳᠠᠭ᠍ᠰᠢ
ᠨᠡᠭᠡᠭᠡᠯᠲᠡ ᠬᠢᠬᠦ ᠪᠠ ᠣᠲᠣ᠌ ᠦᠶ᠎ᠡ᠎ᠶᠢᠨ ᠬᠥᠳᠡᠭᠡ ᠠᠵᠤ ᠠᠬᠤᠢ ᠵᠢᠨ ᠳᠡᠯᠡᠬᠡᠢᠵᠢᠭᠰᠡᠨ ᠬᠥᠭᠵᠢᠯᠲᠡ᠎ᠳᠦ ᠰᠢᠨ᠎ᠡ
ᠬᠥᠳᠡᠯᠭᠡᠬᠦ ᠬᠦᠴᠦᠨ ᠨᠡᠮᠡᠷᠢᠯᠡᠨ᠎ᠡ ᠭᠡᠵᠡᠢ᠃