ᠠᠷᠠᠳ᠎ᠤᠨ ᠶᠠᠪᠤᠳᠠᠯ᠎ᠤᠨ ᠶᠠᠮᠤᠨ ᠪᠥᠬᠥ᠌ ᠤᠯᠤᠰ᠎ᠤᠨ ᠠᠩᠬᠠᠳᠠᠭᠴᠢ ᠪᠦᠯᠦᠭ ᠬᠤᠷᠢᠮ ᠪᠡᠯᠪᠡᠰᠦᠷᠡᠯ᠎ᠦᠨ ᠵᠠᠩᠰᠢᠯ ᠲᠠᠳᠬᠠᠯ ᠎ᠤᠨ ᠥᠭᠡᠷᠡᠴᠢᠯᠡᠯᠲᠡ ᠎ᠶᠢᠨ ᠨᠡᠶ᠋ᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠶ᠋ᠢᠲᠡᠯᠡᠪᠡ
2026-07-25 12:47:40
ᠵᠣᠬᠢᠶᠠᠭ᠍ᠴᠢ᠄
ᠵᠤ᠌ ᠭᠤᠤ ᠰᠢᠶᠠᠩ ᠵᠥᠩ ᠶᠤᠸᠠᠢ ᠭᠸ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 21 ᠎ᠤ᠋ ᠡᠳᠦᠷ᠂ ᠠᠷᠠᠳ ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ 《ᠪᠥᠬᠥ᠌ ᠤᠯᠤᠰ᠎ᠤᠨ ᠠᠩᠬᠠᠳᠠᠭᠴᠢ ᠪᠦᠯᠦᠭ ᠬᠤᠷᠢᠮ ᠪᠡᠯᠪᠡᠰᠦᠷᠡᠯ᠎ᠦᠨ ᠵᠠᠩᠰᠢᠯ ᠲᠠᠳᠬᠠᠯ᠎ᠤᠨ ᠥᠭᠡᠷᠡᠴᠢᠯᠡᠯᠲᠡ᠎ᠶᠢᠨ ᠨᠡᠶ᠋ᠢᠲᠡᠯᠢᠭ ᠬᠡᠷᠡᠭ᠎ᠦᠨ ᠵᠢᠱ᠌ᠢᠶ᠎ᠡ》 ᠵᠢ ᠨᠡᠶ᠋ᠢᠲᠡᠯᠡᠵᠦ᠍᠂ ᠪᠥᠬᠥ᠌ ᠤᠯᠤᠰ᠎ᠤᠨ 20 ᠭᠠᠵᠠᠷ ᠤᠷᠤᠨ ᠎ᠤ ᠦᠢᠯᠡᠳᠦᠯᠭᠡ᠎ᠶᠢᠨ ᠠᠷᠭ᠎ᠠ ᠬᠢᠳᠡᠯ ᠎ᠢ ᠬᠠᠮᠤᠷᠴᠤ᠌᠂ ᠡᠯ᠎ᠡ ᠭᠠᠵᠠᠷ᠎ᠤᠨ ᠬᠤᠷᠢᠮ ᠪᠡᠯᠪᠡᠰᠦᠷᠡᠯ ᠎ᠦᠨ ᠵᠠᠩ ᠦᠢᠯᠡ ᠵᠢᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ᠌᠎ᠳᠦ ᠯᠠᠪᠯᠠᠯᠲᠠ ᠪᠣᠯᠭᠠᠵᠤ ᠪᠣᠯᠬᠤ ᠥᠯᠢᠭᠡᠷ ᠳᠠᠭᠤᠷᠢᠶᠠᠯ ᠬᠠᠩᠭᠠᠬᠤ ᠪᠣᠯᠤᠨ᠎ᠠ᠃

ᠾᠧᠪᠧᠶ ᠮᠤᠵᠢ᠎ᠶᠢᠨ ᠾᠧ ᠵᠢᠶᠠᠨ ᠬᠣᠲᠠ᠎ᠶᠢᠨ ᠣᠷᠣᠭ ᠬᠤᠷᠢᠮ᠎ᠤᠨ ᠵᠠᠩᠰᠢᠯ ᠲᠠᠳᠬᠠᠯ᠎ᠤᠨ ᠥᠭᠡᠷᠡᠴᠢᠯᠡᠯᠲᠡ᠎ᠶᠢᠨ ᠬᠡᠷᠡᠭ ᠎ᠦᠨ ᠵᠢᠱ᠌ᠢᠶ᠎ᠡ᠎ᠳᠦ᠂ ᠲᠤᠬᠠᠶ᠎ᠶᠢᠨ ᠭᠠᠵᠠᠷ᠎ᠤᠨ᠎ᠬᠢᠨ ᠦᠨᠳᠦᠰᠦᠨ ᠱᠠᠲᠤᠨ᠎ᠤ ᠬᠠᠮᠲᠤ ᠎ᠶᠢᠨ ᠵᠠᠰᠠᠯᠲᠠ᠎ᠪᠠᠷ ᠰᠠᠭᠤᠷᠢ ᠪᠣᠯᠭᠠᠵᠤ᠂ ᠬᠣᠲᠠ᠂ ᠰᠢᠶᠠᠩ᠂ ᠲᠣᠰᠬᠣᠨ ᠭᠤᠷᠪᠠᠨ ᠱᠠᠲᠤᠨ ᠎ᠤ ᠣᠷᠣᠭ ᠬᠤᠷᠢᠮ᠎ᠤᠨ ᠵᠠᠩᠰᠢᠯ ᠲᠠᠳᠬᠠᠯ᠎ᠤᠨ ᠥᠭᠡᠷᠡᠴᠢᠯᠡᠯᠲᠡ᠎ᠶᠢᠨ ᠬᠣᠯᠪᠣᠭᠠᠯᠠᠨ ᠬᠥᠳᠡᠯᠦᠯᠴᠡᠬᠦ᠌ ᠲᠠᠪᠴᠠᠩ᠎ᠢ ᠪᠠᠶ᠋ᠢᠭᠤᠯᠵᠤ᠂ ᠪᠥᠬᠥ᠌ ᠬᠣᠲᠠ᠎ᠶᠢᠨ 639 ᠲᠣᠰᠬᠣᠨ (ᠨᠡᠶ᠋ᠢᠭᠡᠮ ᠲᠣᠭᠣᠷᠢᠭ) ᠢ᠋ ᠵᠢᠭᠠᠨ ᠵᠢᠯᠣᠭᠣᠳᠴᠤ᠌ ᠪᠠᠶ᠋ᠢᠭᠠᠳ《ᠣᠷᠣᠭ ᠬᠤᠷᠢᠮ᠎ᠤᠨ ᠶᠠᠪᠤᠳᠠᠯ᠎ᠢ ᠰᠢᠨ᠎ᠡ᠎ᠪᠡᠷ ᠭᠦᠢᠴᠡᠳᠬᠡᠬᠦ ᠎ᠳᠦ ᠶᠡᠬᠡ ᠬᠡᠮᠵᠢᠶᠡᠨ᠎ᠤ ᠪᠣᠭᠲᠣᠯᠠᠬᠤ ᠪᠡᠯᠡᠭ᠎ᠢ ᠬᠢᠵᠠᠭᠠᠷᠯᠠᠵᠤ᠂ ᠪᠣᠭᠲᠣᠯᠠᠬᠤ ᠪᠡᠯᠡᠭ ᠥᠬᠡᠶ ᠪᠠᠶ᠋ᠢᠬᠤ᠎ᠶᠢ ᠵᠣᠷᠢᠭᠵᠢᠭᠤᠯᠬᠤ》 ᠵᠢ ᠲᠣᠰᠬᠣᠨ᠎ᠤ ᠲᠦᠷᠢᠮ ᠠᠷᠠᠳ ᠎ᠤᠨ ᠭᠡᠷ᠎ᠡ᠎ᠳᠦ ᠪᠢᠴᠢᠵᠦ᠍ ᠣᠷᠣᠭᠤᠯᠪᠠ; ᠢᠨᠠᠭᠯᠠᠬᠤ᠂  ᠣᠷᠣᠭᠯᠠᠬᠤ᠂ ᠤᠷᠤᠭᠯᠠᠭᠰᠠᠨ᠎ᠤ ᠲᠠᠷᠠᠭᠠᠬᠢ ᠠᠮᠢᠳᠤᠷᠠᠯ᠎ᠢ ᠬᠠᠮᠤᠷᠤᠭᠰᠠᠨ ᠪᠥᠬᠥ᠌ ᠦᠶᠡᠯᠡᠯ᠎ᠦᠨ ᠦᠢᠯᠡᠴᠢᠯᠡᠭᠡ᠎ᠶᠢ ᠪᠣᠶ ᠪᠣᠯᠭᠠᠨ᠎ᠠ; ᠣᠯᠠᠨ ᠡᠰᠢᠲᠦ᠍ ᠠᠷᠠᠳ᠎ᠲᠤ᠌ ᠠᠰᠢᠭ ᠬᠦᠷᠲᠡᠭᠡᠬᠦ᠌ ᠠᠵᠢᠯᠯᠠᠭ᠎ᠠ᠎ᠪᠠᠷ ᠵᠠᠭᠤᠴᠢ ᠪᠣᠯᠭᠠᠵᠤ᠂ ᠣᠷᠣᠭ ᠬᠤᠷᠢᠮ᠎ᠤᠨ  《ᠣᠶᠤᠨ ᠰᠠᠨᠠᠭᠠᠨ᠎ᠤ ᠴᠥᠮ᠎ᠡ》 ᠵᠢ ᠳᠠᠬᠢᠨ ᠱᠤᠭᠤᠨ᠎ᠠ᠃ ᠣᠳᠣᠬᠠᠨ᠎ᠳᠤ᠂ ᠲᠤᠬᠠᠶ᠎ᠶᠢᠨ ᠭᠠᠵᠠᠷ᠎ᠤᠨ 《ᠪᠣᠭᠲᠣᠯᠠᠬᠤ ᠪᠡᠯᠡᠭ ᠪᠠᠭ᠎ᠠ᠂ ᠪᠣᠭᠲᠣᠯᠠᠬᠤ ᠪᠡᠯᠡᠭ ᠦᠭᠡᠢ》 ᠪᠠᠢᠳᠠᠯ ᠨᠢᠭᠡᠨᠲᠡ ᠭᠤᠤᠯ ᠤᠷᠤᠰᠬᠠᠯ ᠪᠣᠯᠵᠣ᠂ ᠬᠤᠷᠢᠮ ᠨᠠᠶ᠋ᠢᠷ᠎ᠤᠨ ᠳᠤᠮᠳᠠᠴᠢ ᠵᠠᠷᠤᠳᠠᠯ 60 % ᠎ᠡᠴᠡ ᠳᠡᠭᠡᠭᠰᠢ ᠪᠠᠭᠤᠷᠠᠪᠠ᠃

ᠵᠧᠵᠢᠶᠠᠩ ᠮᠤᠵᠢ᠎ᠶᠢᠨ ᠵᠢᠶᠠᠨ ᠳᠧ ᠬᠣᠲᠠ᠎ᠶᠢᠨ ᠣᠷᠣᠰᠢᠭᠤᠯᠭ᠎ᠠ᠎ᠶᠢᠨ ᠵᠠᠨᠭᠰᠢᠯ ᠲᠠᠳᠬᠠᠯ᠎ᠢ ᠦᠭᠡᠷᠡᠴᠢᠯᠡᠬᠦ ᠬᠡᠷᠡᠭ᠎ᠦᠨ ᠵᠢᠱ᠌ᠢᠶ᠎ᠡ᠎ᠳᠦ᠂ ᠲᠤᠬᠠᠶ᠎ᠶᠢᠨ ᠭᠠᠵᠠᠷ᠎ᠤᠨ᠎ᠬᠢᠨ ᠣᠷᠣᠰᠢᠭᠤᠯᠭ᠎ᠠ᠎ᠶᠢᠨ ᠬᠦᠷᠢᠶᠡᠨ᠎ᠳᠡᠬᠢ ᠲᠣᠪᠣᠶ᠋ᠢᠮ᠎ᠠ ᠠᠰᠠᠭᠤᠳᠠᠯ ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠤᠨ ᠣᠷᠣᠰᠢᠭᠤᠯᠭ᠎ᠠ᠎ᠶᠢᠨ ᠠᠵᠢᠯ ᠬᠢᠭᠰᠡᠳ ᠎ᠦᠨ ᠡᠨᠡ ᠬᠦ᠌ ᠵᠠᠩᠭᠢᠯᠠᠭ᠎ᠠ᠎ᠶᠢᠨ ᠬᠦᠮᠦᠰ᠎ᠢ ᠴᠢᠩᠭ᠎ᠠ ᠡᠵᠡᠮᠳᠡᠨ᠂ 《ᠨᠠᠰᠤ ᠪᠠᠷᠠᠬᠤ᠂ ᠴᠢᠨᠳᠠᠷ᠂ ᠣᠷᠣᠰᠢᠭᠤᠯᠭ᠎ᠠ᠂ ᠲᠠᠬᠢᠯᠭ᠎ᠠ》 ᠵᠢᠨ ᠪᠥᠬᠥ᠌ ᠶᠠᠪᠤᠴᠠ᠎ᠶᠢᠨ ᠲᠣᠭᠣᠷᠢᠨ᠎ᠳᠤ᠂ ᠵᠧᠵᠢᠶᠠᠩ ᠮᠤᠵᠢ᠎ᠶᠢᠨ ᠲᠣᠭᠠᠴᠢᠯᠠᠭᠰᠠᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ 2.0 ᠪᠣᠯᠤ ᠨ 《ᠵᠧ ᠯᠢ ᠱᠢ ᠠᠨ》 ᠲᠠᠪᠴᠠᠩ᠎ᠳᠤ ᠲᠦᠰᠢᠭᠯᠡᠨ᠂ 《ᠲᠣᠭᠠᠴᠢᠯᠠᠭᠰᠠᠨ ᠤᠶᠤᠨᠳᠤ ᠣᠷᠣᠰᠢᠭᠤᠯᠭ᠎ᠠ᠎ᠶᠢᠨ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ》 ᠵᠢᠨ ᠲᠠᠪᠴᠠᠩ ᠎ᠢ ᠰᠢᠨ᠎ᠡ᠎ᠪᠡᠷ ᠡᠭᠦᠳᠦᠨ ᠪᠠᠶ᠋ᠢᠭᠤᠯᠵᠤ᠂  ᠬᠣᠶ᠋ᠢᠨᠠᠬᠢ ᠶᠠᠪᠤᠳᠠᠯ᠎ᠢ 《ᠨᠢᠭᠡ ᠯᠡ ᠤᠳᠠᠭ᠎ᠠ᠎ᠳᠦ ᠭᠦᠢᠴᠡᠳᠬᠡᠬᠦ᠌》᠂ ᠥᠪ ᠬᠥᠷᠥᠩᠭᠡ᠎ᠶᠢ ᠪᠠᠶ᠋ᠢᠴᠠᠭᠠᠨ ᠯᠠᠪᠯᠠᠬᠤ᠎ᠳᠤ 《ᠨᠢᠭᠡ ᠯᠡ ᠳᠠᠷᠤᠪᠴᠢ ᠪᠠᠷ ᠨᠡᠪᠲᠡᠷᠡᠭᠦᠯᠬᠦ᠌》᠂ ᠪᠣᠯᠪᠠᠰᠤᠨ ᠣᠷᠣᠰᠢᠭᠤᠯᠭ᠎ᠠ᠎ᠶᠢ 《ᠨᠢᠭᠡ ᠴᠣᠭᠴᠠᠵᠢᠭᠤᠯᠤᠨ ᠬᠠᠮᠢᠶᠠᠷᠬᠤ》 ᠵᠢ ᠪᠡᠶᠡᠯᠡᠭᠦᠯᠪᠡ᠃

ᠡᠳᠡᠭᠡᠷ ᠬᠡᠷᠡᠭ᠎ᠦᠨ ᠵᠢᠱ᠌ᠢᠢ᠎ᠡ᠎ᠳᠦ ᠪᠠᠰᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭᠠᠨ ᠠᠶ᠋ᠢᠮᠠᠭ᠎ᠤᠨ ᠤᠯᠠᠭᠠᠨᠬᠣᠲᠠ᠂ ᠬᠠᠷᠠᠮᠥᠢ᠍ᠷᠡᠨ ᠮᠤᠵᠢ᠎ᠶᠢᠨ ᠴᠢᠴᠢᠬᠠᠷ ᠬᠤᠳᠠ᠎ᠶᠢᠨ ᠺᠸ ᠱᠠᠨ ᠰᠢᠶᠠᠨ᠂ ᠠᠨᠾᠦᠢ᠍ᠢ ᠮᠤᠵᠢ᠎ᠶᠢᠨ ᠪᠸᠩ ᠪᠦ᠋ ᠬᠤᠳᠠ᠎ᠶᠢᠨ ᠬᠤᠸᠠᠢ ᠶᠤᠸᠠᠨ ᠰᠢᠶᠠᠨ᠂ ᠱᠠᠨᠳᠦ᠋ᠩ ᠮᠤᠵᠢ᠎ᠶᠢᠨ ᠶᠠᠨᠲ᠋ᠠᠢ ᠵᠢᠨ ᠠᠵᠤ ᠠᠬᠤᠢ ᠮᠡᠷᠭᠡᠵᠢᠯ᠎ᠦᠨ ᠨᠡᠬᠡᠬᠡᠯᠳᠡ᠎ᠶᠢᠨ ᠣᠷᠣᠨ᠂ ᠭᠤᠸᠠᠩᠰᠢ᠎ᠶᠢᠨ ᠵᠤᠸᠠᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠨᠠᠨᠨᠢᠩ ᠬᠤᠳᠠ᠎ᠶᠢᠨ ᠰᠢ ᠰᠢᠶᠠᠩ ᠲᠠᠩ ᠲᠣᠭᠣᠷᠢᠭ᠂ ᠴᠦᠩᠴᠢᠩ ᠬᠤᠳᠠ᠎ᠶᠢᠨ ᠳ᠋ᠠᠽᠦ᠋ ᠲᠣᠭᠣᠷᠢᠭ᠂ ᠰᠸᠴᠤᠸᠠᠨ ᠮᠤᠵᠢ᠎ᠶᠢᠨ ᠳ᠋ᠠ ᠵᠸᠤ ᠬᠤᠳᠠ᠎ᠶᠢᠨ ᠰᠢᠤᠸᠠᠨ ᠬᠠᠨ ᠰᠢᠶᠠᠨ᠂ ᠭᠠᠨᠰᠦ ᠮᠤᠵᠢ᠎ᠶᠢᠨ ᠫᠢᠩ ᠯᠢᠶᠠᠩ ᠬᠤᠳᠠ᠎ᠶᠢᠨ ᠯᠢᠩ ᠲᠠᠢ ᠰᠢᠶᠠᠨ᠂ ᠪᠡᠭᠡᠵᠢᠩ ᠬᠤᠳᠠ᠎ᠶᠢᠨ ᠳ᠋ᠠ ᠰᠢᠩ ᠲᠣᠭᠣᠷᠢᠭ ᠵᠡᠷᠭᠡ ᠭᠠᠵᠠᠷ᠎ᠤᠨ ᠤᠯᠠᠨ ᠡᠰᠢᠴᠢᠯᠡᠭᠰᠡᠨ ᠦᠢᠯᠡᠳᠦᠯᠭᠡ᠎ᠶᠢ ᠪᠠᠭᠲᠠᠭᠠᠵᠠᠢ᠃

ᠠᠷᠠᠳ᠎ᠤᠨ ᠶᠠᠪᠤᠳᠠᠯ᠎ᠤᠨ ᠶᠠᠮᠤᠨ ᠡᠴᠡ᠂ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠡᠶ᠋ᠢᠲᠡᠯᠢᠭ ᠬᠡᠷᠡᠭ᠎ᠦᠨ ᠵᠢᠱ᠌ᠢᠶ᠎ᠡ᠎ᠶᠢᠨ ᠲᠤᠷᠰᠢᠯᠭ᠎ᠠ ᠠᠷᠭ᠎ᠠ ᠬᠢᠳᠡᠯ᠎ᠢ ᠨᠠᠷᠢᠨ ᠬᠢᠨᠠᠮᠠᠭᠠᠶ ᠰᠤᠷᠤᠯᠴᠠᠨ ᠲᠣᠯᠢ ᠪᠤᠯᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠷᠠᠳ᠎ᠤᠨ ᠶᠠᠪᠤᠳᠠᠯ ᠎ᠤᠨ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢᠨ ᠬᠠᠷᠠᠯᠲᠠ᠎ᠲᠠᠶ ᠤᠶᠠᠯᠳᠤᠭᠤᠯᠤᠨ᠂ ᠨᠡᠶ᠋ᠢᠭᠡᠮ ᠎ᠦᠨ ᠬᠡᠷᠡᠭ ᠶᠠᠪᠤᠳᠠᠯ᠎ᠤᠨ ᠠᠵᠢᠯ᠎ᠤᠨ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠍᠂ ᠵᠠᠩᠰᠢᠯ ᠲᠠᠳᠬᠠᠯ᠎ᠢ ᠥᠭᠡᠷᠡᠴᠢᠯᠡᠬᠦ᠌᠎ᠶᠢ ᠦᠷᠭᠦᠯᠵᠢᠯᠡᠨ ᠠᠬᠢᠭᠤᠯᠵᠤ᠂ ᠠᠷᠠᠳ ᠣᠯᠠᠨ ᠎ᠤ ᠬᠦᠷᠲᠡᠮᠵᠢ ᠎ᠶᠢᠨ ᠲᠥᠷᠥᠭᠳᠡᠯ᠂ ᠵᠢᠷᠭᠠᠯᠲᠤ᠌ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ ᠎ᠢ ᠦᠨᠡᠨ ᠬᠦ᠌ ᠨᠡᠮᠡᠭᠳᠡᠭᠦᠯᠬᠦ᠌ ᠬᠡᠷᠡᠭᠲᠡᠶ ᠭᠡᠵᠦ᠍ ᠱᠠᠭᠠᠷᠳᠠᠪᠠ᠃

ᠰᠢᠨᠬᠤᠸᠠ ᠬᠤᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 21 ᠎ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号