ᠳᠡᠭᠡᠷ᠎ᠠ ᠬᠠᠭᠠᠰ ᠵᠢᠯ ᠳ᠋ᠤ ᠦᠪᠦᠷ ᠮᠤᠨᠭᠭᠤᠯ ᠤ᠋ᠨ ᠤᠷᠤᠨ ᠨᠤᠳᠤᠭ ᠤ᠋ᠨ ᠦᠢᠯᠡᠳᠪᠤᠷᠢᠯᠡᠯ ᠤ᠋ᠨ ᠶᠡᠷᠦᠩᠬᠡᠢ ᠦᠷᠳᠡᠭ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 4.5% ᠪᠡᠷ ᠨᠡᠮᠡᠭᠳᠡᠪᠡ
2026-07-25 11:45:49
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠲᠤᠭ᠎ᠠ ᠪᠦᠷᠢᠳᠭᠡᠯ ᠤ᠋ᠨ ᠲᠤᠪᠴᠢᠶ᠎ᠠ ᠡᠴᠡ ᠤᠢᠯᠠᠭᠠᠭᠰᠠᠨ ᠶ᠋ᠢᠡᠷ᠂ ᠳᠡᠭᠡᠷ᠎ᠠ ᠬᠠᠭᠠᠰ ᠵᠢᠯ ᠳ᠋ᠤ ᠦᠪᠦᠷ ᠮᠤᠨᠭᠭᠤᠯ᠎ᠤᠨ ᠤᠷᠤᠨ ᠨᠤᠳᠤᠭ ᠤ᠋ᠨ ᠦᠢᠯᠡᠳᠪᠤᠷᠢᠯᠡᠯ ᠤ᠋ᠨ ᠶᠡᠷᠦᠩᠬᠡᠢ ᠦᠷᠳᠡᠭ 12810 ᠳ᠋ᠦᠩᠰᠢᠭᠤᠷ ᠲᠦᠭᠦᠷᠢᠭ ᠲᠦ᠍ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 4.5% ᠪᠡᠷ ᠨᠡᠮᠡᠭᠳᠡᠪᠡ᠃

ᠳᠡᠭᠡᠷ᠎ᠠ ᠬᠠᠭᠠᠰ ᠵᠢᠯ ᠳ᠋ᠤ᠂ ᠪᠦᠬᠦ ᠤᠷᠤᠨ ᠤ᠋ ᠨᠢᠭᠡᠳᠦᠭᠡᠷ ᠠᠵᠤ ᠦᠢᠯᠡᠰ 425 ᠳ᠋ᠦᠩᠰᠢᠭᠤᠷ ᠲᠦᠭᠦᠷᠢᠭ ᠤ᠋ᠨ ᠨᠡᠮᠡᠭᠳᠡᠯ ᠦᠷᠳᠡᠭ ᠢ᠋ ᠪᠡᠶᠡᠯᠡᠭᠦᠯᠵᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 4.4% ᠪᠡᠷ ᠨᠡᠮᠡᠭᠳᠡᠨ᠂ ᠬᠤᠶᠠᠳᠤᠭᠠᠷ ᠠᠵᠤ ᠦᠢᠯᠡᠰ 5920 ᠳ᠋ᠦᠩᠰᠢᠭᠤᠷ ᠲᠦᠭᠦᠷᠢᠭ ᠤ᠋ᠨ ᠨᠡᠮᠡᠭᠳᠡᠯ ᠦᠷᠳᠡᠭ ᠢ᠋ ᠪᠡᠶᠡᠯᠡᠭᠦᠯᠵᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 5.1% ᠪᠡᠷ ᠨᠡᠮᠡᠭᠳᠡᠨ᠂ ᠭᠤᠷᠪᠠᠳᠤᠭᠠᠷ ᠠᠵᠤ ᠦᠢᠯᠡᠰ 6466 ᠳ᠋ᠦᠩᠰᠢᠭᠤᠷ ᠲᠦᠭᠦᠷᠢᠭ ᠤ᠋ᠨ ᠨᠡᠮᠡᠭᠳᠡᠯ ᠦᠷᠳᠡᠭ ᠢ᠋ ᠪᠡᠶᠡᠯᠡᠭᠦᠯᠵᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 3.9% ᠪᠡᠷ ᠨᠡᠮᠡᠭᠳᠡᠵᠠᠢ᠃ ᠡᠭᠦᠨ ᠳ᠋ᠤ᠂ ᠪᠦᠬᠦ ᠤᠷᠤᠨ ᠤ᠋ ᠲᠠᠷᠢᠶᠠᠯᠠᠩ ᠮᠠᠯ ᠠᠵᠤ ᠠᠬᠤᠢ ᠤᠢ ᠰᠢᠭᠤᠢ ᠵᠢᠭᠠᠰᠤᠨ ᠤ᠋ ᠦᠢᠯᠡᠰ ᠤ᠋ᠨ ᠨᠡᠮᠡᠭᠳᠡᠯ ᠦᠷᠳᠡᠭ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 4.5% ᠪᠡᠷ ᠨᠡᠮᠡᠭᠳᠡᠵᠦ᠂ ᠲᠠᠷᠢᠶᠠᠯᠠᠩ ᠤ᠋ᠨ ᠦᠢᠯᠡᠳᠪᠤᠷᠢᠯᠡᠯ ᠤ᠋ᠨ ᠪᠠᠢᠳᠠᠯ ᠰᠠᠢᠨ ᠪᠠᠢᠵᠤ᠂ ᠮᠠᠯ ᠠᠵᠤ ᠠᠬᠤᠢ ᠶ᠋ᠢᠨ ᠦᠢᠯᠡᠳᠪᠤᠷᠢᠯᠡᠯ ᠢ᠋ ᠲᠤᠬᠲᠠᠪᠤᠷᠢᠵᠢᠭᠤᠯᠵᠤ ᠬᠠᠨᠭᠭᠠᠯᠭ᠎ᠠ ᠵᠢ ᠪᠠᠲᠤᠯᠠᠬᠤ ᠰᠠᠭᠤᠷᠢ ᠯᠠᠪᠳᠠᠭᠤᠨ ᠳᠤᠭᠳᠠᠭᠤᠨ ᠪᠠᠢᠨ᠎ᠠ᠃ ᠪᠦᠬᠦ ᠤᠷᠤᠨ ᠤ᠋ ᠬᠡᠪᠴᠢᠶᠠᠵᠢᠯ ᠡᠴᠡ ᠳᠡᠭᠡᠭᠰᠢᠬᠢ ᠠᠵᠤ ᠦᠢᠯᠡᠳᠪᠤᠷᠢ ᠶ᠋ᠢᠨ ᠨᠡᠮᠡᠭᠳᠡᠯ ᠦᠷᠳᠡᠭ 6.6% ᠪᠡᠷ ᠨᠡᠮᠡᠭᠳᠡᠵᠦ᠂ ᠲᠦᠷᠦᠭᠦᠦ 5 ᠰᠠᠷ᠎ᠠ ᠶ᠋ᠢᠨ ᠬᠢ ᠡᠴᠡ ᠵᠠᠭᠤᠨ ᠤ᠋ ᠬᠠᠷᠢᠴᠠᠯ ᠶ᠋ᠢᠡᠷ 0.7 ᠬᠤᠪᠢ ᠲᠦᠷᠭᠡᠳᠪᠡ᠃ ᠪᠦᠬᠦ ᠤᠷᠤᠨ ᠤ᠋ ᠦᠢᠯᠡᠴᠢᠯᠡᠭᠡᠨ ᠤ᠋ ᠦᠢᠯᠡᠰ ᠤ᠋ᠨ ᠨᠡᠮᠡᠭᠳᠡᠯ ᠦᠷᠳᠡᠭ 3.9% ᠪᠡᠷ ᠨᠡᠮᠡᠭᠳᠡᠵᠦ᠂ ᠦᠢᠯᠡᠴᠢᠯᠡᠭᠡᠨ ᠤ᠋ ᠦᠢᠯᠡᠰ ᠲᠤᠬᠲᠠᠭᠤᠨ ᠠᠵᠢᠯᠯᠠᠭᠠᠨ ᠢ᠋ ᠪᠠᠲᠤᠯᠠᠵᠤ᠂ ᠪᠤᠳᠤᠯᠲᠠ ᠶ᠋ᠢᠨ ᠬᠦᠴᠦᠨ ᠪᠠ ᠬᠠᠳᠠᠭᠠᠯᠠᠬᠤ ᠦᠢᠯᠡᠴᠢᠯᠡᠭᠡ ᠨᠡᠯᠢᠶᠡᠳ ᠲᠦᠷᠭᠡᠨ ᠨᠡᠮᠡᠭᠳᠡᠯ ᠢ᠋ ᠪᠠᠲᠤᠯᠠᠪᠠ᠃ ᠪᠦᠬᠦ ᠤᠷᠤᠨ ᠤ᠋ ᠠᠷᠠᠳ ᠤ᠋ᠨ ᠪᠡᠯᠡ ᠤᠷᠤᠭᠤᠯᠤᠯᠲᠠ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ 8.2% ᠢ᠋ᠶ᠋ᠡᠷ ᠨᠡᠮᠡᠭᠳᠡᠵᠦ᠂ ᠳᠡᠭᠡᠳᠦ ᠮᠡᠷᠭᠡᠵᠢᠯ ᠤ᠋ᠨ ᠠᠵᠤ ᠦᠢᠯᠡᠰ ᠤ᠋ᠨ ᠪᠡᠯᠡ ᠤᠷᠤᠭᠤᠯᠤᠯᠲᠠ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ 14.7% ᠪᠡᠷ ᠨᠡᠮᠡᠭᠳᠡᠪᠡ᠃ ᠪᠦᠬᠦ ᠤᠷᠤᠨ ᠤ᠋ ᠨᠡᠢᠭᠡᠮ ᠤ᠋ᠨ ᠬᠡᠷᠡᠭᠯᠡᠭᠡᠨ ᠤ᠋ ᠪᠤᠳᠠᠰ ᠢ᠋ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠠ 2540 ᠳ᠋ᠦᠩᠰᠢᠭᠤᠷ ᠲᠦᠭᠦᠷᠢᠭ ᠲᠤ᠌ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 1.3% ᠪᠡᠷ ᠨᠡᠮᠡᠭᠳᠡᠨ᠂ ᠰᠠᠭᠤᠭᠠᠯᠢ ᠠᠷᠠᠳ ᠤ᠋ᠨ ᠬᠦᠮᠦᠨ ᠳᠤᠮᠳᠠᠴᠢ ᠶ᠋ᠢᠨ ᠡᠵᠡᠮᠳᠡᠵᠦ ᠪᠤᠯᠬᠤ ᠤᠷᠤᠯᠭ᠎ᠠ 21123 ᠲᠦᠭᠦᠷᠢᠭ ᠲᠤ᠌ ᠬᠦᠷᠴᠤ ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 5.4% ᠪᠡᠷ ᠨᠡᠮᠡᠭᠳᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号