ᠥᠪᠡᠷᠲᠡᠭᠡᠨ ᠵᠠᠰᠠᠬᠤ ᠣᠷᠣᠨ ᠎᠎ᠤ ᠨᠠᠮ ᠎᠎ᠤᠨ ᠬᠣᠷᠢᠶ᠎ᠠ ᠎᠎ᠶᠢᠨ ᠪᠠᠶ᠋ᠢᠩᠭᠤ᠎ ᠎ᠶᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠎ᠶᠢᠨ ᠵᠣᠷᠢᠭ ᠰᠠᠨᠠᠭ᠎ᠠ ᠎ᠶᠢ ᠰᠤᠷᠤᠯᠴᠠᠨ ᠲᠤᠭᠤᠰᠢᠯᠠᠭᠤᠯᠵᠤ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠬᠣᠶᠠᠳᠤᠭᠠᠷ ᠤᠳᠠᠭ᠎ᠠ ᠵᠢᠨ ᠪᠥᠬᠥᠳᠡ ᠬᠤᠷᠠᠯ᠎ᠢ ᠬᠤᠷᠠᠯᠳᠤᠭᠤᠯᠬᠤ᠎ᠪᠠᠷ ᠲᠣᠭᠲᠠᠪᠠ
2026-07-25 11:17:47
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆


ᠸᠠᠩ ᠸᠧᠶ ᠵᠥᠩ ᠬᠤᠷᠠᠯ ᠢ᠋ ᠡᠷᠭᠢᠯᠡᠵᠠᠢ


7 ᠰᠠᠷ᠎ᠠ᠎ᠶᠢᠨ 24 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ ᠎ᠢ ᠰᠤᠳᠤᠯᠤᠨ ᠪᠠᠶ᠋ᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠬᠣᠶᠠᠳᠤᠭᠠᠷ ᠤᠳᠠᠭ᠎ᠠ ᠵᠢᠨ ᠪᠦᠬᠦᠳᠡ ᠬᠤᠷᠠᠯ ᠎ᠢ ᠬᠤᠷᠠᠯᠳᠤᠭᠤᠯᠬᠤ᠎ᠪᠠᠷ ᠲᠣᠭᠲᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠠᠢ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠦᠩᠴᠢᠩ᠎ᠦᠨ ᠫᠸᠩ ᠱᠦᠢ ᠰᠢᠶᠠᠨ᠎ᠤ᠋ ᠠᠭᠤᠯᠠᠨ ᠪᠠᠯ ᠨᠤᠷᠠᠭᠰᠠᠨ ᠲᠤᠬᠠᠢ ᠴᠢᠬᠤᠯᠠ ᠴᠣᠬᠣᠯᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠰᠠᠶ᠋ᠢᠳ ᠯᠢ ᠴᠢᠶᠠᠩ᠎ᠤᠨ ᠴᠣᠬᠣᠯᠠᠪᠤᠷᠢ᠎ᠶᠢᠨ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ᠂ ᠠᠷᠠᠳ ᠲᠦᠮᠡᠨ᠎ᠢ ᠳᠡᠭᠡᠳᠦᠯᠡᠬᠦ᠌᠎ᠶᠢ ᠪᠠᠷᠢᠮᠲᠠᠯᠠᠵᠤ᠂ ᠰᠡᠷᠭᠡᠶ᠋ᠢᠯᠡᠬᠦ᠌ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠵᠤ᠂ ᠠᠮᠤᠷ ᠲᠦᠪᠰᠢᠨ᠎ᠦ ᠰᠡᠷᠭᠡᠶ᠋ᠢᠯᠡᠬᠦ᠌ ᠠᠷᠭ᠎ᠠ ᠬᠡᠮᠵᠢᠶ᠎ᠡ᠎ᠶᠢ ᠦᠷᠭᠦᠯᠵᠢᠯᠡᠨ ᠪᠣᠳᠠᠲᠠᠢ ᠨᠠᠷᠢᠯᠢᠭ ᠠᠳᠬᠤᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠬᠡ᠎ᠶᠢᠨ ᠠᠮᠤᠷ ᠲᠦᠪᠰᠢᠨ᠎ᠢ ᠪᠦᠬᠦ᠌ ᠬᠦᠴᠦ᠎ᠪᠡᠷ᠎ᠢᠶᠡᠨ ᠬᠠᠮᠠᠭᠠᠯᠠᠬᠤ ᠬᠡᠷᠡᠭᠲᠡᠢ᠃ ᠠᠶᠤᠯ ᠲᠦᠭᠰᠢᠭᠦᠷᠢ᠎ᠶᠢ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠬᠤ ᠠᠵᠢᠯ᠎ᠢ ᠨᠠᠷᠢᠨ ᠬᠢᠨᠠᠮᠠᠭᠠᠶ ᠥᠷᠨᠢᠭᠦᠯᠵᠦ᠍᠂ ᠢᠯᠠᠩᠭᠤᠶ᠎ᠠ ᠠᠭᠤᠯᠠ ᠬᠥᠲᠥᠯ ᠲᠠᠭᠠᠦ ᠵᠢᠨ ᠬᠡᠷ ᠪᠠᠶ᠋ᠢᠰᠢᠩ᠂ ᠬᠥᠲᠥᠯ᠎ᠢ ᠬᠡᠷᠴᠢᠵᠦ ᠪᠠᠢᠭᠤᠯᠤᠬᠰᠡᠨ ᠭᠡᠷ ᠪᠠᠢᠰᠢᠩ᠂ ᠵᠠᠰᠠᠮᠠᠯ ᠵᠠᠮ ᠲᠡᠮᠦᠷ ᠵᠠᠮ᠎ᠤᠨ ᠲᠥᠬᠥᠭᠡᠷᠦᠮᠵᠢ᠂ ᠠᠶᠤᠯ ᠭᠡᠮ᠎ᠲᠡᠶ ᠤᠰᠤᠨ ᠴᠥᠭᠥᠷᠥᠮ ᠵᠡᠷᠭᠡ ᠎ᠶᠢ ᠨᠢᠭᠲᠠ ᠠᠩᠬᠠᠷᠴᠤ᠌᠂ ᠲᠣᠭᠣᠷᠢᠨ ᠪᠠᠶ᠋ᠢᠴᠠᠭᠠᠬᠤ ᠤᠳᠠᠭ᠎ᠠ ᠵᠢ ᠨᠡᠮᠡᠭᠳᠡᠭᠦᠯᠦᠨ᠂  ᠤᠷᠢᠳᠴᠢᠯᠠᠨ ᠰᠡᠷᠡᠮᠵᠢᠯᠡᠭᠦᠯᠵᠦ᠍ ᠬᠢᠨᠠᠨ ᠬᠡᠮᠵᠢᠬᠦ᠌᠎ᠶᠢ ᠴᠢᠩᠭᠠᠳᠬᠠᠵᠤ᠂ ᠠᠰᠠᠭᠤᠳᠠᠯ ᠎ᠢ ᠡᠷᠲᠡ ᠢᠯᠡᠷᠡᠭᠦᠯᠵᠦ᠍ ᠪᠠᠭ᠎ᠠ᠎ᠲᠡᠭᠡᠷ᠎ᠠ ᠨᠢ ᠰᠢᠢᠳᠪᠦᠷᠢᠯᠡᠬᠦ᠌᠎ᠶᠢ ᠦᠨᠡᠨ ᠬᠦ᠌ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ᠎ᠦᠨ ᠶᠡᠬᠡ ᠵᠢᠭᠰᠠᠭᠠᠨ ᠪᠠᠶ᠋ᠢᠴᠠᠭᠠᠯᠲᠠ ᠶᠡᠬᠡ ᠬᠢᠨᠠᠨ ᠪᠠᠶ᠋ᠢᠴᠠᠭᠠᠯᠲᠠ᠎ᠶᠢ ᠦᠷᠭᠦᠯᠵᠢᠯᠡᠨ ᠠᠬᠢᠭᠤᠯᠵᠤ᠂ ᠵᠠᠮ ᠬᠠᠷᠢᠯᠴᠠᠭ᠎ᠠ᠂ ᠭᠠᠯ ᠰᠡᠷᠭᠡᠶ᠋ᠢᠯᠡᠵᠦ᠍ ᠭᠠᠯ ᠤᠨᠲᠠᠷᠠᠭᠠᠬᠤ᠂ ᠬᠢᠮᠢ᠎ᠶᠢᠨ ᠠᠵᠤ ᠦᠢᠯᠡᠳᠪᠦᠷᠢ᠂ ᠨᠡᠭᠦᠷᠡᠰᠦᠨ ᠠᠭᠤᠷᠬᠠᠢ ᠪᠣᠯᠤᠨ ᠨᠡᠭᠦᠷᠡᠰᠦᠨ᠎ᠦ ᠪᠤᠰᠤ ᠠᠭᠤᠷᠬᠠᠢ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠠᠶᠤᠯ ᠲᠦᠭᠰᠢᠭᠦᠷᠢ ᠭᠡᠮ ᠰᠣᠭᠣᠭ᠎ᠢ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠬᠤ ᠡᠷᠴᠢᠮ ᠎ᠢᠶᠡᠨ ᠴᠢᠩᠭᠠᠷᠠᠭᠤᠯᠬᠤ ᠬᠡᠷᠡᠭᠲᠡᠢ᠃ ᠦᠶᠡᠷ᠎ᠢ ᠰᠡᠷᠭᠡᠶ᠋ᠢᠯᠡᠵᠦ᠍ ᠭᠠᠮᠰᠢᠭ᠎ᠡᠴᠡ ᠠᠪᠤᠷᠠᠬᠤ ᠠᠵᠢᠯ ᠎ᠢ ᠰᠠᠶ᠋ᠢᠲᠤᠷ ᠬᠢᠵᠦ᠍᠂ ᠬᠣᠷᠢᠭ᠎ᠠ ᠱᠤᠭᠤᠮ᠎ᠤᠨ ᠰᠡᠳᠬᠢᠬᠦᠢ᠂ ᠲᠤᠢᠯᠰᠢᠷᠠᠯ ᠤ᠋ᠨ ᠰᠡᠳᠬᠢᠬᠦᠢ᠎ᠪᠡᠷ ᠭᠠᠷᠴᠤ᠌ ᠮᠡᠳᠡᠬᠦ᠌ ᠬᠡᠲᠦᠷᠡᠮᠡᠬᠡᠢ ᠪᠠᠶ᠋ᠢᠳᠠᠯ᠎ᠢ ᠠᠷᠭᠠᠴᠠᠭᠠᠬᠤ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ 2026 ᠳᠡᠯᠡᠬᠡᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠶᠡᠬᠡ ᠬᠤᠷᠠᠯ ᠵᠢᠴᠢ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ᠌ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠡᠰ᠎ᠤᠨ ᠬᠤᠷᠠᠯ᠎ᠤᠨ ᠡᠬᠢᠯᠡᠯᠲᠡ᠎ᠶᠢᠨ ᠶᠣᠰᠣᠯᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠠ ᠲᠣᠬᠢᠶᠠᠯ᠎ᠢ ᠠᠮᠵᠢᠨ ᠵᠣᠬᠢᠶᠠᠮᠠᠯ ᠤᠶᠤᠨ ᠴᠢᠳᠠᠪᠤᠷᠢ᠎ᠶᠢ ᠲᠦᠷᠭᠡᠳᠬᠡᠨ ᠬᠥᠭᠵᠢᠭᠦᠯᠵᠦ᠍᠂ ᠰᠢᠨ᠎ᠡ ᠴᠢᠨᠠᠷ᠎ᠤᠨ ᠦᠢᠯᠡᠳᠪᠦᠷᠢᠯᠡᠯ ᠎ᠦᠨ ᠬᠦᠴᠦᠨ᠎ᠦ ᠪᠦᠷᠢᠯᠳᠦᠯ ᠎ᠢ ᠠᠬᠢᠭᠤᠯᠬᠤ ᠬᠡᠷᠡᠭᠲᠡᠢ᠃ ᠡᠨᠧᠷᠭᠢ᠂ ᠮᠠᠯ ᠠᠵᠤ ᠠᠬᠤᠢ ᠲᠠᠷᠢᠶᠠᠯᠠᠩ᠂ ᠬᠣᠪᠣᠷ ᠰᠢᠷᠣᠢ᠂ ᠠᠮᠢ ᠠᠬᠤᠢ ᠣᠷᠴᠢᠨ ᠲᠣᠭᠣᠷᠢᠨ ᠵᠡᠷᠭᠡ ᠬᠦᠷᠢᠶᠡᠨ᠎ᠳ᠋ᠡᠬᠢ ᠥᠪᠡᠷᠮᠢᠴᠡ ᠳᠠᠪᠠᠭᠤᠯᠢᠭ᠎ᠲᠤ᠌ ᠰᠠᠭᠤᠷᠢᠯᠠᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠬᠦᠷᠢᠶᠡᠨ᠎ᠳ᠋ᠡᠬᠢ ᠳᠡᠭᠡᠳᠦ ᠴᠢᠳᠠᠪᠬᠢ ᠲᠡᠰ᠎ᠤᠨ ᠰᠢᠨ᠎ᠡ᠎ᠶᠢ ᠡᠭᠦᠳᠬᠦ᠌ ᠲᠠᠪᠴᠠᠩ ᠪᠣᠯᠤᠨ ᠰᠢᠨ᠎ᠡ᠎ᠶᠢ ᠡᠭᠦᠳᠬᠦ᠌ ᠭᠣᠣᠯ ᠴᠣᠭᠴᠠ᠎ᠶᠢ ᠶᠡᠬᠡ᠎ᠪᠡᠷ ᠪᠣᠶ᠋ᠢᠵᠢᠭᠤᠯᠬᠤ ᠬᠡᠷᠡᠭᠲᠡᠢ᠃  《ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ᠎ᠶᠢ ᠭᠦᠨᠵᠡᠭᠡᠶ ᠬᠡᠷᠡᠭᠵᠢᠭᠦᠯᠵᠦ᠍᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠠᠬᠤᠢ ᠪᠠᠢᠳᠠᠯ ᠢ᠋ ᠪᠣᠶ᠋ᠢᠵᠢᠭᠤᠯᠬᠤ᠂ ᠨᠡᠭᠡᠭᠡᠯᠲᠡ ᠬᠢᠬᠦ᠌ ᠪᠠ ᠶᠡᠬᠡ ᠬᠡᠪᠴᠢᠶ᠎ᠡ᠎ᠪᠡᠷ ᠬᠡᠷᠡᠭᠯᠡᠬᠦ᠌᠎ᠶᠢ ᠲᠦᠷᠭᠡᠳᠬᠡᠵᠦ᠍᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ᠎ᠤᠨ ᠠᠰᠠᠷᠠᠮᠵᠢ᠂ ᠠᠶᠤᠯᠭᠦᠶ ᠦᠢᠯᠡᠳᠪᠤᠷᠢᠯᠡᠯ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠨᠠᠩ ᠰᠠᠶ᠋ᠢᠨ ᠬᠦᠴᠦᠨ ᠣᠯᠭᠣᠬᠤ ᠬᠡᠷᠡᠭᠲᠡᠶ᠃ ᠬᠥᠭᠵᠢᠯᠲᠡ ᠪᠠ ᠠᠮᠤᠷ ᠲᠦᠪᠰᠢᠨ᠎ᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠵᠠᠰᠠᠯᠲᠠ᠎ᠶᠢᠨ ᠲᠣᠭᠲᠠᠴᠠ᠎ᠶᠢ ᠬᠦᠴᠦᠯᠡᠨ ᠲᠡᠭᠦᠯᠳᠡᠷᠵᠢᠭᠦᠯᠵᠦ᠍᠂ ᠵᠣᠬᠢᠶᠠᠮᠠᠯ ᠤᠶᠤᠨ ᠴᠢᠳᠠᠪᠤᠷᠢ᠎ᠶᠢᠨ ᠠᠮᠤᠷ ᠲᠦᠪᠰᠢᠨ᠂ ᠨᠠᠶ᠋ᠢᠳᠠᠪᠤᠷᠢᠲᠠᠢ᠂ ᠡᠵᠡᠮᠳᠡᠵᠦ᠍ ᠪᠣᠯᠬᠤ᠂ ᠥᠭᠡᠳᠡᠷᠬᠡᠭ ᠲᠠᠪᠰᠢᠨᠭᠭᠤᠢ ᠦᠨᠡᠨᠴᠢ ᠴᠠᠶ᠋ᠢᠯᠭᠠᠨ᠂ ᠬᠥᠮᠦᠨ ᠲᠥᠷᠥᠯᠬᠢᠲᠡᠨ ᠎ᠳᠦ ᠪᠤᠶᠠᠨ ᠦᠢᠯᠡᠳᠬᠦ᠌ ᠴᠢᠭᠯᠡᠯ ᠲᠡᠶ᠋ᠢᠰᠢ ᠬᠥᠭᠵᠢᠬᠦ᠌᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠰᠠᠭᠤᠷᠢ ᠰᠤᠷᠭᠠᠨ ᠬᠥᠮᠦᠵᠢᠯ᠎ᠦᠨ ᠠᠵᠢᠯ᠎ᠤᠨ ᠲᠤᠬᠠᠶ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ᠪᠥᠬᠥ᠌ ᠤᠯᠤᠰ᠎ᠤᠨ ᠰᠠᠭᠤᠷᠢ ᠰᠤᠷᠭᠠᠨ ᠬᠥᠮᠦᠵᠢᠯ᠎ᠦᠨ ᠠᠵᠢᠯ᠎ᠤᠨ ᠬᠤᠷᠠᠯ᠎ᠤᠨ ᠱᠠᠭᠠᠷᠳᠠᠯᠭ᠎ᠠ᠎ᠶᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠵᠤ᠂ ᠨᠠᠮ᠎ᠤᠨ ᠰᠤᠷᠭᠠᠨ ᠬᠥᠮᠦᠵᠢᠯ᠎ᠦᠨ ᠴᠢᠭᠯᠡᠯᠲᠡ᠎ᠶᠢ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠴᠠᠭ ᠦᠶ᠎ᠡ᠎ᠶᠢᠨ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠢᠨᠵᠧᠨᠧᠷᠢᠩ ᠎ᠢ ᠭᠦᠨᠵᠡᠭᠡᠶ ᠬᠡᠷᠡᠭᠵᠢᠭᠦᠯᠵᠦ᠍ ᠂ ᠰᠠᠭᠤᠷᠢ ᠰᠤᠷᠭᠠᠨ ᠬᠥᠮᠦᠵᠢᠯ᠎ᠦᠨ ᠰᠢᠯᠢᠳᠡᠭ᠎ᠢ ᠥᠷᠭᠡᠳᠬᠡᠨ ᠴᠢᠨᠠᠷ᠎ᠢ ᠳᠡᠭᠡᠭᠰᠢᠯᠡᠭᠦᠯᠬᠦ᠌᠎ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ᠎ᠤᠨ ᠬᠦᠴᠦᠷᠬᠡᠭ ᠣᠷᠣᠨ᠎ᠢ  ᠪᠥᠲᠥᠭᠡᠨ ᠪᠠᠶ᠋ᠢᠭᠤᠯᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠨᠠᠮ᠎ᠤᠨ ᠰᠢᠨ᠎ᠡ ᠡᠭᠦᠳᠦᠯᠲᠡ᠎ᠶᠢᠨ ᠤᠨᠤᠯ᠎ᠢᠶᠠᠷ ᠰᠦᠭ ᠰᠦᠨᠡᠰᠦ᠎ᠶᠢ ᠱᠤᠭᠤᠵᠤ ᠬᠥᠮᠦᠨ᠎ᠢ ᠬᠥᠮᠦᠵᠢᠭᠦᠯᠬᠦ᠌᠎ᠶᠢ ᠪᠠᠷᠢᠮᠲᠠᠯᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠵᠢᠭᠠᠬᠤ ᠮᠠᠲ᠋ᠧᠷᠢᠶᠠᠯ᠎ᠳᠤ ᠣᠷᠣᠭᠤᠯᠬᠤ᠂ ᠬᠢᠴᠢᠶᠡᠯ᠎ᠦᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭᠠᠢ᠎ᠳᠤ ᠬᠠᠳᠠᠩᠰᠢᠭᠤᠯᠬᠤ᠎ᠶᠢ ᠦᠷᠭᠦᠯᠵᠢᠯᠡᠨ ᠭᠦᠨᠵᠡᠭᠡᠢ ᠠᠬᠢᠭᠤᠯᠬᠤ ᠬᠡᠷᠡᠭᠲᠡᠢ᠃ ᠬᠥᠮᠦᠨ ᠠᠮᠠ᠎ᠶᠢᠨ ᠬᠤᠪᠢᠷᠠᠯᠲᠠ᠎ᠯᠤᠭ᠎ᠠ ᠲᠣᠬᠢᠷᠠᠯᠴᠠᠭᠰᠠᠨ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠲᠣᠬᠢᠷᠠᠭᠤᠯᠬᠤ ᠲᠣᠭᠲᠡᠴᠡ᠎ᠶᠢ ᠪᠦᠷᠢᠨᠰᠢᠭᠦᠯᠵᠦ᠍᠂ ᠬᠣᠲᠠ ᠬᠥᠳᠡᠭᠡ᠎ᠶᠢᠨ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠬᠦ ᠡᠷᠴᠢᠮ᠎ᠢᠶᠡᠨ ᠨᠡᠮᠡᠭᠳᠡᠭᠦᠯᠵᠦ᠍᠂ ᠡᠯ᠎ᠡ ᠰᠤᠷᠤᠯᠭ᠎ᠠ᠎ᠶᠢᠨ ᠱᠠᠲᠤᠨ᠎ᠤ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠬᠡᠷᠡᠭᠯᠡᠬᠦ᠌ ᠨᠡᠪᠲᠡᠷᠡᠯ ᠵᠠᠮ᠎ᠢ ᠪᠦᠬᠦ᠌ ᠲᠠᠯ᠎ᠠ᠎ᠪᠠᠷ ᠨᠡᠪᠲᠡᠷᠡᠭᠦᠯᠬᠦ᠌ ᠬᠡᠷᠡᠭᠲᠡᠶ᠃ ᠰᠢᠨ᠎ᠡ ᠴᠠᠭ ᠦᠶ᠎ᠡ᠎ᠶᠢᠨ ᠪᠠᠭᠰᠢ᠎ᠶᠢᠨ ᠮᠣᠷᠠᠯ ᠪᠠᠭᠰᠢ᠎ᠶᠢᠨ ᠰᠤᠷᠲᠠᠯ᠎ᠤᠨ ᠪᠠᠶ᠋ᠢᠭᠤᠯᠤᠯᠲᠠ᠎ᠶᠢᠨ ᠣᠷᠳᠣ ᠬᠤᠭᠤᠴᠠᠭᠠᠨ᠎ᠤ ᠪᠦᠲᠦᠮᠵᠢᠲᠡᠶ ᠲᠣᠭᠲᠡᠴᠡ᠎ᠶᠢ ᠪᠦᠷᠢᠨᠰᠢᠭᠦᠯᠵᠦ᠍᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠪᠠᠭᠰᠢ᠎ᠶᠢᠨ ᠲᠤᠰᠬᠠᠶ ᠮᠡᠷᠭᠡᠵᠢᠯ᠎ᠦᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠍ ᠂ ᠥᠨᠳᠥᠷ ᠬᠡᠪ ᠪᠣᠯᠪᠠᠰᠤᠷᠠᠯ᠎ᠲᠠᠶ ᠲᠤᠰᠬᠠᠶ᠋ᠢᠵᠢᠭᠰᠠᠨ ᠪᠠᠭᠰᠢ᠎ᠶᠢᠨ ᠡᠩᠨᠡᠭᠡ᠎ᠶᠢ ᠬᠦᠴᠦᠯᠡᠨ ᠪᠠᠶ᠋ᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ᠎ᠡᠴᠡ ᠳᠡᠳ᠋ ᠶᠡᠷᠦᠩᠬᠡᠶ ᠰᠠᠶ᠋ᠢᠳ ᠾᠧ ᠯᠢ ᠹᠧᠩ᠎ᠦᠨ ᠮᠠᠨ᠎ᠤ ᠣᠷᠣᠨ᠎ᠳᠤ ᠪᠠᠶ᠋ᠢᠴᠠᠭᠠᠨ ᠰᠤᠳᠤᠯᠤᠯᠲᠠ ᠬᠢᠬᠦ᠌᠎ᠳᠡᠭᠡᠨ ᠳᠤᠷᠠᠳᠤᠭᠰᠠᠨ ᠠᠵᠢᠯ᠎ᠤᠨ ᠱᠠᠭᠠᠷᠳᠠᠯᠭ᠎ᠠ᠎ᠶᠢ ᠤᠯᠠᠮᠵᠢᠯᠠᠨ ᠰᠤᠷᠤᠯᠴᠠᠵᠤ᠂ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠎ᠶᠢ ᠭᠦᠨᠵᠡᠭᠡᠶ ᠲᠤᠭᠤᠰᠢᠯᠠᠭᠤᠯᠵᠤ᠂ ᠴᠢᠩᠭ᠎ᠠ ᠬᠠᠷᠢᠭᠤᠴᠠᠯᠭᠠᠲᠦ ᠰᠡᠳᠬᠢᠯᠭᠡ ᠪᠠ᠎ᠲᠤᠯᠭᠠᠮ ᠪᠤᠳᠤᠯ᠎ᠢᠶᠡᠷ ᠳᠤᠮᠳᠠᠳᠤ ᠤᠯᠤᠰ (ᠥᠪᠥᠷ ᠮᠣᠩᠭᠣᠯ) ᠎ᠤ᠋ᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠬᠤ ᠬᠡᠷᠡᠭᠲᠡᠶ᠃ ᠲᠦᠷᠢᠮ᠎ᠦᠨ ᠰᠢᠨ᠎ᠡ᠎ᠶᠢ ᠡᠭᠦᠳᠬᠦ᠌ ᠡᠨᠡ ᠬᠦ᠌ ᠭᠣᠣᠯ ᠡᠭᠦᠷᠭᠡ᠎ᠶᠢ ᠲᠣᠭᠲᠠᠭᠠᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠥᠭᠡᠷᠡᠴᠢᠯᠡᠯᠲᠡ ᠬᠢᠵᠦ᠍ ᠰᠢᠨ᠎ᠡ᠎ᠶᠢ ᠡᠭᠦᠳᠴᠦ᠍᠂ ᠢᠳᠡᠪᠬᠢᠲᠡᠢ ᠰᠦᠪᠡᠭᠴᠢᠯᠡᠨ᠂ ᠥᠪᠥᠷ ᠮᠣᠩᠭᠣᠯ᠎ᠤᠨ ᠡᠨᠡ ᠬᠦ᠌ 《ᠲᠤᠷᠰᠢᠯᠲᠠ᠎ᠶᠢᠨ ᠲᠠᠷᠢᠶ᠎ᠠ》 ᠳᠡᠭᠡᠷ᠎ᠡ ᠲᠦᠷᠢᠮ᠎ᠦᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠨᠡᠩ ᠤᠯᠠᠨ ᠭᠠᠷᠭᠠᠬᠤ᠎ᠪᠠᠷ ᠴᠢᠷᠮᠠᠶ᠋ᠢᠬᠤ ᠬᠡᠷᠡᠭᠲᠡᠢ᠃ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠳᠦᠭᠡᠨ ᠪᠠᠶ᠋ᠢᠭᠤᠯᠤᠯᠲᠠ᠎ᠪᠠᠷ ᠠᠵᠠ ᠲᠣᠬᠢᠶᠠᠯ ᠪᠣᠯᠭᠠᠵᠤ᠂ 《ᠨᠢᠭᠡ ᠪᠦᠰᠡ ᠨᠢᠭᠡ ᠵᠠᠮ》 ᠎ᠢ᠋  ᠬᠠᠮᠲᠤ᠎ᠪᠠᠷ ᠪᠦᠳᠦᠭᠡᠨ ᠪᠠᠶ᠋ᠢᠭᠤᠯᠬᠤ᠎ᠳᠤ ᠭᠦᠨᠵᠡᠭᠡᠢ ᠣᠷᠣᠯᠴᠠᠵᠤ᠂ ᠭᠠᠳᠠᠭᠠᠳᠤ ᠨᠡᠭᠡᠭᠡᠯᠳᠠ᠎ᠪᠡᠨ ᠦᠷᠭᠦᠯᠵᠢᠯᠡᠨ ᠥᠷᠭᠡᠳᠬᠡᠬᠦ᠌ ᠬᠡᠷᠡᠭᠲᠡᠢ᠃ ᠥᠨᠳᠥᠷ ᠲᠦᠪᠰᠢᠨ ᠪᠦᠬᠦᠢ ᠨᠡᠬᠡᠬᠡᠯᠳᠡ᠎ᠲᠡᠶ ᠲᠤᠬᠢᠷᠠᠯᠴᠠᠭᠰᠠᠨ ᠠᠶᠤᠯ ᠲᠦᠭᠰᠢᠭᠦᠷᠢ᠎ᠶᠢ ᠰᠡᠷᠭᠡᠶ᠋ᠢᠯᠡᠨ ᠡᠵᠡᠮᠳᠡᠬᠦ᠌ ᠰᠢᠰᠲ᠋ᠧᠮ᠎ᠢ ᠪᠠᠶ᠋ᠢᠭᠤᠯᠤᠨ ᠪᠦᠷᠢᠨᠰᠢᠬᠦᠯᠵᠤ᠂ ᠰᠢᠯᠭᠠᠨ ᠪᠠᠶ᠋ᠢᠴᠠᠭᠠᠬᠤ ᠬᠢᠵᠢᠭ ᠪᠠᠶ᠋ᠢᠴᠠᠭᠠᠬᠤ᠂ ᠲᠣᠭ᠎ᠠ ᠪᠠᠷᠢᠮᠲᠠ᠎ᠶᠢᠨ ᠬᠢᠯᠢ ᠠᠯᠤᠰᠯᠠᠨ ᠰᠢᠯᠵᠢᠬᠦ᠌ ᠵᠡᠷᠭᠡ ᠭᠣᠣᠯᠳᠠᠯᠭ᠎ᠠ᠎ᠲᠠᠶ ᠬᠦᠷᠢᠶᠡᠨ ᠳ᠋ᠡᠬᠢ ᠠᠶᠤᠯ ᠲᠦᠭᠰᠢᠭᠦᠷᠢ᠎ᠶᠢ ᠢᠯᠭᠠᠨ ᠲᠠᠨᠢᠵᠤ ᠰᠡᠷᠭᠡᠶ᠋ᠢᠯᠡᠨ ᠡᠵᠡᠮᠳᠡᠬᠦ᠌᠎ᠶᠢ ᠴᠢᠩᠭᠠᠳᠬᠠᠵᠤ᠂ 《ᠠᠮᠢᠳᠤᠯᠢᠭ ᠪᠣᠯᠭᠠᠬᠤ》 ᠮᠥᠷᠲᠡᠭᠡᠨ 《ᠰᠠᠶ᠋ᠢᠲᠤᠷ ᠬᠠᠮᠢᠶᠠᠷᠬᠤ》 ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠬᠣᠶᠠᠳᠤᠭᠠᠷ ᠤᠳᠠᠭ᠎ᠠ ᠵᠢᠨ ᠪᠥᠬᠦᠳᠡ ᠬᠤᠷᠠᠯ᠎ᠤᠨ ᠪᠡᠯᠡᠳᠬᠡᠯ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠎ᠶᠢ ᠰᠣᠨᠣᠰᠴᠤ᠌᠂ 7 ᠰᠠᠷ᠎ᠠ᠎ᠶᠢᠨ 31 ᠤ᠋ ᠡᠳᠦᠷ ᠬᠥᠬᠡᠬᠣᠲᠠ᠎ᠳᠤ ᠪᠥᠬᠦᠳᠡ ᠬᠤᠷᠠᠯ᠎ᠢ ᠬᠤᠷᠠᠯᠳᠤᠭᠤᠯᠬᠤ᠎ᠪᠠᠷ ᠲᠣᠭᠲᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号