《ᠪᠥᠬᠥ ᠠᠷᠠᠳ ᠎ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ( 2026 — 2030 ᠣᠨ ) 》 ᠵᠢ ᠳᠠᠷᠤᠮᠠᠯᠯᠠᠨ ᠲᠠᠷᠬᠠᠭᠠᠪᠠ
2026-07-24 17:09:16
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠥᠷᠥ᠎ᠶᠢᠨ ᠶᠠᠪᠤᠳᠠᠯ ᠎ᠤᠨ ᠬᠣᠷᠢᠶ᠎ᠠ ᠲᠦᠷᠦᠭᠦᠬᠡᠨ《ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ( 2026 — 2030 ᠣᠨ )》(ᠳᠣᠷᠣᠭ᠍ᠰᠢ 《ᠲᠥᠯᠥᠪᠯᠡᠭᠡ》 ᠭᠡᠵᠦ ᠲᠣᠪᠴᠢᠯᠠᠨ᠎ᠠ )  ᠵᠢ ᠳᠠᠷᠤᠮᠠᠯᠯᠠᠨ ᠲᠠᠷᠬᠠᠭᠠᠵᠤ᠂  《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ ᠎ᠶᠢᠨ ᠬᠤᠭᠤᠴᠠᠭᠠᠨ᠎ᠳᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠪᠠᠢᠷᠢᠯᠠᠭᠤᠯᠤᠯᠲᠠ ᠬᠢᠪᠡ᠃

《ᠲᠥᠯᠥᠪᠯᠡᠭᠡ》 ᠳ᠋ᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠠᠷᠠᠳ ᠲᠦᠮᠡᠨ ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠪᠥᠬᠥ ᠠᠷᠠᠳ ᠎ᠤᠨ ᠪᠡᠶ᠎ᠡ ᠴᠢᠭᠢᠷᠠᠭᠵᠢᠭᠤᠯᠬᠤ ᠪᠠ ᠪᠥᠬᠥ ᠠᠷᠠᠳ᠎ᠤᠨ ᠡᠷᠡᠭᠦᠯ ᠮᠡᠨᠳᠦ᠎ᠶᠢᠨ ᠭᠦᠨᠵᠡᠭᠡᠢ ᠠᠭᠤᠰᠤᠯᠴᠠᠯ ᠎ᠢ ᠠᠬᠢᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠢᠰᠲᠧᠮ ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠮ᠎ᠤᠨ ᠬᠣᠷᠢᠶ᠎ᠠ ᠤᠳᠤᠷᠢᠳᠤᠭᠰᠠᠨ᠂ ᠵᠠᠰᠠᠭ ᠎ᠤᠨ ᠣᠷᠳᠣᠨ ᠭᠣᠣᠯᠯᠠᠨ ᠤᠳᠤᠷᠢᠳᠤᠭᠰᠠᠨ᠂ ᠰᠠᠯᠠᠭ᠎ᠠ ᠮᠥᠴᠢᠷ ᠬᠣᠯᠪᠤᠭᠠᠯᠠᠨ ᠬᠥᠳᠡᠯᠦᠯᠴᠡᠭᠰᠡᠨ᠂ ᠨᠡᠢᠭᠡᠮ᠎ᠨᠠᠢᠲᠡ ᠪᠠᠷ᠎ᠢᠶᠡᠨ ᠬᠠᠮᠵᠢᠯᠴᠠᠭᠰᠠᠨ᠂ ᠣᠯᠠᠨ ᠲᠠᠯ᠎ᠠ ᠵᠢᠨ᠎ᠬᠢᠨ ᠣᠷᠣᠯᠴᠠᠭᠰᠠᠨ᠂ ᠬᠠᠤᠯᠢ ᠵᠢᠨ ᠪᠠᠲᠤᠯᠠᠭ᠎ᠠ᠎ᠲᠠᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠪᠠᠢᠷᠢᠰᠢᠯ᠎ᠢ ᠢᠳᠡᠪᠬᠢᠲᠡᠢ ᠴᠤᠭᠴᠠᠯᠠᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠨᠳᠦᠰᠦᠨ ᠣᠯᠠᠨ ᠨᠡᠶ᠋ᠢᠲᠡ᠎ᠶᠢᠨ ᠦᠢᠯᠡᠴᠢᠯᠡᠭᠡᠨ ᠎ᠦ ᠲᠡᠩᠴᠡᠭᠦᠷᠢᠲᠦ ᠴᠢᠨᠠᠷ᠂ ᠪᠣᠯᠣᠮᠵᠢᠲᠤ ᠴᠢᠨᠠᠷ᠎ᠢ ᠤᠯᠠᠮ ᠳᠡᠭᠡᠭᠰᠢᠯᠡᠭᠦᠯᠵᠦ᠂ ᠪᠡᠶ᠎ᠡ᠎ᠶᠢᠨ ᠲᠠᠮᠢᠷ᠎ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

《ᠲᠥᠯᠥᠪᠯᠡᠭᠡ》 ᠳ᠋ᠤ᠂ 2030 ᠣᠨ ᠪᠣᠯᠬᠤ᠎ᠳᠤ ᠨᠠᠩ ᠥᠨᠳᠥᠷ ᠲᠦᠪᠰᠢᠨ ᠪᠦᠬᠦᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠎ᠶᠢᠨ ᠦᠢᠯᠡᠴᠢᠯᠡᠭᠡᠨ᠎ᠦ ᠰᠢᠰᠲᠧᠮ᠎ᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠦᠢᠯᠡᠳᠬᠦᠨ ᠎ᠦ ᠦᠢᠯᠡᠴᠢᠯᠡᠭᠡᠨ᠎ᠦ ᠬᠠᠩᠭᠠᠯᠭ᠎ᠠ᠎ᠶᠢᠨ ᠴᠢᠳᠠᠪᠤᠷᠢ᠎ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠲᠦᠮᠡᠨ ᠎ᠦ ᠳᠡᠷᠭᠡᠳᠡᠬᠢ ᠲᠠᠯᠠᠪᠤᠷ ᠲᠥᠬᠦᠭᠡᠷᠦᠮᠵᠢ᠎ᠶᠢ ᠨᠠᠩ ᠭᠦᠢᠴᠡᠳ ᠴᠢᠨᠠᠷ ᠰᠠᠢᠲᠠᠢ ᠪᠣᠯᠭᠠᠵᠤ᠂ ᠣᠯᠠᠨ ᠲᠦᠮᠡᠨ᠎ᠦ ᠪᠡᠶ᠎ᠡ᠎ᠶᠢᠨ ᠲᠠᠮᠢᠷ᠎ᠤᠨ ᠤᠷᠤᠯᠳᠤᠭᠠᠨ ᠪᠠ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠶᠢ ᠨᠠᠩ ᠡᠯᠪᠡᠭ ᠪᠠᠶᠠᠯᠢᠭ᠋ ᠪᠣᠯᠭᠠᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠨᠠᠩ ᠠᠮᠤᠷ ᠲᠦᠪᠰᠢᠨ ᠵᠢᠷᠤᠮᠵᠢᠭᠤᠨ ᠪᠣᠯᠭᠠᠵᠤ᠂ ᠡᠯ᠎ᠡ ᠲᠥᠷᠥᠯ᠎ᠦᠨ ᠪᠡᠶ᠎ᠡ᠎ᠶᠢᠨ ᠲᠠᠮᠢᠷ᠎ᠤᠨ ᠵᠣᠬᠢᠶᠠᠨ ᠪᠠᠢᠭᠤᠯᠤᠯᠲᠠ᠎ᠶᠢ ᠡᠮᠬᠢ ᠵᠢᠷᠤᠮ᠎ᠲᠠᠢ ᠬᠥᠭᠵᠢᠭᠦᠯᠵᠦ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠢᠯᠠᠭᠠᠭᠳᠠᠬᠤᠨ᠎ᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠵᠤ᠂ ᠠᠭᠤᠷ ᠠᠮᠢᠰᠬᠤᠯ᠎ᠢ ᠡᠳᠦᠷ ᠢᠷᠡᠬᠦᠶ᠎ᠡ ᠵᠤᠵᠠᠭᠠᠷᠠᠭᠤᠯᠵᠤ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ ᠣᠯᠠᠨ ᠲᠦᠮᠡᠨ᠎ᠦ ᠥᠷᠭᠡᠨ᠎ᠢᠶᠡᠷ ᠣᠷᠣᠯᠴᠠᠬᠤ ᠠᠮᠢᠳᠤᠷᠠᠯ᠎ᠤᠨ ᠠᠷᠭ᠎ᠠ ᠮᠠᠶᠢᠭ᠋ ᠪᠣᠯᠭᠠᠨ᠎ᠠ᠃ ᠬᠥᠮᠥᠨ ᠪᠦᠷᠢ᠎ᠶᠢᠨ ᠳᠤᠮᠳᠠᠴᠢ ᠪᠡᠶ᠎ᠡ᠎ᠶᠢᠨ ᠲᠠᠮᠢᠷ᠎ᠤᠨ ᠲᠠᠯᠠᠪᠤᠷ᠎ᠤᠨ ᠲᠠᠯᠠᠪᠠᠶ᠎ᠶᠢ 4 ᠲᠡᠭᠰᠢ ᠳᠥᠷᠪᠡᠯᠵᠢᠨ ᠮᠧᠲᠷ ᠣᠷᠴᠢᠮ᠎ᠳᠤ ᠬᠦᠷᠦᠭᠦᠯᠵᠦ᠂ ᠮᠢᠩᠭᠠᠨ ᠬᠥᠮᠥᠨ ᠪᠦᠷᠢ᠎ᠳᠦ ᠨᠣᠭᠳᠠᠬᠤ ᠨᠡᠢᠭᠡᠮ᠎ᠦᠨ ᠪᠡᠶ᠎ᠡ᠎ᠶᠢᠨ ᠲᠠᠮᠢᠷ᠎ᠤᠨ ᠵᠢᠯᠣᠭᠣᠳᠤᠭ᠍ᠴᠢ᠎ᠶᠢ 3.3 ᠨᠡᠷᠡᠰ ᠣᠷᠴᠢᠮ᠎ᠳᠤ ᠬᠦᠷᠦᠭᠦᠯᠵᠦ᠂ ᠪᠡᠶ᠎ᠡ᠎ᠶᠢᠨ ᠲᠠᠮᠢᠷ ᠎ᠤᠨ ᠪᠣᠯᠪᠠᠰᠤᠷᠠᠯ᠎ᠳᠤ ᠪᠠᠢᠩᠭᠤ ᠣᠷᠣᠯᠴᠠᠬᠤ ᠬᠥᠮᠥᠨ᠎ᠦ ᠲᠣᠭ᠎ᠠ᠎ᠶᠢᠨ ᠬᠠᠷᠢᠴᠠᠯ᠎ᠢ 40% ᠣᠷᠴᠢᠮ᠎ᠳᠤ ᠬᠦᠷᠦᠭᠦᠯᠵᠦ᠂ ᠠᠷᠠᠳ ᠢᠷᠭᠡᠳ᠎ᠤᠨ ᠪᠡᠶ᠎ᠡ ᠮᠠᠬᠠᠪᠤᠳ᠎ᠤᠨ ᠬᠢᠷᠢ ᠬᠡᠮᠵᠢᠶ᠎ᠡ ᠎ᠶᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠦ ᠳᠤᠳᠤᠷᠬᠠᠢᠯᠠᠪᠠ᠃

《ᠲᠥᠯᠥᠪᠯᠡᠭᠡ》ᠳ᠋ᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠳᠦᠷᠢᠮ᠎ᠦᠨ ᠰᠢᠰᠲᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠬᠦ᠂ ᠣᠯᠠᠨ ᠲᠦᠮᠡᠨ᠎ᠦ ᠳᠡᠷᠭᠡᠳᠡᠬᠢ ᠪᠡᠶ᠎ᠡ ᠴᠢᠭᠢᠷᠠᠭᠵᠢᠭᠤᠯᠬᠤ ᠲᠠᠯᠠᠪᠠᠶ᠎ᠶᠢᠨ ᠳᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠬᠤ᠂ ᠡᠯᠪᠡᠭ ᠪᠠᠶᠠᠯᠢᠭ᠋ ᠣᠯᠠᠨ ᠲᠦᠮᠡᠨᠴᠢ ᠤᠷᠤᠯᠳᠤᠭᠠᠨ᠎ᠤ ᠠᠵᠢᠯᠯᠠᠭ᠎ᠠ ᠥᠷᠨᠢᠭᠦᠯᠬᠦ᠂ ᠪᠥᠬᠥ ᠠᠷᠠᠳ ᠎ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠢᠭᠤᠯᠤᠯᠲᠠ᠎ᠶᠢᠨ ᠦᠢᠯᠡᠴᠢᠯᠡᠭᠡᠨ ᠎ᠦ ᠲᠣᠣᠷ ᠎ᠢ ᠪᠦᠷᠢᠨᠰᠢᠭᠦᠯᠬᠦ᠂ ᠰᠢᠨᠵᠢᠯᠡᠬᠦ ᠤᠬᠠᠭᠠᠨᠴᠢ᠎ᠪᠠᠷ ᠪᠡᠶ᠎ᠡ ᠴᠢᠭᠢᠷᠠᠭᠵᠢᠭᠤᠯᠬᠤ᠎ᠶᠢ ᠵᠢᠯᠤᠭᠣᠳᠬᠤ ᠦᠢᠯᠡᠴᠢᠯᠡᠭᠡᠨ ᠎ᠦ ᠴᠢᠳᠠᠪᠤᠷᠢ᠎ᠶᠢ ᠳᠡᠭᠡᠭᠰᠢᠯᠡᠭᠦᠯᠬᠦ᠂ ᠵᠣᠬᠢᠶᠠᠮᠠᠯ ᠣᠶᠤᠨ ᠴᠢᠳᠠᠪᠤᠷᠢ᠎ᠶᠢ ᠬᠡᠷᠡᠭᠯᠡᠨ ᠪᠥᠬᠥ ᠠᠷᠠᠳ ᠎ᠤᠨ ᠪᠡᠶ᠎ᠡ ᠴᠢᠭᠢᠷᠠᠭᠵᠢᠭᠤᠯᠬᠤ ᠬᠥᠭᠵᠢᠯᠲᠡ᠎ᠳᠦ ᠬᠦᠴᠦᠨ ᠨᠡᠮᠡᠷᠢᠯᠡᠬᠦ᠂ ᠠᠳᠠᠯᠢ ᠪᠤᠰᠤ ᠬᠥᠮᠥᠰ ᠎ᠦᠨ ᠪᠡᠶ᠎ᠡ ᠴᠢᠭᠢᠷᠠᠭᠵᠢᠭᠤᠯᠬᠤ ᠵᠦᠷᠢᠶᠡᠴᠢᠯᠡᠭᠰᠡᠨ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠬᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠣᠶᠣᠯ ᠎ᠢ ᠲᠦᠭᠡᠮᠡᠯᠵᠢᠭᠦᠯᠬᠦ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠡᠰᠢᠲᠦ ᠴᠢᠳᠠᠮᠵᠢ ᠪᠠ ᠶᠡᠷᠦᠩᠬᠡᠢᠯᠡᠭᠰᠡᠨ ᠦᠨ᠎ᠡ ᠥᠷᠲᠡᠭ᠎ᠢ ᠪᠠᠳᠠᠷᠠᠭᠤᠯᠬᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠮᠤᠷ ᠲᠦᠪᠰᠢᠨ ᠎ᠦ ᠬᠠᠮᠢᠶᠠᠷᠤᠯᠲᠠ᠎ᠶᠢ ᠴᠢᠩᠭᠠᠳᠬᠠᠬᠤ ᠵᠡᠷᠭᠡ᠎ᠶᠢ ᠪᠠᠭᠲᠠᠭᠠᠭᠰᠠᠨ 10 ᠲᠠᠯ᠎ᠠ ᠵᠢᠨ  ᠭᠣᠣᠯ ᠡᠭᠦᠷᠭᠡ᠎ᠶᠢ ᠪᠠᠢᠷᠢᠯᠠᠭᠤᠯᠪᠠ᠃《ᠲᠥᠯᠥᠪᠯᠡᠭᠡ》ᠳ᠋ᠦ ᠪᠠᠰᠠ ᠬᠠᠷᠠᠯᠲᠠ ᠡᠭᠦᠷᠭᠡ ᠎ᠶᠢ ᠪᠡᠶᠡᠯᠡᠭᠦᠯᠬᠦ᠎ᠲᠠᠢ ᠤᠶᠠᠯᠳᠤᠭᠤᠯᠤᠨ᠂ ᠪᠠᠲᠤᠯᠠᠭ᠎ᠠ᠎ᠶᠢᠨ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠪᠠ᠃

《ᠲᠥᠯᠥᠪᠯᠡᠭᠡ》᠎ᠳᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠳᠠᠬᠢ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠦᠬᠦ ᠠᠷᠠᠳ ᠎ᠤᠨ ᠪᠡᠶ᠎ᠡ ᠴᠢᠭᠢᠷᠠᠭᠵᠢᠭᠤᠯᠬᠤ ᠦᠢᠯᠡᠰ᠎ᠦᠨ ᠬᠥᠭᠵᠢᠯᠲᠡ᠎ᠶᠢ ᠲᠤᠰ ᠭᠠᠵᠠᠷ ᠣᠷᠣᠨ᠎ᠤ ᠎ᠪᠠᠨ ᠤᠯᠤᠰ ᠠᠷᠠᠳ ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠬᠡᠷᠡᠭᠵᠢᠭᠦᠯᠦᠯᠲᠡ ᠯᠦ᠍ᠭᠡ ᠪᠦᠲᠦᠮᠵᠢᠲᠡᠶ ᠵᠣᠯᠭᠠᠭᠤᠯᠬᠤ ᠬᠡᠷᠡᠭᠲᠡᠢ ᠭᠡᠵᠦ ᠱᠠᠭᠠᠷᠳᠠᠪᠠ᠃

 

ᠢᠷᠡᠯᠲᠡ ᠄  ᠲᠥᠪ ᠲᠧᠯᠸᠢᠰ᠎ᠦᠨ ᠰᠣᠨᠢᠨ ᠮᠡᠳᠡᠭᠡ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号